ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/2
     2 ᠰᠠᠷ᠎ᠠ ᠶᠢᠨ 27  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠠᠢ᠃ᠳᠠᠷᠠᠭ᠎ᠠ ᠳᠤᠨᠢ᠂ ᠬᠡᠰᠡᠭ ᠭᠤᠣᠯ ᠳᠤᠭᠤᠶᠢᠯᠠᠩ ᠤᠨ ᠪᠦᠷᠢᠯᠳᠦᠭᠦᠨ ᠲᠤᠰ ᠲᠤᠰ ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ᠂ ᠦᠵᠡᠯ ᠰᠠᠨᠠᠭ᠎ᠠ ᠪᠣᠯᠣᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠵᠤ ᠰᠣᠯᠢᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ  ᠤ ᠵᠣᠷᠢᠭ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠬᠡᠵᠦ᠂ ᠵᠣᠷᠢᠭ ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ ᠦᠨᠡᠨᠬᠦ ᠨᠢᠭᠡᠳᠬᠡᠬᠦ ᠬᠡᠷᠡᠭᠲᠡᠢ︔ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ᠂ ᠴᠢᠬᠤᠯᠠ ᠶᠡᠭᠡ ᠵᠠᠷᠴᠢᠮ ᠢ ᠪᠦᠬᠦ ᠲᠠᠯ᠎ᠠ ᠪᠠᠷ ᠡᠵᠡᠮᠳᠡᠵᠦ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠴᠦᠸᠠᠨ ᠤ ᠦᠢᠯᠡᠳᠦᠯᠭᠡ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ᠪᠦᠬᠦ ᠰᠢᠶᠠᠨ ᠢᠶᠠᠷ ᠢᠶᠠᠨ ᠲᠡᠷᠢᠭᠦᠨ ᠴᠢᠬᠤᠯᠠ ᠶᠠᠪᠤᠳᠠᠯ ᠢ ᠴᠢᠩᠭ᠎ᠠ ᠠᠳᠬᠤᠵᠤ᠂ ᠴᠢᠬᠤᠯᠠ ᠶᠡᠭᠡ ᠠᠵᠠ ᠲᠣᠬᠢᠶᠠᠯ ᠪᠣᠯᠣᠨ ᠲᠦᠷᠦ ᠶᠢᠨ ᠪᠣᠳᠣᠯᠭ᠎ᠠ ᠶᠢᠨ ᠠᠰᠢᠭᠲᠠᠢ ᠪᠠᠶᠢᠬᠤ ᠶᠢ ᠠᠮᠵᠢᠨ ᠰᠠᠶᠢᠲᠤᠷ ᠠᠳᠬᠤᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠠᠬᠢᠭᠤᠯᠵᠤ᠂ ᠬᠠᠮᠠᠭᠠᠯᠠᠬᠤ᠂ ᠬᠥᠭᠵᠢᠭᠦᠯᠬᠦ᠂ ᠴᠢᠨᠡᠭᠡᠯᠢᠭᠵᠢᠭᠦᠯᠬᠦ︽ᠭᠤᠷᠪᠠᠨ ᠠᠵᠢᠯ︾ ᠢ ᠰᠠᠶᠢᠲᠤᠷ ᠬᠢᠵᠦ᠂ ︽ᠲᠦᠷᠪᠡᠨ ᠠᠵᠤ ᠦᠢᠯᠡᠰ ᠤᠨ ᠰᠠᠭᠤᠷᠢᠨ︾ ᠢ ᠴᠣᠭᠴᠠᠯᠠᠵᠤ᠂ ᠠᠵᠤ ᠠᠬᠤᠢ ᠶᠢ ᠬᠥᠭᠵᠢᠭᠦᠯᠬᠦ ᠡᠨᠡᠬᠦ ᠬᠠᠮᠤᠭ ᠤᠨ ᠶᠡᠭᠡ ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠠᠮᠤᠷ ᠲᠦᠪᠰᠢᠨ ᠲᠣᠭᠲᠠᠭᠤᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ︔ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠠᠳᠬᠤᠬᠤ ᠶᠢᠨ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠴᠣᠭᠴᠠᠯᠠᠬᠤ ᠬᠡᠷᠡᠭᠲᠡᠢ︔ᠪᠠᠶᠢᠩᠭᠤᠵᠢᠭᠤᠯᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠵᠦ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠪᠠ ᠬᠠᠤᠯᠢ ᠬᠡᠷᠡᠭᠵᠢᠭᠦᠯᠬᠦ ᠬᠦᠴᠦᠨ ᠢ ᠪᠦᠷᠢᠨ ᠭᠦᠢᠴᠡᠳ ᠲᠣᠬᠢᠷᠠᠭᠤᠯᠤᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠂ ᠠᠮᠤᠷ ᠲᠦᠪᠰᠢᠨ ᠤ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠰᠠᠶᠢᠲᠤᠷ ᠰᠠᠬᠢᠬᠤ ᠬᠡᠷᠡᠭᠲᠡᠢ᠃ᠪᠦᠬᠦ ᠰᠢᠶᠠᠨ ᠢᠶᠠᠷ ᠢᠶᠠᠨ ᠰᠤᠷᠲᠠᠯ ᠤᠨ ᠪᠠᠶᠢᠭᠤᠯᠤᠯᠲᠠ ᠪᠠᠨ ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠢ ᠵᠣᠷᠢᠭᠵᠢᠭᠤᠯᠵᠤ᠂ ᠠᠵᠢᠯ ᠬᠢᠵᠦ ᠦᠢᠯᠡᠰ ᠪᠣᠰᠬᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠭᠤᠣᠯᠳᠠᠯᠭ᠎ᠠ ᠶᠢᠨ ᠲᠣᠭᠤᠷᠢᠨ ᠳᠤ ᠨᠠᠶᠢᠳᠠᠪᠤᠷᠢᠵᠢᠭᠤᠯᠤᠯᠲᠠ ᠶᠢ ᠲᠦᠷᠭᠡᠨ ᠠᠳᠬᠤᠵᠤ᠂ ᠰᠢᠮᠳᠠᠨ ᠰᠤᠷᠤᠯᠴᠠᠵᠤ ᠳᠦᠷᠢ ᠳᠤ ᠣᠷᠣᠵᠤ᠂ ᠬᠢᠨᠠᠯᠲᠠ ᠲᠠᠯᠪᠢᠵᠤ ᠬᠢᠨᠠᠨ ᠰᠢᠯᠭᠠᠬᠤ ᠶᠢ ᠦᠷᠭᠦᠯᠵᠢᠯᠡᠨ ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠴᠦᠸᠠᠨ ᠤ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号