ᠦᠴᠦᠸᠠᠨ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 86 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ‌‍ᠲ᠋ᠤᠭᠤᠰᠢᠯᠠᠭᠤᠯᠪᠠ  ᠶᠠᠩ ᠰᠢᠩ ᠱᠧᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2023/3/2
    2 ᠰᠠᠷ᠎ᠠ ᠶᠢᠨ 28 ᠤ ᠡᠳᠦᠷ᠂ ᠦᠴᠦᠸᠠᠨ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 86 ᠳ᠋ᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠪᠠᠷ ᠲᠥᠪ ᠬᠤᠷᠢᠶ᠎ᠠ ᠳᠤ ᠣᠷᠣᠭᠰᠠᠨ ᠭᠡᠰᠢᠭᠦᠨ᠂ ᠣᠷᠣᠯᠠᠭᠴᠢ ᠭᠡᠰᠢᠭᠦᠨ ᠪᠣᠯᠣᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠬᠤᠷᠠᠯ ᠢ ᠡᠷᠬᠢᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠰᠢᠶᠠᠨ ᠢᠶᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠪᠠᠷ ᠲᠥᠪ ᠬᠤᠷᠢᠶᠠᠨ ᠳᠤ ᠣᠷᠣᠭᠰᠠᠨ ᠭᠡᠰᠢᠭᠦᠨ᠂ ᠣᠷᠣᠯᠠᠭᠴᠢ ᠭᠡᠰᠢᠭᠦᠨ ᠪᠣᠯᠣᠨ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ ᠺᠠᠳ᠋ᠷ ᠤᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠬᠡᠷᠡᠭᠲᠡᠢ᠃ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠦᠨᠡᠨᠬᠦ ᠨᠢᠭᠡᠳᠬᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠭᠤᠯᠤᠭᠳᠠᠬᠤᠨ ᠤ ᠮᠥᠨ ᠴᠢᠨᠠᠷ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠵᠥᠪ ᠣᠶᠢᠯᠠᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠴᠦᠸᠠᠨ ᠰᠢᠶᠠᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠬᠠᠮᠠᠭᠠᠯᠠᠬᠤ᠂ ᠬᠥᠭᠵᠢᠭᠦᠯᠬᠦ᠂ ᠴᠢᠨᠡᠭᠡᠯᠢᠭᠵᠢᠭᠦᠯᠬᠦ ᠭᠤᠷᠪᠠᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠷᠠᠳ ᠢ ᠪᠠᠶᠠᠵᠢᠭᠤᠯᠬᠤ ᠪᠠ ᠰᠢᠶᠠᠨ ᠢ ᠬᠦᠴᠦᠷᠬᠡᠭᠵᠢᠭᠦᠯᠬᠦ ᠬᠤᠶᠠᠷ ᠲᠠᠯ᠎ᠠ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ︽ᠲᠦᠷᠪᠡᠨ ᠠᠵᠤ ᠦᠢᠯᠡᠰ ᠤᠨ ᠰᠠᠭᠤᠷᠢᠨ︾  ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠠᠵᠤ ᠦᠢᠯᠡᠰ ᠢᠶᠠᠷ ᠰᠢᠶᠠᠨ ᠤ ᠬᠡᠪᠴᠢᠶᠡᠨ ᠤ ᠠᠵᠤ ᠠᠬᠤᠢ ᠶᠢᠨ ᠪᠣᠳᠠᠲᠤ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠵᠤ᠂ ᠡᠭᠦᠨ ᠤ ᠤᠯᠠᠮ ᠢᠶᠠᠷ ︽ᠵᠢᠷᠭᠤᠭᠠᠨ ᠰᠢᠨ᠎ᠡ ᠦᠴᠦᠸᠠᠨ︾  ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠪᠠᠶᠢᠳᠠᠯ ᠳᠠᠭᠠᠨ ᠰᠠᠭᠤᠷᠢᠯᠠᠵᠤ᠂ ᠤᠷᠢᠳᠴᠢᠯᠠᠨ ᠲᠥᠯᠥᠪᠵᠢᠭᠦᠯᠵᠦ᠂ ᠡᠷᠲᠡ ᠠᠴᠠ ᠪᠡᠯᠡᠳᠬᠡᠯ ᠬᠢᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠥᠨᠳᠥᠷ ᠪᠦᠲᠦᠮᠵᠢᠲᠡᠢ ᠰᠠᠶᠢᠲᠤᠷ ᠬᠢᠵᠦ᠂ ᠡᠨᠡ ᠵᠢᠯ ᠤᠨ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠪᠣᠯᠣᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢᠨ ᠲᠥᠯᠥᠭᠡ ᠰᠠᠶᠢᠨ ᠡᠬᠢᠯᠡᠯᠲᠡ ᠲᠠᠢ ᠰᠠᠶᠢᠨ ᠤᠷᠤᠭᠰᠢᠯᠠᠬᠤ ᠬᠡᠷᠡᠭᠲᠡᠢ᠃ᠡᠭᠦᠨ ᠤ ᠬᠠᠮᠲᠤ ᠢᠮᠠᠭᠲᠠ ᠨᠠᠮ ᠪᠣᠯᠣᠨ ᠠᠷᠠᠳ ᠲᠦᠮᠡᠨ ᠳᠤ ᠲᠤᠶᠢᠯ ᠢᠶᠠᠷ ᠬᠠᠷᠢᠭᠤᠴᠠᠬᠤ ᠣᠪᠣᠷ ᠢᠶᠠᠷ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠬᠡᠷᠡᠭᠲᠡᠢ ᠭᠡᠪᠡ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠵᠣᠬᠢᠶᠠᠨ ᠪᠠᠶᠢᠭᠤᠯᠬᠤ ᠰᠠᠶᠢᠳ ᠨᠠᠷ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠤᠬᠠᠭᠤᠯᠬᠤ ᠰᠠᠶᠢᠳ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠮᠠᠨ ᠤ ᠰᠢᠶᠠᠨ ᠤ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ ᠲᠠᠢ᠂ ᠲᠣᠭᠲᠠᠭᠤᠨ ᠡᠭᠦᠳᠡ ᠲᠠᠢ︾ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠡᠷᠡᠴᠢᠯᠡᠨ ᠳᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠵᠤ᠂ ᠰᠢᠶᠠᠨ ᠤ ᠨᠠᠮ ᠤᠨ ᠬᠤᠷᠢᠶ᠎ᠠ ᠶᠢᠨ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠪᠣᠯᠣᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠴᠢᠩᠭ᠎ᠠ ᠠᠩᠬᠠᠷᠴᠤ᠂ ᠴᠢᠨᠠᠭᠰᠢᠳᠠ ᠦᠵᠡᠯ ᠰᠠᠨᠠᠭ᠎ᠠ ᠪᠠᠨ ᠴᠢᠯᠦᠭᠡᠯᠡᠵᠦ᠂ ᠴᠤᠭ ᠰᠦᠯᠳᠡ ᠪᠠᠨ ᠪᠠᠳᠠᠷᠠᠭᠤᠯᠵᠤ᠂ ᠭᠤᠣᠯᠳᠠᠯᠭ᠎ᠠ ᠶᠢ ᠲᠤᠪᠤᠶᠢᠯᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠰᠢᠨᠲᠠᠷᠠᠰᠢ ᠦᠭᠡᠢ ᠪᠠᠷᠢᠮᠲᠠᠯᠠᠯ ᠢᠶᠠᠷ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ︽ᠰᠠᠶᠢᠨ ᠡᠬᠢᠯᠡᠯᠲᠡ ᠲᠠᠢ᠂ ᠯᠠᠪᠳᠠᠭᠤᠨ ᠲᠣᠭᠲᠠᠭᠤᠨ︾ᠪᠠᠶᠢᠬᠤ ᠶᠢ ᠪᠠᠲᠤᠯᠠᠵᠤ᠂ ᠡᠭᠦᠨ ᠤ ᠤᠯᠠᠮ ᠢᠶᠠᠷ ᠦᠴᠦᠸᠠᠨ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠮᠠᠨ ᠤ ᠰᠢᠶᠠᠨ ᠤ︽ᠳᠦᠷᠪᠡᠨ ᠠᠵᠤ ᠦᠢᠯᠡᠰ ᠤᠨ ᠰᠠᠭᠤᠷᠢᠨ︾︾ ᠤ ᠬᠡᠷᠡᠭᠵᠢᠭᠦᠯᠬᠦ ᠲᠥᠰᠥᠯ ᠤᠨ ᠬᠤᠯᠪᠣᠭᠳᠠᠯ ᠪᠦᠬᠦᠢ ᠶᠠᠪᠤᠳᠠᠯ ᠢ ᠬᠢᠨᠠᠨ ᠵᠥᠪᠯᠡᠵᠡᠢ᠃
 
ᠢᠷᠡᠯᠲᠡ᠄ ᠦᠴᠦᠸᠠᠨ ᠰᠢᠶᠠᠨ ᠤ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号