ᠦᠴᠦᠸᠠᠨ ᠰᠢᠶᠠᠨ ᠤ ᠠᠵᠢᠯᠴᠢᠨ ᠤ ᠶᠡᠷᠦᠩᠬᠡᠢ ᠡᠪᠯᠡᠯ ︽ᠬᠠᠤᠯᠢ ᠶᠢ ᠬᠦᠨᠳᠦᠳᠬᠡᠵᠦ ᠬᠠᠤᠯᠢ ᠶᠢ ᠰᠠᠬᠢᠬᠤ · ᠭᠠᠷ ᠬᠤᠯᠪᠣᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠦᠢᠯᠡᠴᠢᠯᠡᠬᠦ ᠬᠠᠤᠯᠢ ᠳᠦᠷᠢᠮ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/2
     ᠰᠢᠨ᠎ᠡ ᠪᠠᠶᠢᠳᠠᠯ ᠤᠨ ᠳᠣᠣᠷᠠᠬᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠥᠷᠭᠡᠨ ᠣᠯᠠᠨ ᠠᠵᠢᠯᠲᠠᠨ ᠠᠵᠢᠯᠴᠢᠨ ᠲᠦᠮᠡᠨ ᠤ ᠬᠠᠤᠯᠢ ᠶᠢ ᠰᠤᠷᠤᠯᠴᠠᠵᠤ ᠬᠠᠤᠯᠢ ᠶᠢ ᠰᠠᠬᠢᠬᠤ ᠦᠵᠡᠯᠲᠡ ᠵᠢᠴᠢ ᠡᠷᠬᠡ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠬᠥᠯᠥᠰᠦᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠂ ᠬᠥᠳᠡᠯᠮᠦᠷᠢ ᠶᠢᠨ ᠬᠠᠷᠢᠴᠠᠭ᠎ᠠ ᠶᠢᠨ ᠡᠶ᠎ᠡ ᠵᠣᠬᠢᠴᠠᠯ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠠᠬᠢᠭᠤᠯᠬᠤ ᠶᠢᠨ ᠲᠤᠰᠠᠲᠠ᠂ ᠣᠶᠢᠷ᠎ᠠ ᠳᠤ᠂ ᠦᠴᠦᠸᠠᠨ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠶᠠᠨ ᠬᠥ᠋ ᠹᠠᠩ ᠪᠦᠯᠦᠭᠯᠡᠯ ︽ᠬᠠᠤᠯᠢ ᠶᠢ ᠬᠦᠨᠳᠦᠳᠬᠡᠵᠦ ᠬᠠᠤᠯᠢ ᠶᠢ ᠰᠠᠬᠢᠬᠤ · ᠭᠠᠷ ᠬᠤᠯᠪᠣᠨ ᠬᠦᠰᠡᠯ ᠵᠡᠭᠦᠳᠦ ᠪᠠᠨ ᠴᠣᠭᠴᠠᠯᠠᠬᠤ︾ ᠮᠠᠯᠴᠢᠨ ᠲᠠᠷᠢᠶᠠᠴᠢᠨ ᠬᠦᠴᠦ ᠶᠠᠪᠤᠭᠰᠠᠳ ᠳᠤ ᠦᠢᠯᠡᠴᠢᠯᠡᠬᠦ ᠬᠠᠤᠯᠢ ᠳᠦᠷᠢᠮ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠠᠵᠢᠯᠲᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠬᠥᠳᠡᠯᠮᠦᠷᠢ ᠬᠦᠴᠦᠨ ᠢ ᠬᠡᠷᠡᠭᠯᠡᠬᠦ᠂ ᠬᠥᠳᠡᠯᠮᠦᠷᠢ ᠶᠢᠨ ᠭᠡᠷ᠎ᠡ᠂ ᠬᠥᠳᠡᠯᠮᠦᠷᠢ ᠶᠢᠨ ᠡᠷᠬᠡ ᠪᠠᠨ ᠬᠠᠮᠠᠭᠠᠯᠠᠬᠤ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠤᠬᠠᠭᠤᠯᠪᠠ᠃ᠡᠭᠦᠨ ᠤ ᠬᠠᠮᠲᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ︽ᠠᠵᠢᠯᠴᠢᠨ ᠤ ᠡᠪᠯᠡᠯ ᠤᠨ ᠬᠠᠤᠯᠢ︾ ︽ᠠᠶᠤᠯᠭᠦᠢ ᠦᠢᠯᠡᠳᠪᠦᠷᠢᠯᠡᠯ ᠤᠨ ᠬᠠᠤᠯᠢ︾ ︽ᠬᠥᠳᠡᠯᠮᠦᠷᠢ ᠶᠢᠨ ᠭᠡᠷ᠎ᠡ ᠶᠢᠨ ᠬᠠᠤᠯᠢ︾ ︽ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠭᠬᠦ ᠶᠢ ᠪᠠᠲᠤᠯᠠᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠡᠪᠯᠡᠯ ᠤᠨ ᠬᠥᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠳᠦᠷᠢᠮ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 500 ᠭᠠᠷᠤᠢ ᠳᠡᠪᠲᠡᠷ ᠲᠠᠷᠬᠠᠭᠠᠵᠤ᠂ ᠲᠤᠬᠠᠢ ᠶᠢᠨ ᠲᠠᠯᠠᠪᠤᠷ ᠤᠨ ᠯᠠᠪᠯᠠᠯᠲᠠ ᠶᠢ 20 ᠭᠠᠷᠤᠢ ᠤᠳᠠᠭ᠎ᠠ ᠭᠥᠯᠢᠶᠡᠨ ᠠᠪᠤᠭᠰᠠᠨ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠶᠢ ᠭᠤᠣᠯᠳᠠᠭᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠪᠠᠶᠢᠩᠭᠤ ᠲᠣᠬᠢᠶᠠᠯᠳᠤᠳᠠᠭ ᠬᠥᠳᠡᠯᠮᠦᠷᠢ ᠶᠢᠨ ᠡᠷᠬᠡ ᠠᠰᠢᠭ᠂ ᠬᠥᠳᠡᠯᠮᠦᠷᠢ ᠶᠢᠨ ᠭᠡᠷ᠎ᠡ᠂ ᠴᠠᠯᠢᠩ ᠥᠭᠬᠦ᠂ ᠳᠠᠭᠠᠳᠬᠠᠯ ᠠᠰᠠᠷᠠᠮᠵᠢ᠂ ᠠᠶᠤᠯᠭᠦᠢ ᠦᠢᠯᠡᠳᠪᠦᠷᠢᠯᠡᠯ ᠵᠡᠷᠭᠡ ᠠᠰᠠᠭᠤᠳᠠᠯ ᠤᠨ ᠲᠣᠭᠤᠷᠢᠨ ᠳᠤ ᠤᠬᠠᠭᠤᠯᠪᠠ᠃ᠲᠤᠬᠠᠢ ᠶᠢᠨ ᠲᠠᠯᠠᠪᠤᠷ ᠲᠤ ᠪᠠᠶᠢᠭᠰᠠᠨ ᠬᠥᠮᠥᠰ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠨᠢ ᠮᠠᠰᠢ ᠶᠡᠭᠡ ᠠᠴᠢ ᠬᠤᠯᠪᠣᠭᠳᠠᠯ ᠲᠠᠢ ᠪᠠᠶᠢᠵᠤ᠂ ᠲᠡᠳᠡᠨ ᠳᠤ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠨᠢ ᠬᠠᠯᠳᠠᠯᠭ᠎ᠠ ᠳᠤ ᠤᠴᠠᠷᠠᠬᠤ ᠦᠶ᠎ᠡ ᠳᠤ ᠥᠪᠡᠷ ᠤᠨ ᠠᠰᠢᠭ ᠲᠤᠰᠠ ᠪᠠᠨ ᠬᠠᠮᠠᠭᠠᠯᠠᠬᠤ ᠶᠢ ᠲᠠᠨᠢᠭᠤᠯᠪᠠ᠃      ᠲᠣᠰ ᠤᠳᠠᠭᠠᠨ ᠤ ᠬᠠᠤᠯᠢ ᠳᠦᠷᠢᠮ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠪᠠᠷ ᠳᠠᠮᠵᠢᠭᠤᠯᠤᠨ᠂ ᠬᠠᠤᠯᠢ ᠳᠦᠷᠢᠮ ᠤᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠡᠷᠬᠡ ᠠᠰᠢᠭ ᠢ ᠬᠠᠮᠠᠭᠠᠯᠠᠬᠤ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠬᠥᠳᠡᠯᠮᠦᠷᠢ ᠶᠢᠨ ᠬᠠᠷᠢᠴᠠᠭ᠎ᠠ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠠᠬᠢᠭᠤᠯᠤᠨ᠂ ᠠᠵᠢᠯᠲᠠᠨ ᠠᠵᠢᠯᠴᠢᠨ ᠤ ᠳᠤᠮᠳᠠ ᠤᠬᠠᠮᠰᠠᠷ   ᠠᠴᠠ ᠪᠠᠨ ᠬᠠᠤᠯᠢ ᠶᠢ ᠰᠤᠷᠤᠯᠴᠠᠬᠤ᠂ ᠬᠠᠤᠯᠢ ᠶᠢ ᠮᠡᠳᠡᠬᠦ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠦᠴᠦᠸᠠᠨ ᠰᠢᠶᠠᠨ ᠤ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号