︵ᠰᠤᠷᠪᠤᠯᠵᠢᠯᠠᠭᠴᠢ ᠮᠢᠶᠣᠣ ᠴᠢᠩ ᠳᠠᠳᠤᠯᠭ᠎ᠠ ᠶᠢᠨ ᠰᠤᠷᠪᠤᠯᠵᠢᠯᠠᠭᠴᠢ ᠷᠦᠩ ᠬᠤᠩ ᠬᠤᠩ︶ 2 ᠳ᠋ᠤᠭᠠᠷ | ᠰᠠᠷ᠎ᠠ ᠶᠢᠨ 28 ᠤ ᠡᠳᠦᠷ᠂ ᠬᠤᠳᠠ ᠶᠢᠨ ᠰᠣᠨᠢᠨ ᠮᠡᠳᠡᠭᠡ ᠬᠡᠪᠯᠡᠯ ᠬᠡᠪᠯᠡᠯ ᠤᠨ ᠡᠷᠬᠡ ᠶᠢᠨ ᠲᠣᠪᠴᠢᠶ᠎ᠠ ᠠᠴᠠ | ᠬᠤᠳᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ ᠲᠠᠢ ᠬᠠᠮᠲᠤᠷᠠᠨ ᠬᠡᠪᠯᠡᠵᠦ ᠳᠠᠷᠤᠮᠠᠯᠯᠠᠵᠤ ᠲᠠᠷᠬᠠᠭᠠᠬᠤ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ | ᠪᠣᠯᠣᠨ ︽ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠲᠤᠰᠬᠠᠢ | ᠪᠠᠶᠢᠴᠠᠭᠠᠯᠲᠠ ᠥᠷᠨᠢᠭᠦᠯᠪᠡ᠃ | ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠬᠥᠬᠡᠬᠤᠲᠠ ᠶᠢᠨ ᠡᠳᠦᠷ ᠤᠨ ᠰᠣᠨᠢᠨ ᠤ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠭᠤᠯᠤᠯᠭ᠎ᠠ ᠶᠢᠨ ᠬᠡᠪᠯᠡᠯ ᠤᠨ ᠦᠢᠯᠡᠳᠪᠦᠷᠢ᠂ ᠰᠢᠨ᠎ᠡ | ᠬᠤᠳᠠ ᠲᠣᠭᠤᠷᠢᠭ ᠤᠨ ᠰᠢᠨ ᠬᠤᠢ ᠨᠣᠮ ᠤᠨ ᠳᠡᠯᠭᠡᠭᠦᠷ ᠵᠡᠷᠭᠡ ᠭᠠᠵᠠᠷ ᠲᠤ ᠬᠦᠷᠴᠦ᠂ ᠬᠡᠪᠯᠡᠵᠦ ᠳᠠᠷᠤᠮᠠᠯᠯᠠᠵᠤ | ᠲᠠᠷᠬᠠᠭᠠᠬᠤ ᠡᠵᠡᠩᠨᠡᠯᠲᠡ ᠶᠢᠨ ᠭᠤᠣᠯ ᠴᠣᠭᠴᠠ ᠶᠢᠨ ᠬᠤᠯᠪᠣᠭᠳᠠᠯ ᠪᠦᠬᠦᠢ ᠦᠨᠡᠮᠯᠡᠯ ᠨᠢ ᠪᠦᠷᠢᠨ ᠭᠦᠢᠴᠡᠳ | ᠪᠠᠶᠢᠬᠤ ᠡᠰᠡᠬᠦ᠂ ᠬᠠᠤᠯᠢ ᠪᠤᠰᠤ ᠬᠡᠪᠯᠡᠭᠳᠡᠬᠦᠨ ᠢ ᠬᠡᠪᠯᠡᠭᠰᠡᠨ᠂ ᠬᠤᠳᠠᠯᠳᠤᠭᠰᠠᠨ᠂ ᠲᠠᠷᠬᠠᠭᠠᠭᠰᠠᠨ ᠪᠤᠶᠤ | ᠬᠡᠪᠯᠡᠭᠳᠡᠬᠦᠨ ᠢ ᠬᠤᠯᠠᠭᠠᠶᠢᠯᠠᠵᠤ ᠬᠡᠪᠯᠡᠭᠰᠡᠨ ᠦᠢᠯᠡ ᠠᠵᠢᠯᠯᠠᠭ᠎ᠠ ᠪᠠᠶᠢᠬᠤ ᠡᠰᠡᠬᠦ᠂ ᠠᠶᠤᠯᠭᠦᠢ ᠶᠢᠨ ᠲᠤᠨᠤᠭ | ᠲᠥᠬᠦᠭᠡᠷᠦᠮᠵᠢ ᠨᠢ ᠪᠦᠷᠢᠨ ᠪᠦᠲᠦᠨ ᠪᠠᠶᠢᠬᠤ ᠡᠰᠡᠬᠦ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠪᠠ᠃ | ᠪᠠᠶᠢᠴᠠᠭᠠᠬᠤ ᠳᠤᠭᠤᠶᠢᠯᠠᠩ ᠤᠨ ᠬᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠ ᠡᠵᠡᠩᠨᠡᠭᠴᠢ ᠲᠠᠢ ᠰᠠᠨᠠᠯ ᠢᠶᠠᠨ | ᠰᠣᠯᠢᠯᠴᠠᠵᠤ᠂ ᠲᠡᠳᠡᠨ ᠤ ᠲᠤᠰ ᠨᠢᠭᠡᠴᠡ ᠶᠢᠨ ᠢᠶᠠᠨ ᠠᠶᠤᠯᠭᠦᠢ ᠶᠢᠨ ᠲᠥᠬᠦᠭᠡᠷᠦᠮᠵᠢ ᠶᠢ ᠪᠣᠯᠪᠠᠰᠤᠷᠠᠩᠭᠤᠢ ᠬᠡᠷᠡᠭᠯᠡᠵᠦ | ᠴᠢᠳᠠᠬᠤ ᠡᠰᠡᠬᠦ ᠶᠢ ᠯᠠᠪᠯᠠᠨ ᠠᠰᠠᠭᠤᠪᠠ᠃ ᠪᠠᠶᠢᠴᠠᠭᠠᠬᠤ ᠳᠤᠭᠤᠶᠢᠯᠠᠩ ᠠᠴᠠ ᠬᠡᠪᠯᠡᠭᠳᠡᠬᠦᠨ ᠤ ᠡᠵᠡᠩᠨᠡᠭᠴᠢ ᠪᠣᠯᠣᠨ | ᠬᠡᠪᠯᠡᠯ ᠤᠨ ᠠᠵᠤ ᠠᠬᠤᠶᠢᠯᠠᠯ ᠢ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ | ᠵᠢᠷᠤᠮᠯᠠᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ | ᠨᠥᠬᠦᠴᠡᠯ ᠢ ᠰᠠᠶᠢᠵᠢᠷᠠᠭᠤᠯᠵᠤ᠂ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠣᠭᠲᠠᠴᠠ ᠶᠢ ᠪᠦᠷᠢᠨᠰᠢᠭᠦᠯᠵᠦ᠂ | ᠠᠶᠤᠯᠭᠦᠢ ᠦᠢᠯᠡᠳᠪᠦᠷᠢᠯᠡᠯ ᠤᠨ ᠪᠡᠯᠡ ᠮᠥᠩᠭᠦ᠂ ᠡᠳ᠋ ᠪᠣᠳᠠᠰ᠂ ᠮᠡᠷᠭᠡᠵᠢᠯ᠂ ᠠᠵᠢᠯᠲᠠᠨ ᠤ ᠣᠷᠣᠭᠤᠯᠤᠯᠲᠠ ᠶᠢ | ᠪᠠᠲᠤᠯᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃ | ᠣᠶᠢᠯᠠᠭᠠᠭᠰᠠᠨ ᠢᠶᠠᠷ᠂ ᠵᠠᠯᠭᠠᠭᠠᠳ ᠮᠠᠨ ᠤ ᠬᠤᠲᠠ ᠠᠵᠢᠯ ᠤᠨ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠲᠤᠰᠬᠠᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠪᠥᠬᠦ ᠤᠯᠤᠰ ᠤᠨ ︽ᠬᠤᠶᠠᠷ | ᠬᠤᠷᠠᠯ︾ ᠤᠨ ᠬᠤᠭᠤᠴᠠᠭᠠᠨ ᠳᠤ ᠣᠷᠣᠨ ᠤ ᠲᠥᠪ ᠤᠨ ᠬᠡᠪᠯᠡᠵᠦ ᠳᠠᠷᠤᠮᠠᠯᠯᠠᠵᠤ ᠲᠠᠷᠬᠠᠭᠠᠬᠤ ᠠᠵᠢᠯ ᠲᠥᠷᠥᠯ ᠤᠨ | ᠠᠶᠤᠯᠭᠦᠢ ᠦᠢᠯᠡᠳᠪᠦᠷᠢᠯᠡᠯ ᠤᠨ ᠡᠮᠬᠢ ᠳᠢᠭᠯᠢᠮ ᠲᠠᠢ ᠪᠠᠶᠢᠬᠤ ᠶᠢ ᠦᠨᠡᠨ ᠬᠦ ᠪᠠᠲᠤᠯᠠᠵᠤ᠂ ᠰᠣᠶᠣᠯ ᠤᠨ ᠵᠠᠬ᠎ᠠ | ᠳᠡᠯᠭᠡᠭᠦᠷ ᠤᠨ ᠠᠶᠤᠯᠭᠦᠢ ᠠᠷᠢᠭᠤᠨ ᠴᠡᠪᠡᠷ ᠪᠠᠶᠢᠬᠤ ᠶᠢ ᠦᠨᠡᠨ ᠬᠦ ᠪᠠᠲᠤᠯᠠᠪᠠ᠃ |