ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/20
ᠾᠧ ᠬᠠᠢ ᠳ᠋ᠦᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠯᠢᠶᠠᠩ ᠵᠢᠩ ᠱᠤ᠋︶ 3 ᠳ᠋ᠤᠭᠠᠷ ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ᠪᠣᠯᠪᠠᠰᠤᠨ ᠬᠤᠲᠠ  ᠶᠢ ᠡᠭᠦᠳᠦᠨ ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ  ᠶᠢ ᠰᠣᠨᠣᠰᠴᠤ᠂ ︽ᠬᠥᠬᠡᠬᠤᠲᠠ ᠶᠢᠨ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠨᠦᠭᠦᠳ︾ ︽ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠪᠣᠳᠠᠲᠠᠢ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠲᠤᠬᠠᠢ ᠮᠡᠳᠡᠭᠳᠡᠯ︾ ︽ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠥᠭᠵᠢᠯᠲᠡ ᠶᠢ ᠳᠡᠮᠵᠢᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠨᠢᠭᠡᠨᠲᠡ ᠵᠠᠩᠭᠢᠯᠠᠭ᠎ᠠ ᠶᠢᠨ ᠱᠠᠲᠤᠨ ᠳᠤ ᠣᠷᠣᠵᠠᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠲᠣᠭᠤᠷᠢᠭ᠂ ᠡᠮᠨᠡᠯᠭᠡ ᠶᠢᠨ ᠬᠤᠷᠢᠶ᠎ᠠ᠂ ᠳᠤᠮᠳᠠᠳᠤ ᠪᠠᠭ᠎ᠠ ᠰᠤᠷᠭᠠᠭᠤᠯᠢ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠨᠡᠶᠢᠲᠡ ᠶᠢᠨ ᠵᠣᠷᠯᠣᠩ ᠵᠡᠷᠭᠡ ᠭᠤᠣᠯᠳᠠᠯᠭ᠎ᠠ ᠲᠠᠢ ᠲᠠᠯᠠᠪᠤᠷ ᠵᠢᠴᠢ ᠡᠷᠬᠢᠨ ᠲᠣᠭᠤᠷᠢᠨ ᠤ ᠵᠠᠰᠠᠯᠲᠠ ᠶᠢ ᠴᠢᠩᠭᠠᠳᠬᠠᠵᠤ᠂ ᠤᠨᠢᠨ ᠳᠡᠭᠡᠷ᠎ᠡ ᠨᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠴᠡᠭᠴᠡᠯᠡᠨ ᠰᠠᠶᠢᠵᠢᠷᠠᠭᠤᠯᠬᠤ ᠳᠤ ᠥᠨᠴᠥᠭ ᠪᠤᠯᠤᠩ ᠦᠯᠡᠳᠡᠭᠡᠬᠦ ᠦᠭᠡᠢ᠂ ᠠᠰᠠᠭᠤᠳᠠᠯ ᠢ ᠪᠦᠬᠦᠨ ᠢ ᠰᠢᠢᠳᠪᠦᠷᠢᠯᠡᠬᠦ ᠬᠡᠷᠡᠭᠲᠡᠢ︔ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠵᠣᠬᠢᠶᠠᠨ ᠪᠠᠶᠢᠭᠤᠯᠤᠨ ᠤᠳᠤᠷᠢᠳᠬᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠨᠢ ᠮᠠᠨ ᠤ ᠬᠤᠳᠠ ᠶᠢᠨ ᠭᠤᠣᠯᠯᠠᠭᠴᠢ ᠠᠵᠤ ᠦᠢᠯᠡᠰ ᠪᠣᠯᠣᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠬᠠᠮᠢᠶ᠎ᠠ ᠪᠦᠬᠦᠢ ᠰᠠᠨᠠᠯ ᠢ ᠴᠢᠨᠠᠭᠰᠢᠳᠠ ᠲᠡᠭᠦᠯᠳᠡᠷᠵᠢᠭᠦᠯᠵᠦ᠂ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠴᠢᠳᠠᠪᠬᠢ ᠶᠢᠨ ᠳᠠᠪᠠᠭᠤᠯᠢᠭ ᠪᠣᠯᠣᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠪᠦᠬᠦ ᠬᠤᠳᠠ ᠶᠢᠨ ᠨᠡᠭᠡᠭᠡᠯᠲᠡᠲᠤ ᠬᠡᠯᠪᠡᠷᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ᠂ ᠳᠠᠪᠠᠯᠲᠠ ᠲᠠᠢ ᠬᠥᠭᠵᠢᠬᠦ ᠶᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ︽ᠬᠥᠬᠡᠬᠤᠲᠠ ᠶᠢᠨ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠨᠦᠭᠦᠳ︾ ᠪᠠ ︽ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠪᠣᠳᠠᠲᠠᠢ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠲᠤᠬᠠᠢ ᠮᠡᠳᠡᠭᠳᠡᠯ︾ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号