ᠮᠠᠨ ᠤ ᠬᠤᠲᠠ 7.4 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠪᠠᠭᠤᠯᠭᠠᠵᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠪᠠᠲᠤᠯᠠᠭ᠎ᠠ ᠬᠠᠩᠭᠠᠵᠤ ᠪᠠᠶᠢᠨ᠎ᠠ
ᠨᠡᠶᠢᠲᠡᠯᠡᠭᠰᠡᠨ ᠴᠠᠭ᠄
2023/3/22
      ᠠᠵᠢᠯᠰᠠᠭ ᠬᠥᠮᠥᠨ ᠤ ᠬᠠᠪᠤᠷ ᠤᠨ ᠠᠭᠤᠷ ᠡᠷᠲᠡ᠂ ᠠᠷᠪᠢᠨ ᠬᠥᠳᠡᠯᠮᠦᠷᠢ ᠶᠢᠨ ᠨᠠᠮᠤᠷ ᠤᠨ ᠬᠤᠷᠢᠶᠠᠯᠲᠠ ᠡᠯᠪᠡᠭ᠃ ᠮᠠᠨ ᠤ ᠬᠤᠲᠠ ᠪᠦᠬᠦ ᠵᠢᠯ ᠤᠨ ᠡᠳ᠋ ᠤᠨ ᠵᠠᠰᠠᠭ ᠢᠶᠠᠷ ᠲᠠᠷᠢᠶᠠᠯᠠᠩ ᠢ ᠳᠡᠮᠵᠢᠬᠦ ᠠᠵᠢᠯ ᠢᠶᠠᠨ ᠡᠷᠲᠡ ᠠᠴᠠ ᠲᠥᠯᠥᠪᠯᠡᠵᠦ᠂ ᠡᠯ᠎ᠡ ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ᠂ ᠪᠣᠳᠠᠲᠠᠢ ᠪᠥᠭᠡᠳ ᠨᠠᠷᠢᠯᠢᠭ ᠠᠳᠬᠤᠵᠤ᠂ ᠪᠦᠬᠦ ᠬᠦᠴᠦᠨ ᠢᠶᠠᠷ ᠢᠶᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠪᠠᠲᠤᠯᠠᠭ᠎ᠠ ᠬᠠᠩᠭᠠᠵᠤ ᠪᠠᠶᠢᠨ᠎ᠠ᠃      ᠣᠳᠣ ᠪᠣᠯᠲᠠᠯ᠎ᠠ᠂ ᠮᠠᠨ ᠤ ᠬᠤᠲᠠ ᠨᠢᠭᠡᠨᠲᠡ ᠡᠳ᠋ ᠤᠨ ᠵᠠᠰᠠᠭ ᠢᠶᠠᠷ ᠲᠠᠷᠢᠶᠠᠯᠠᠩ ᠢ ᠳᠡᠮᠵᠢᠬᠦ ᠪᠡᠯᠡ ᠮᠥᠩᠭᠦ ᠶᠢ 7.4 ᠳ᠋ᠦᠩᠰᠢᠭᠤᠷ ᠲᠥᠭᠦᠷᠢᠭ ᠬᠤᠪᠢᠶᠠᠷᠢᠯᠠᠨ ᠪᠠᠭᠤᠯᠭᠠᠵᠤ᠂ ᠪᠡᠯᠡ ᠮᠥᠩᠭᠦ ᠶᠢ ᠬᠤᠪᠢᠶᠠᠷᠢᠯᠠᠨ ᠪᠠᠭᠤᠯᠭᠠᠭᠰᠠᠨ ᠨᠤᠷᠮ᠎ᠠ ᠨᠢ 94.87% ᠳᠤ ᠬᠦᠷᠴᠦ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠂ ᠲᠠᠷᠢᠶᠠᠨ ᠭᠠᠵᠠᠷ ᠤᠨ ᠬᠠᠮᠠᠭᠠᠯᠠᠯᠲᠠ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠬᠡᠷᠡᠭᠯᠡᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠬᠤᠳᠠᠯᠳᠤᠨ ᠠᠪᠬᠤ ᠠᠵᠢᠯ ᠢ ᠰᠠᠶᠢᠲᠤᠷ ᠬᠢᠬᠦ ᠶᠢ ᠳᠡᠮᠵᠢᠵᠦ᠂ ᠲᠠᠷᠢᠶᠠᠯᠠᠭ᠎ᠠ ᠬᠢᠬᠦ ᠠᠵᠢᠯ ᠢᠶᠠᠨ ᠡᠷᠲᠡᠬᠡᠨ ᠡᠬᠢᠯᠡᠭᠦᠯᠪᠡ᠃      ᠡᠭᠦᠨ ᠤ ᠬᠠᠮᠲᠤ᠂ ᠮᠠᠨ ᠤ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠡᠭᠦᠷᠭᠡ ᠲᠤᠰᠢᠶᠠᠯ ᠢᠶᠠᠨ ᠢᠳᠡᠪᠬᠢᠲᠡᠢ ᠭᠦᠢᠴᠡᠳᠬᠡᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠤᠷᠢᠳ ᠢᠶᠠᠷ ᠪᠠᠲᠤᠯᠠᠬᠤ ᠪᠠᠶᠢᠷᠢᠨ ᠳᠤ ᠲᠠᠯᠪᠢᠵᠠᠢ᠃ ᠬᠤᠰᠢᠭᠤ᠂ ᠰᠢᠶᠠᠨ᠂ ᠲᠣᠭᠤᠷᠢᠭ ᠤᠨ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠨᠠᠷᠢᠨ ᠬᠢᠨᠠᠮᠠᠭᠠᠢ ᠵᠠᠳᠠᠯᠤᠨ ᠮᠠᠭᠠᠳᠯᠠᠬᠤ ᠪᠠᠷ ᠳᠡᠮᠵᠢᠨ ᠂ ᠪᠡᠯᠡ ᠮᠥᠩᠭᠦ ᠶᠢ ᠬᠢᠨᠠᠨ ᠡᠵᠡᠮᠳᠡᠬᠦ ᠶᠢ ᠰᠠᠶᠢᠲᠤᠷ ᠬᠢᠵᠦ᠂ ᠪᠡᠯᠡ ᠮᠥᠩᠭᠦ ᠶᠢ ᠪᠥᠬᠦ ᠬᠦᠴᠦᠨ ᠢᠶᠠᠷ ᠢᠶᠠᠨ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠬᠥᠮᠥᠷᠭᠡ ᠳᠠᠬᠢ ᠪᠡᠯᠡ ᠮᠥᠩᠭᠦ ᠶᠢᠨ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠯᠠᠪᠳᠠᠭᠤᠨ ᠪᠣᠳᠠᠲᠠᠢ ᠰᠠᠬᠢᠵᠤ᠂ ᠬᠥᠮᠥᠷᠭᠡ ᠳᠠᠬᠢ ᠪᠡᠯᠡ ᠮᠥᠩᠭᠦ ᠠᠴᠠ ᠴᠠᠭ ᠲᠤᠬᠠᠢ ᠳᠤ ᠨᠢ ᠳ᠋ᠦᠩᠰᠢᠭᠤᠷ ᠰᠢᠬᠠᠮ ᠲᠥᠭᠦᠷᠢᠭ ᠰᠢᠯᠵᠢᠭᠦᠯᠦᠨ ᠲᠣᠬᠢᠷᠠᠭᠤᠯᠪᠠ᠃ ᠡᠭᠦᠨ ᠤ ᠬᠠᠮᠲᠤ᠂ ᠬᠤᠰᠢᠭᠤ᠂ ᠰᠢᠶᠠᠨ᠂ ᠲᠣᠭᠤᠷᠢᠭ ᠢ ᠰᠢᠮᠳᠠᠭᠤᠯᠵᠤ ᠪᠠᠶᠢᠭᠠᠳ ᠬᠥᠮᠥᠷᠭᠡ ᠳᠠᠬᠢ ᠪᠡᠯᠡ ᠮᠥᠩᠭᠦ ᠶᠢ ᠵᠦᠢ ᠵᠣᠬᠢᠰᠲᠠᠢ ᠲᠣᠬᠢᠷᠠᠭᠤᠯᠤᠨ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠵᠡᠷᠭᠡ ᠲᠠᠷᠢᠶᠠᠴᠢᠨ ᠮᠠᠯᠴᠢᠳ ᠲᠤ ᠠᠰᠢᠭ ᠬᠦᠷᠲᠡᠭᠡᠬᠦ ᠨᠥᠬᠦᠪᠦᠷᠢ ᠶᠢᠨ ᠪᠡᠯᠡ ᠮᠥᠩᠭᠦ ᠣᠯᠭᠤᠬᠤ ᠲᠥᠯᠥᠪᠯᠡᠭᠡ ᠶᠢ ᠰᠠᠶᠢᠲᠤᠷ ᠬᠢᠵᠦ ᠪᠠᠶᠢᠨ᠎ᠠ᠃      ᠡᠭᠦᠨ ᠠᠴᠠ ᠭᠠᠳᠠᠨ᠎ᠠ᠂ ᠮᠠᠨ ᠤ ᠬᠤᠲᠠ ᠮᠠᠯᠴᠢᠨ ᠲᠠᠷᠢᠶᠠᠴᠢᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠭᠤᠣᠯᠳᠠᠯᠭ᠎ᠠ ᠲᠠᠢ ᠪᠡᠯᠡ ᠮᠥᠩᠭᠦ ᠶᠢ ᠦᠷᠭᠦᠯᠵᠢᠯᠡᠨ ᠮᠥᠷᠳᠡᠨ ᠬᠠᠮᠢᠶᠠᠷᠬᠤ᠂ ᠬᠢᠨᠠᠨ ᠡᠵᠡᠮᠳᠡᠬᠦ ᠪᠠ ᠲᠣᠬᠢᠷᠠᠭᠤᠯᠵᠤ᠂ ᠬᠢᠨᠠᠨ ᠵᠢᠯᠤᠭᠤᠳᠴᠤ ᠪᠠᠶᠢᠴᠠᠭᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠪᠠᠶᠢᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠪᠠᠲᠤᠯᠠᠭ᠎ᠠ᠂ ᠠᠮᠤ ᠪᠤᠳᠠᠭᠠᠨ ᠤ ᠠᠮᠤᠷ ᠲᠦᠪᠰᠢᠨ᠂ ᠦᠢᠯᠡᠳᠪᠦᠷᠢᠯᠡᠯ ᠤᠨ ᠭᠠᠮᠰᠢᠭ ᠠᠴᠠ ᠠᠪᠤᠷᠠᠬᠤ ᠵᠡᠷᠭᠡ ᠭᠤᠣᠯᠳᠠᠯᠭ᠎ᠠ ᠲᠠᠢ ᠪᠡᠯᠡ ᠮᠥᠩᠭᠦ ᠶᠢ ᠬᠡᠷᠡᠭᠵᠢᠭᠦᠯᠦᠭᠰᠡᠨ ᠪᠠᠶᠢᠳᠠᠯ ᠤᠨ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠴᠢᠩᠭᠠᠳᠬᠠᠵᠤ᠂ ᠪᠡᠯᠡ ᠮᠥᠩᠭᠦ ᠶᠢᠨ ᠦᠷ᠎ᠡ ᠪᠦᠲᠦᠮᠵᠢ ᠶᠢᠨ ᠬᠠᠷᠠᠯᠲᠠ ᠶᠢ ᠪᠡᠶᠡᠯᠡᠭᠦᠯᠬᠦ  ᠪᠠ ᠲᠥᠰᠥᠪ ᠢ ᠭᠦᠢᠴᠡᠳᠬᠡᠬᠦ ᠠᠬᠢᠴᠠ ᠳᠤ ︽ᠬᠤᠣᠰ ᠬᠢᠨᠠᠨ ᠡᠵᠡᠮᠳᠡᠯ ︾ ᠢ ᠬᠡᠷᠡᠭᠵᠢᠭᠦᠯᠵᠦ᠂ ᠪᠡᠯᠡ ᠮᠥᠩᠭᠦ ᠶᠢᠨ ᠦᠷ᠎ᠡ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠯᠦᠭᠡ ᠬᠤᠯᠪᠣᠭᠳᠠᠭᠤᠯᠤᠭᠰᠠᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ ᠪᠠᠶᠢᠨ᠎ᠠ᠃
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号