︵ᠰᠤᠷᠪᠤᠯᠵᠢᠯᠠᠬᠴᠢ ᠰᠦᠨ ᠯᠢ ᠶᠢᠩ︶ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠤᠬᠠᠭᠤᠯᠵᠤ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠪᠥᠬᠦ ᠲᠠᠯ᠎ᠠ ᠪᠠᠷ | ᠲᠤᠭᠤᠱᠢᠯᠠᠭᠤᠯᠤᠨ ᠨᠠᠶᠢᠳᠠᠪᠤᠷᠢᠵᠢᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠬᠤ | ᠴᠢᠳᠠᠪᠤᠷᠢ ᠪᠠ ᠲᠦᠪᠰᠢᠨ ᠢᠶᠠᠨ ᠳᠡᠭᠡᠭᠰᠢᠯᠡᠭᠦᠯᠬᠦ ᠶᠢᠨ ᠲᠥᠯᠥᠭᠡ᠂ ᠲᠦᠷᠦᠭᠦᠭᠡᠨ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠠᠯᠪᠠᠨ ᠭᠡᠷ ᠠᠴᠠ ᠭᠤᠣᠯᠯᠠᠨ ᠡᠷᠬᠢᠯᠡᠵᠦ᠂ | ᠬᠥᠬᠡᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠠᠯᠪᠠᠨ ᠬᠡᠷ ᠠᠴᠠ ᠳᠠᠭᠠᠭᠠᠴᠢᠯᠠᠨ | ᠡᠷᠬᠢᠯᠡᠭᠰᠡᠨ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢᠨ ᠲᠠᠶᠢᠯᠤᠮᠵᠢ ᠶᠢ ᠴᠡᠷᠢᠭ ᠠᠩᠭᠢ ᠳᠤ | ᠤᠷᠤᠭᠤᠯᠬᠤ ᠲᠤᠰᠬᠠᠢ ᠰᠡᠳᠦᠪᠲᠦ ᠪᠣᠯᠪᠠᠰᠤᠷᠠᠯ ᠬᠦᠬᠡᠬᠤᠲᠠ ᠳᠤ ᠰᠠᠭᠤᠭ᠎ᠠ ᠨᠢᠭᠡᠨ ᠴᠡᠷᠢᠭ ᠠᠩᠭᠢ ᠳᠤ ᠶᠠᠪᠤᠬᠳᠠᠪᠠ | ᠃ | ᠲᠣᠰ ᠤᠳᠠᠭᠠᠨ ᠤ ᠲᠠᠶᠢᠯᠤᠮᠵᠢ ᠳᠤ ᠥᠪᠡᠷᠲᠡᠭᠡᠨ ᠵᠠᠰᠠᠬᠤ ᠣᠷᠣᠨ ᠤ ᠤᠯᠤᠰ ᠤᠨ ᠶᠡᠷᠦᠩᠬᠡᠶ ᠠᠮᠤᠷ | ᠲᠦᠪᠰᠢᠨ ᠤ ᠲᠣᠭᠤᠷᠢᠨ ᠦᠵᠡᠬᠦ ᠲᠣᠭᠤᠷᠢᠨ ᠲᠠᠶᠢᠯᠪᠤᠷᠢᠯᠠᠬᠤ ᠪᠦᠯᠬᠦᠮ ᠤᠨ ᠣᠨᠴᠠ ᠤᠷᠢᠭᠰᠠᠨ ᠲᠤᠰᠬᠠᠢ | ᠮᠡᠷᠭᠡᠵᠢᠯᠲᠡᠨ ᠢ ᠤᠷᠢᠵᠤ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠯᠭᠡᠵᠠᠢ᠃ ᠲᠠᠶᠢᠯᠤᠮᠵᠢ ᠨᠢ ᠭᠦᠨᠵᠡᠭᠡᠶ | ᠪᠥᠭᠡᠳ ᠣᠶᠢᠯᠠᠭᠠᠮᠵᠢᠲᠠᠢ᠂ ᠭᠤᠤᠯ ᠰᠡᠳᠦᠪ ᠨᠢ ᠲᠣᠳᠣᠷᠬᠠᠶ᠂ ᠬᠡᠷᠡᠭ ᠤᠨ ᠵᠢᠱᠢᠶ᠎ᠡ ᠨᠢ ᠠᠮᠢᠳᠤᠯᠢᠭ ᠪᠠᠶᠢᠵᠤ᠂ | ᠤᠯᠤᠰ ᠤᠨ ᠠᠮᠤᠷ ᠲᠦᠪᠰᠢᠨ ᠤ ᠰᠢᠰᠲ᠋ᠧᠮ ᠤᠨ ᠴᠢᠬᠤᠯᠠ ᠴᠢᠨᠠᠷ ᠢ ᠭᠦᠢᠴᠡᠳ ᠲᠣᠳᠣᠷᠬᠠᠶᠢᠯᠠᠨ ᠥᠭᠦᠯᠡᠵᠦ᠂ | ᠪᠤᠯᠪᠠᠰᠤᠷᠠᠯ ᠳᠤ ᠤᠷᠤᠯᠴᠠᠬᠰᠠᠳ ᠤᠨ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢᠨ ᠭᠦᠨᠵᠡᠭᠡᠶ | ᠠᠭᠤᠯᠤᠭᠳᠠᠬᠤᠨ ᠢ ᠵᠥᠪ ᠢᠶᠠᠷ ᠣᠶᠢᠯᠠᠭᠠᠬᠤ ᠪᠠ ᠪᠥᠬᠦ ᠲᠠᠯ᠎ᠠ ᠪᠠᠷ ᠡᠵᠡᠮᠰᠢᠬᠦ᠂ ᠬᠤᠷᠢᠭ᠎ᠠ ᠱᠤᠭᠤᠮ ᠤᠨ | ᠰᠡᠳᠭᠢᠬᠦᠶ ᠶᠢ ᠪᠣᠶ ᠪᠣᠯᠭᠠᠬᠤ ᠲᠤ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠪᠤᠯᠪᠠᠰᠤᠷᠠᠯ ᠳᠤ | ᠣᠷᠣᠯᠴᠠᠭᠰᠠᠳ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠢᠳᠬᠦᠯ ᠴᠢᠷᠮᠠᠶᠢᠯᠭ᠎ᠠ ᠭᠠᠷᠭᠠᠬᠤ ᠶᠢ | ᠴᠢᠩᠭᠠᠳᠬᠠᠵᠤ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠤᠯᠤᠰ ᠤᠨ ᠠᠮᠤᠷ ᠲᠦᠪᠰᠢᠨ ᠤ | ᠭᠤᠣᠯᠳᠠᠯᠭ᠎ᠠ ᠲᠠᠢ ᠡᠭᠦᠷᠭᠡ ᠶᠢᠨ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠨᠠᠩ ᠰᠠᠶᠢᠲᠤᠷ ᠠᠬᠢᠭᠤᠯᠵᠤ᠂ ᠡᠬᠡ | ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ ᠭᠡᠵᠦ | ᠢᠯᠡᠳᠬᠡᠵᠡᠭᠡᠪᠡ᠃ | ᠲᠠᠶᠢᠯᠤᠮᠵᠢ ᠨᠢ ᠸᠢᠳᠢᠣ᠋ ᠬᠡᠯᠪᠡᠷᠢ ᠪᠠᠷ ᠶᠠᠪᠤᠭᠳᠠᠵᠤ᠂ ᠬᠥᠬᠡᠬᠤᠲᠠ ᠳᠤ ᠰᠠᠭᠤᠭ᠎ᠠ ᠡᠯ᠎ᠡ ᠴᠡᠷᠢᠭ ᠠᠩᠭᠢ ᠳᠤ | ᠬᠤᠪᠢᠶᠠᠷᠢ ᠬᠤᠷᠠᠯ ᠤᠨ ᠲᠠᠯᠠᠪᠠᠢ ᠭᠠᠷᠭᠠᠵᠤ᠂ ᠬᠦᠬᠡᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠤᠨ ᠠᠮᠤᠷ | ᠲᠦᠪᠰᠢᠨ ᠤ ᠠᠵᠢᠯ ᠤᠨ ᠠᠯᠪᠠᠨ ᠭᠡᠷ᠂ ᠬᠥᠬᠡᠬᠤᠲᠠ ᠳᠤ ᠰᠠᠭᠤᠭ᠎ᠠ ᠴᠡᠷᠢᠭ ᠠᠩᠭᠢ ᠶᠢᠨ 1000 ᠭᠠᠷᠤᠶ ᠬᠥᠮᠥᠨ | ᠣᠷᠣᠯᠴᠠᠵᠠᠢ᠃ |