ᠮᠠᠨ ᠤ ᠬᠤᠲᠠ ᠵᠠᠰᠠᠭ ᠤᠨ ᠣᠷᠳᠣᠨ ᠤ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠤᠨ ᠪᠥᠬᠦ ᠶᠠᠪᠤᠴᠠ ᠶᠢ ︽ᠨᠢᠭᠤᠷ ᠤᠴᠠᠷᠠᠬᠤ ᠦᠭᠡᠢ︾ ︽ᠲᠣᠭᠠᠴᠢᠯᠠᠵᠤ︾ ᠭᠦᠢᠴᠡᠳᠬᠡᠬᠦ ᠪᠣᠯᠪᠠ
ᠨᠡᠶᠢᠲᠡᠯᠡᠭᠰᠡᠨ ᠴᠠᠭ᠄
2023/3/23
ᠪᠥᠬᠦ ᠣᠷᠣᠨ ᠤ ᠡᠯ᠎ᠡ ᠠᠶᠢᠮᠠᠭ ᠬᠤᠲᠠ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶᠡᠨ ᠳᠠᠬᠢ ᠠᠩᠬᠠᠳᠠᠭᠴᠢ ᠲᠣᠭᠠᠴᠢᠯᠠᠭᠰᠠᠨ ᠡᠯᠧᠺᠲᠷᠣᠨ ᠪᠠᠷᠢᠮᠲᠠ ᠶᠢ ᠭᠠᠷᠭᠠᠪᠠ      ︵ᠰᠤᠷᠪᠤᠯᠵᠢᠯᠠᠭᠴᠢ ᠰᠥᠩ ᠰᠢᠶᠠᠩ ᠬᠤᠸᠠ︶ 3 ᠳ᠋ᠤᠭᠠᠷ ᠰᠠᠷ᠎ᠠ ᠶᠢᠨ 21 ᠤ ᠡᠳᠦᠷ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ︽ᠡᠭᠦᠯᠡᠨ ᠲᠠᠪᠴᠠᠩ︾ ᠳᠤ ᠲᠦᠰᠢᠭᠯᠡᠨ᠂ ᠡᠯ᠎ᠡ ᠠᠶᠢᠮᠠᠭ ᠬᠤᠲᠠ ᠳᠤ ᠠᠩᠬᠠᠳᠠᠭᠴᠢ ᠲᠣᠭᠠᠴᠢᠯᠠᠭᠰᠠᠨ ᠡᠯᠧᠺᠲᠷᠣᠨ ᠪᠠᠷᠢᠮᠲᠠ ᠶᠢ ᠬᠠᠮᠤᠭ ᠤᠨ ᠲᠦᠷᠦᠭᠦᠨ ᠳᠤ ᠭᠠᠷᠭᠠᠭᠰᠠᠨ ᠨᠢ ᠮᠠᠨ ᠤ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶᠡᠨ ᠳᠠᠬᠢ ᠲᠣᠭᠠᠴᠢᠯᠠᠭᠰᠠᠨ ᠬᠡᠯᠪᠡᠷᠢ ᠳᠤ ᠬᠤᠪᠢᠷᠠᠭᠤᠯᠬᠤ ᠠᠵᠢᠯ ᠳᠤᠮᠳᠠ ᠳᠠᠬᠢᠨᠲᠠ ᠰᠢᠨ᠎ᠡ ᠳᠡᠭᠲᠡᠷ ᠲᠤ ᠭᠠᠷᠴᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠤᠨ ᠪᠥᠬᠦ ᠶᠠᠪᠤᠴᠠ ᠶᠢ ︽ᠨᠢᠭᠤᠷ ᠤᠴᠠᠷᠠᠬᠤ ᠦᠭᠡᠢ︾ ︽ᠲᠣᠭᠠᠴᠢᠯᠠᠵᠤ︾ ᠭᠦᠢᠴᠡᠳᠬᠡᠬᠦ ᠪᠣᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ ᠲᠣᠭᠲᠠᠬᠤ᠂ ᠡᠯᠧᠺᠲᠷᠣᠨ ᠪᠠᠷᠢᠮᠲᠠ ᠶᠢ ᠭᠠᠷᠭᠠᠬᠤ ᠠᠴᠠ ᠬᠤᠳᠠᠯᠳᠤᠨ ᠠᠪᠬᠤ ᠪᠡᠯᠡ ᠮᠥᠩᠭᠦ ᠶᠢ ᠳᠥᠯᠥᠬᠦ ᠬᠦᠷᠲᠡᠯᠡᠬᠢ ᠪᠥᠬᠦ ᠬᠡᠯᠬᠢᠶᠡᠨ ᠤ ᠬᠠᠮᠢᠶᠠᠷᠤᠯᠲᠠ ᠶᠢ ᠨᠡᠪᠲᠡᠷᠡᠭᠦᠯᠦᠭᠰᠡᠨ ᠢ ᠬᠠᠷᠠᠭᠤᠯᠵᠤ ᠪᠠᠶᠢᠨ᠎ᠠ      ᠣᠶᠢᠯᠠᠭᠠᠭᠰᠠᠨ ᠢᠶᠠᠷ᠂ 2020 ᠣᠨ ᠳᠤ ᠮᠠᠨ ᠤ ᠬᠤᠲᠠ ᠵᠠᠰᠠᠭ ᠤᠨ ᠣᠷᠳᠣᠨ ᠤ ᠬᠤᠳᠠᠯᠳᠤᠨ ᠠᠪᠬᠤ ︽ᠪᠦᠬᠦ ᠣᠷᠣᠨ ᠨᠢᠭᠡ ᠰᠦᠯᠵᠢᠶ᠎ᠡ︾ ᠶᠢᠨ ᠲᠦᠷᠦᠭᠦᠦ ᠪᠦᠯᠦᠭ ᠤᠨ ᠲᠤᠷᠰᠢᠯᠲᠠ ᠶᠢᠨ ᠭᠠᠵᠠᠷ ᠣᠷᠣᠨ ᠪᠣᠯᠤᠭᠰᠠᠨ ᠠᠴᠠ ᠨᠠᠰᠢ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠳᠤ ᠬᠠᠮᠤᠭ ᠤᠷᠢᠳᠠᠪᠠᠷ ᠡᠳ᠋ ᠤᠨ ᠵᠠᠰᠠᠭ ᠤᠨ ᠭᠤᠣᠯᠯᠠᠬᠤ ᠲᠤᠬᠠᠶᠢᠯᠠᠭᠰᠠᠨ ᠠᠵᠢᠯ ᠤᠨ ︽ᠨᠢᠭᠡ ᠴᠣᠭᠴᠠᠵᠢᠭᠤᠯᠬᠤ︾ ᠰᠢᠰᠲ᠋ᠧᠮ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ︽ᠡᠭᠦᠯᠡᠨ ᠲᠠᠪᠴᠠᠩ︾ ᠯᠤᠭ᠎ᠠ ᠵᠠᠪᠰᠠᠷ ᠦᠭᠡᠢ ᠵᠣᠯᠭᠠᠭᠤᠯᠵᠤ᠂ ᠬᠠᠮᠤᠭ ᠤᠷᠢᠳᠠᠪᠠᠷ ᠥᠪᠡᠷᠲᠡᠭᠡᠨ ᠵᠠᠰᠠᠬᠤ ᠣᠷᠣᠨ ᠲᠠᠢ ᠵᠡᠷᠭᠡᠪᠡᠷ ᠵᠠᠰᠠᠭ ᠤᠨ ᠣᠷᠳᠣᠨ ᠤ ᠬᠤᠳᠠᠯᠳᠤᠨ ᠠᠪᠬᠤ ︽ᠵᠠᠰᠠᠭ ᠵᠠᠬᠢᠷᠭᠠᠨ ᠤ ᠲᠠᠰᠤᠯᠤᠯᠲᠠ ᠶᠢᠨ ᠡᠯᠧᠺᠲᠷᠤᠨᠴᠢᠯᠡᠭᠰᠡᠨ ᠬᠠᠮᠢᠶᠠᠷᠤᠯᠲᠠ ᠶᠢᠨ ᠰᠢᠰᠲ᠋ᠧᠮ︾ ᠢ ᠬᠡᠷᠡᠭᠯᠡᠵᠦ᠂ ᠣᠷᠳᠣᠰ ᠵᠡᠷᠭᠡ ᠭᠠᠵᠠᠷ  ᠯᠤᠭ᠎ᠠ ᠠᠯᠤᠰ ᠠᠴᠠ ᠣᠨᠳᠣᠣ ᠭᠠᠵᠠᠷ ᠲᠤ ᠳᠠᠭᠠᠭᠠᠴᠢᠯᠠᠯᠲᠠ ᠦᠨᠡᠯᠡᠬᠦ ᠠᠵᠢᠯ ᠢ ᠥᠷᠨᠢᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠤᠨ ᠪᠥᠬᠦ ᠶᠠᠪᠤᠴᠠ ᠶᠢᠨ᠂ ᠡᠯᠧᠺᠲᠷᠤᠨᠴᠢᠯᠡᠭᠰᠡᠨ᠂ ᠮᠥᠷᠳᠡᠵᠦ ᠪᠣᠯᠬᠤ ︽ᠨᠠᠷᠠᠨ ᠶᠢᠨ ᠳᠣᠣᠷ᠎ᠠ︾ ᠬᠤᠳᠠᠯᠳᠤᠨ ᠠᠪᠬᠤ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠬᠠᠩᠭᠠᠯᠭ᠎ᠠ ᠶᠢᠨ ᠬᠤᠳᠠᠯᠳᠤᠭᠠᠴᠢᠨ ᠳᠤ ᠳᠥᠭᠦᠮ ᠳᠥᠲᠡ ᠥᠨᠳᠥᠷ ᠪᠦᠲᠦᠮᠵᠢᠲᠡᠶ᠂ ᠡᠷᠬᠡ ᠲᠡᠭᠰᠢ ᠲᠥᠪ ᠭᠤᠥᠯᠴᠢ ᠵᠠᠰᠠᠭ ᠤᠨ ᠣᠷᠳᠣᠨ ᠤ ᠬᠤᠳᠠᠯᠳᠤᠨ ᠠᠪᠬᠤ ᠣᠷᠴᠢᠨ ᠲᠣᠭᠤᠷᠢᠨ ᠢ ᠦᠨᠡᠨᠬᠦ ᠬᠠᠩᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠤᠯᠴᠠᠬᠤ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号