ᠮᠠᠨ ᠤ ᠬᠤᠲᠠ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠪᠦᠬᠦ ᠲᠠᠯ᠎ᠠ ᠪᠠᠷ ᠬᠡᠷᠡᠭᠯᠡᠨ ᠠᠵᠤ ᠠᠬᠤᠶᠢᠯᠠᠯ ᠤᠨ ᠨᠠᠰᠤᠵᠢᠯ ᠤᠨ ᠳᠠᠭᠠᠳᠬᠠᠯ ᠤᠨ ᠮᠥᠩᠭᠦ ᠶᠢ ᠲᠠᠷᠬᠠᠭᠠᠨ᠎ᠠ
ᠨᠡᠶᠢᠲᠡᠯᠡᠭᠰᠡᠨ ᠴᠠᠭ᠄
2023/3/27
       ︵ᠰᠤᠷᠪᠤᠯᠵᠢᠯᠠᠭᠴᠢ ᠮᠢᠶᠣᠣ ᠴᠢᠩ︶ 3 ᠳ᠋ᠤᠭᠠᠷ ᠰᠠᠷ᠎ᠠ ᠶᠢᠨ 24 ᠤ ᠡᠳᠦᠷ᠂ ᠰᠤᠷᠪᠤᠯᠵᠢᠯᠠᠭᠴᠢ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠨᠢ᠂ ᠪᠥᠬᠦ ᠬᠤᠲᠠ ᠶᠢᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠤᠨ ᠬᠠᠷᠠᠭᠠᠯᠵᠠᠯ ᠤᠨ ᠲᠠᠩᠰᠠᠨ ᠡᠷᠦᠬᠡ ᠶᠢᠨ ᠡᠯ᠎ᠡ ᠵᠦᠢᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠢ ᠨᠢᠭᠡᠳᠦᠯᠲᠡᠢ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠲᠠᠷᠬᠠᠭᠠᠨ᠎ᠠ᠃      ᠲᠣᠰ ᠤᠳᠠᠭ᠎ᠠ ᠲᠣᠬᠢᠷᠠᠭᠤᠯᠤᠯᠲᠠ ᠶᠢᠨ ᠡᠲᠡᠭᠡᠳ ᠪᠣᠯ᠄ ᠮᠠᠨ ᠤ ᠬᠤᠲᠠ ᠶᠢᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠢ ᠠᠪᠴᠤ ᠪᠠᠶᠢᠭ᠎ᠠ ᠠᠵᠢᠯ ᠠᠴᠠ ᠪᠠᠨ ᠠᠮᠠᠷᠠᠭᠰᠠᠳ᠂ ᠨᠥᠭᠴᠢᠭᠰᠡᠳ ᠤᠨ ᠭᠡᠷ ᠪᠦᠯᠢ ᠶᠢᠨ ᠬᠦᠴᠢᠷᠳᠡᠯ ᠤᠨ ᠨᠥᠬᠦᠪᠦᠷᠢ ᠮᠥᠩᠭᠦ ᠬᠦᠷᠲᠡᠵᠦ ᠪᠠᠶᠢᠭ᠎ᠠ ᠨᠥᠭᠴᠢᠭᠰᠡᠳ ᠤᠨ ᠭᠡᠷ ᠪᠦᠯᠢ ᠶᠢᠨ ᠬᠥᠮᠥᠰ᠂ ᠰᠣᠯᠢᠬᠤ ᠴᠠᠭ ᠨᠢ 3 ᠳ᠋ᠤᠭᠠᠷ ᠰᠠᠷ᠎ᠠ ᠶᠢᠨ 1 ᠤ ᠡᠳᠦᠷ ᠠᠴᠠ 9 ᠳ᠋ᠦ᠋ᠭᠡᠷ ᠰᠠᠷ᠎ᠠ ᠶᠢᠨ 30 ᠤ ᠡᠳᠦᠷ᠃ ᠡᠨᠡ ᠬᠤᠭᠤᠴᠠᠭᠠᠨ ᠳᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠨᠠᠰᠤᠨ ᠤ ᠠᠮᠠᠷᠠᠯᠲᠠ ᠠᠪᠬᠤ ᠪᠠᠷ ᠭᠤᠶᠤᠴᠢᠯᠠᠬᠤ ᠳᠠᠭᠠᠨ ᠡᠷᠬᠡᠪᠰᠢ ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠲᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠮᠡᠳᠡᠭᠡ ᠵᠠᠩᠭᠢ ᠪᠠᠨ ᠬᠠᠩᠭᠠᠬᠤ ᠬᠡᠷᠡᠭᠲᠡᠢ︔᡽ᠮᠥᠩᠭᠦᠨ ᠭᠦᠢᠯᠭᠡᠭᠡᠨ ᠤ ᠴᠢᠳᠠᠮᠵᠢ ᠶᠢ ᠨᠢᠭᠡᠨᠲᠡ ᠠᠮᠢᠯᠠᠭᠤᠯᠤᠭᠰᠠᠨ ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠢ ᠠᠵᠢᠯ ᠠᠴᠠ ᠪᠠᠨ ᠠᠮᠠᠷᠠᠭᠰᠠᠳ ᠤᠨ ᠬᠠᠷᠠᠭᠠᠯᠵᠠᠯ ᠤᠨ ᠮᠥᠩᠭᠦ ᠶᠢ ᠠᠶᠠᠨᠳᠠᠭᠠᠨ ᠨᠡᠶᠢᠭᠡᠮ ᠤᠨ ᠪᠠᠲᠤᠯᠠᠭ᠎ᠠ ᠶᠢᠨ ᠺᠠᠷᠲ ᠳᠤ ᠰᠢᠯᠵᠢᠭᠦᠯᠵᠦ ᠲᠠᠷᠬᠠᠭᠠᠨ᠎ᠠ᠂ ᠲᠠᠩᠰᠠᠨ ᠡᠷᠦᠬᠡ ᠶᠢᠨ ᠮᠡᠳᠡᠭᠡ ᠵᠠᠩᠭᠢ ᠶᠢ ᠬᠤᠪᠢᠷᠠᠭᠤᠯᠬᠤ ᠭᠠᠷ ᠭᠦᠢᠴᠡᠳᠬᠡᠯ ᠬᠢᠬᠦ ᠴᠢᠬᠤᠯᠠ ᠦᠭᠡᠢ︔ ᠨᠡᠶᠢᠭᠡᠮ ᠤᠨ ᠪᠠᠲᠤᠯᠠᠭ᠎ᠠ ᠶᠢᠨ ᠺᠠᠷᠲ ᠠᠪᠤᠭᠰᠠᠨ ᠪᠣᠯᠪᠠᠴᠤ ᠮᠥᠩᠭᠦᠨ ᠭᠦᠢᠯᠭᠡᠭᠡᠨ ᠤ ᠴᠢᠳᠠᠮᠵᠢ ᠶᠢ ᠠᠮᠢᠯᠠᠭᠤᠯᠤᠭᠠᠳᠤᠢ ᠠᠵᠢᠯ ᠠᠴᠠ ᠪᠠᠨ ᠠᠮᠠᠷᠠᠭᠰᠠᠳ ᠺᠠᠷᠲ ᠲᠠᠷᠬᠠᠭᠠᠭᠰᠠᠨ ᠪᠠᠩᠬᠢ ᠳᠤ ᠲᠦᠷᠭᠡᠨ ᠬᠦᠷᠴᠦ ᠮᠥᠩᠭᠦᠨ ᠭᠦᠢᠯᠭᠡᠭᠡᠨ ᠤ ᠴᠢᠳᠠᠮᠵᠢ ᠶᠢ ᠠᠮᠢᠯᠠᠭᠤᠯᠤᠨ᠎ᠠ︔ ᠨᠡᠶᠢᠭᠡᠮ ᠤᠨ ᠪᠠᠲᠤᠯᠠᠭ᠎ᠠ ᠶᠢᠨ ᠺᠠᠷᠲ ᠠᠪᠤᠭᠠᠳᠤᠢ ᠠᠵᠢᠯ ᠠᠴᠠ ᠪᠠᠨ ᠠᠮᠠᠷᠠᠭᠰᠠᠳ ᠠᠯᠢ ᠲᠦᠷᠭᠡᠨ ᠢᠶᠠᠷ ᠲᠣᠭᠲᠠᠭᠰᠠᠨ ᠪᠠᠩᠬᠢ ᠳᠤ ᠬᠦᠷᠴᠦ ᠭᠤᠶᠤᠴᠢᠯᠠᠨ ᠠᠪᠬᠤ ᠶᠢᠨ ᠬᠠᠮᠲᠤ ᠮᠥᠩᠭᠦᠨ ᠭᠦᠢᠯᠭᠡᠭᠡᠨ ᠤ ᠴᠢᠳᠠᠮᠵᠢ ᠶᠢ ᠠᠮᠢᠯᠠᠭᠤᠯᠬᠤ ᠬᠡᠷᠡᠭᠲᠡᠢ︔ ᠥᠨᠳᠥᠷ ᠨᠠᠰᠤᠲᠠᠢ᠂ ᠡᠪᠡᠳᠴᠢᠨ ᠲᠠᠢ᠂ ᠵᠡᠮᠳᠡᠭ ᠬᠥᠮᠥᠨ ᠵᠡᠷᠭᠡ ᠶᠠᠪᠤᠵᠤ ᠰᠠᠭᠤᠬᠤ ᠳᠤ ᠳᠥᠭᠦᠮ ᠦᠭᠡᠢ ᠠᠵᠢᠯ ᠠᠴᠠ ᠪᠠᠨ ᠠᠮᠠᠷᠠᠭᠰᠠᠳ ᠺᠠᠷᠲ ᠲᠠᠷᠬᠠᠭᠠᠭᠰᠠᠨ ᠣᠶᠢᠷ᠎ᠠ ᠬᠠᠪᠢ ᠶᠢᠨ ᠪᠠᠩᠬᠢ ᠲᠠᠢ ᠬᠠᠷᠢᠯᠴᠠᠵᠤ᠂ ᠭᠡᠷ ᠲᠤᠨᠢ ᠬᠦᠷᠴᠦ ᠺᠠᠷᠲ ᠬᠢᠯᠭᠡᠵᠦ ᠪᠣᠯᠣᠨ᠎ᠠ︔ ᠨᠡᠶᠢᠭᠡᠮ ᠤᠨ ᠳᠠᠭᠠᠳᠬᠠᠯ ᠤᠨ ᠪᠡᠶᠡᠴᠢ ᠺᠠᠷᠲ ᠲᠠᠢ ᠠᠵᠢᠯ ᠠᠴᠠ ᠪᠠᠨ ᠠᠮᠠᠷᠠᠭᠰᠠᠳ ᠠᠯᠢ ᠲᠦᠷᠭᠡᠨ ᠢᠶᠠᠷ ᠨᠡᠶᠢᠭᠡᠮ ᠤᠨ ᠳᠠᠭᠠᠳᠬᠠᠯ ᠤᠨ ᠡᠯᠧᠺᠲᠷᠣᠨ ᠺᠠᠷᠲ ᠢ ᠭᠤᠶᠤᠴᠢᠯᠠᠨ ᠠᠪᠤᠭᠠᠷᠠᠢ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号