ᠬᠥᠬᠡᠬᠤᠲᠠ ᠶᠢᠨ 10 ᠡᠮᠴᠢᠯᠡᠭᠡᠨ ᠤ ᠪᠠᠶᠢᠭᠤᠯᠤᠮᠵᠢ ᠰᠦᠢᠳᠬᠡᠯ ᠬᠤᠷᠢᠶᠠᠬᠤ ᠦᠭᠡᠢ ᠪᠠᠷ ︽ᠬᠤᠶᠠᠷ ᠦᠮᠡᠨ︾ ᠢ ᠰᠢᠭᠰᠢᠨ ᠪᠠᠶᠢᠴᠠᠭᠠᠬᠤ ᠲᠥᠷᠥᠯ ᠵᠦᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2023/3/30
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠤᠷᠭᠤᠮᠠᠯ︶ ᠲᠦᠷᠦᠬᠦᠭᠡᠨ᠂ ᠰᠤᠷᠪᠤᠯᠵᠢᠯᠠᠭᠴᠢ ᠬᠦᠬᠡᠬᠤᠳᠠ ᠶᠢᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠠᠴᠠ ᠣᠶᠢᠯᠠᠭᠠᠭᠰᠠᠨ ᠢᠶᠠᠷ᠂ ᠬᠥᠬᠡᠬᠤᠲᠠ ᠶᠢᠨ ᠤᠯᠠᠨ ᠡᠮᠴᠢᠯᠡᠭᠡᠨ ᠤ ᠪᠠᠶᠢᠭᠤᠯᠤᠮᠵᠢ ᠰᠦᠢᠳᠬᠡᠯ ᠬᠤᠷᠢᠶᠠᠬᠤ ᠥᠬᠡᠶ ᠪᠠᠷ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠲᠥᠷᠥᠯ ᠵᠦᠢᠯ ᠢ ᠡᠬᠢᠯᠡᠬᠦᠯᠪᠠ᠃ ᠲᠤᠰ ᠠᠵᠢᠯᠯᠠᠭ᠎ᠠ ᠨᠢ 12 ᠰᠠᠷ᠎ᠠ ᠶᠢᠨ 31 ᠤ ᠡᠳᠦᠷ  ᠪᠣᠯᠲᠠᠯ᠎ᠠ ᠶᠠᠪᠤᠭᠳᠠᠨ᠎ᠠ᠃      ᠣᠶᠢᠯᠠᠭᠠᠭᠰᠠᠨ ᠢᠶᠠᠷ᠂ ᠬᠥᠬᠦᠨ ᠪᠤᠯᠴᠢᠷᠬᠠᠶ ᠶᠢᠨ ᠥᠮᠡᠨ᠂ ᠰᠠᠪᠠᠨ ᠤ ᠬᠦᠵᠦᠭᠦᠨ ᠤ ᠥᠮᠡᠨ ︵ᠳᠥᠭᠦᠮᠴᠢᠯᠡᠭᠡᠳ ︽ᠬᠤᠶᠠᠷ ᠥᠮᠡᠨ︾ ᠭᠡᠳᠡᠭ︶ ᠪᠣᠯ ᠪᠦᠬᠦ ᠳᠡᠯᠡᠭᠡᠢ ᠶᠢᠨ ᠡᠮᠡᠭᠲᠡᠶᠢᠴᠦᠳ ᠤᠨ ᠡᠷᠡᠬᠦᠯ ᠮᠡᠨᠳᠦ ᠳᠤ ᠰᠦᠷᠳᠡᠭᠦᠯᠤᠯ ᠪᠤᠯᠵᠦ ᠪᠠᠶᠢᠭ᠎ᠠ ᠬᠤᠶᠠᠷ ᠶᠡᠭᠡ ᠬᠤᠤᠷᠲᠤ ᠬᠠᠪᠤᠳᠠᠷ ᠪᠣᠯᠣᠨ᠎ᠠ᠃ ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠤᠯᠤᠰ ᠤᠨ ᠡᠮᠡᠭᠲᠡᠶᠢᠴᠦᠳ ᠤᠨ ︽ᠬᠤᠶᠠᠷ ᠥᠮᠡᠨ︾ ᠳᠤ ᠨᠡᠷᠪᠡᠭᠳᠡᠬᠦ ᠨᠣᠷᠮ᠎ᠠ ᠵᠢᠯ ᠳᠠᠷᠠᠭᠠᠯᠠᠨ ᠨᠡᠮᠡᠭᠳᠡᠵᠦ ᠪᠠᠶᠢᠬᠤ ᠪᠥᠭᠡᠳ ︽ᠬᠤᠶᠠᠷ ᠦᠮᠠᠨ︾ ᠳᠤ ᠨᠡᠷᠪᠡᠭᠳᠡᠬᠦ ᠡᠪᠡᠳᠴᠢᠳᠡᠨ ᠵᠠᠯᠠᠭᠤᠵᠢᠬᠤ ᠬᠠᠨᠳᠤᠰᠢ ᠢᠯᠡᠷᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠲᠥᠷᠥᠯ  ᠵᠦᠢᠯ ᠢ ᠨᠠᠶᠢᠳᠠᠪᠤᠷᠢᠵᠢᠭᠤᠯᠵᠤ᠂ ᠬᠦᠬᠡᠬᠤᠲᠠ ᠶᠢᠨ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠠᠵᠢᠯ ᠢ ᠠᠬᠢᠭᠤᠯᠤᠨ᠂ ᠵᠣᠬᠢᠬᠤ ᠨᠠᠰᠤᠨ ᠤ ᠡᠮᠡᠭᠲᠡᠶᠢᠴᠦᠳ ᠤᠨ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠠᠵᠢᠯ ᠢ ᠦᠨᠡᠨ ᠬᠦ ᠰᠠᠶᠢᠲᠤᠷ ᠬᠢᠵᠦ᠂ ᠥᠷᠭᠡᠨ ᠣᠯᠠᠨ ᠡᠮᠡᠭᠲᠡᠶᠢᠴᠦᠳ ᠤᠨ ᠪᠡᠶ᠎ᠡ ᠰᠡᠳᠭᠢᠯ ᠤᠨ ᠡᠷᠡᠭᠦᠯ ᠮᠡᠨᠳᠦ ᠶᠢ ᠬᠠᠮᠠᠭᠠᠯᠠᠬᠤ ᠶᠢᠨ ᠲᠥᠯᠥᠭᠡ᠂ ᠬᠥᠬᠡᠬᠤᠲᠠ ᠶᠢᠨ 9 ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ᠂ ᠬᠥᠬᠡᠬᠤᠲᠠ ᠶᠢᠨ ᠡᠷᠡᠬᠦᠯᠵᠢᠯ ᠤᠨ ᠡᠮᠨᠡᠯᠭᠡ ᠶᠢᠨ ᠬᠤᠷᠢᠶ᠎ᠠ ︽ᠬᠤᠶᠠᠷ ᠥᠮᠡᠨ︾ ᠢ ᠰᠦᠢᠳᠬᠡᠯ ᠬᠤᠷᠢᠶᠠᠬᠤ ᠥᠬᠡᠶ ᠪᠠᠷ ᠰᠢᠭᠰᠢᠨ ᠪᠠᠶᠢᠴᠠᠭᠠᠬᠤ ᠲᠥᠷᠥᠯ ᠵᠦᠢᠯ ᠢ ᠡᠬᠢᠯᠡᠭᠦᠯᠪᠡ᠃ ᠰᠢᠭᠰᠢᠨ ᠪᠠᠶᠢᠴᠠᠭᠠᠯᠲᠠ ᠳᠤ᠂ ᠡᠮᠡᠭᠲᠡᠢ ᠶᠢᠨ ᠰᠠᠯᠠᠭᠠᠨ ᠤ ᠡᠩ ᠤᠨ ᠪᠠᠶᠢᠴᠠᠭᠠᠯᠲᠠ᠂ ᠰᠠᠪᠠᠨ ᠤᠨ ᠬᠦᠵᠦᠭᠦᠨ ᠤ TCT ᠶᠢᠨ ᠪᠠᠶᠢᠴᠠᠭᠠᠯᠲᠠ᠂ ᠬᠥᠬᠦᠨ ᠪᠤᠯᠴᠢᠷᠬᠠᠶ ᠶᠢᠨ ᠦᠵᠡᠬᠦ ᠰᠢᠨᠵᠢᠯᠡᠭᠡ᠂ ᠬᠦᠷᠦᠯᠴᠡᠬᠦ ᠰᠢᠨᠵᠢᠯᠡᠭᠡ᠂ ᠬᠥᠬᠦᠨ ᠪᠤᠯᠴᠢᠷᠬᠠᠶ ᠶᠢᠨ ᠥᠩᠭᠡᠲᠦ ᠳᠣᠯᠭᠢᠶᠠᠨ ᠤ ᠪᠠᠶᠢᠴᠠᠭᠠᠯᠲᠠ ᠵᠡᠷᠭᠡ ᠠᠭᠤᠯᠭ᠎ᠠ ᠪᠠᠭᠲᠠᠵᠤ ᠪᠤᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号