ᠦᠴᠦᠸᠠᠨ ᠰᠢᠶᠠᠨ ᠲᠠᠯ᠎ᠠ ᠨᠤᠲᠤᠭ ᠤᠨ ᠨᠣᠮ ᠤᠨ ᠥᠷᠥᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠢᠴᠢ ᠲᠠᠯ᠎ᠠ ᠨᠤᠲᠤᠭ ᠤᠨ ᠨᠣᠮ ᠤᠨ ᠥᠷᠥᠭᠡ ᠶᠢᠨ ᠬᠠᠮᠢᠶᠠᠷᠤᠭᠴᠢ ᠶᠢ ᠪᠣᠯᠪᠠᠰᠤᠷᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/7
     ᠲᠠᠯ᠎ᠠ ᠨᠤᠲᠤᠭ ᠤᠨ ᠨᠣᠮ ᠤᠨ ᠥᠷᠥᠭᠡ ᠶᠢᠨ ᠭᠤᠣᠯᠳᠠᠯᠭ᠎ᠠ ᠲᠠᠢ ᠬᠡᠪᠯᠡᠭᠳᠡᠬᠦᠨ ᠢ ᠨᠥᠬᠦᠪᠦᠷᠢᠯᠡᠨ ᠰᠢᠨᠡᠳᠬᠡᠬᠦ ᠪᠠ ᠥᠪᠥᠷ ᠮᠣᠩᠭᠤᠯ ᠤᠨ ᠲᠣᠭᠠᠴᠢᠯᠠᠭᠰᠠᠨ ᠲᠠᠯ᠎ᠠ ᠨᠤᠲᠤᠭ ᠤᠨ ᠨᠣᠮ ᠤᠨ ᠥᠷᠥᠭᠡ ᠶᠢ ᠳᠡᠯᠭᠡᠷᠡᠭᠦᠯᠦᠨ ᠬᠡᠷᠡᠭᠯᠡᠬᠦ ᠠᠵᠢᠯ ᠢ ᠦᠨᠡᠨᠬᠦ ᠰᠠᠶᠢᠲᠤᠷ ᠬᠢᠵᠦ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠢ ᠠᠬᠢᠭᠤᠯᠤᠨ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠬᠡᠷᠡᠭᠯᠡᠯᠲᠡ ᠶᠢᠨ ᠨᠣᠷᠮ᠎ᠠ᠂ ᠤᠩᠰᠢᠯᠭ᠎ᠠ ᠶᠢᠨ ᠨᠣᠷᠮ᠎ᠠ ᠶᠢ ᠳᠡᠭᠡᠭᠰᠢᠯᠡᠭᠦᠯᠬᠦ ᠤᠨ ᠲᠤᠰᠠᠲᠠ᠂ 3 ᠰᠠᠷ᠎ᠠ ᠶᠢᠨ 2 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠰᠣᠶᠣᠯ ᠪᠣᠯᠪᠠᠰᠤᠷᠠᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠢᠴᠢ ᠲᠠᠯ᠎ᠠ ᠨᠤᠲᠤᠭ ᠤᠨ ᠨᠣᠮ ᠤᠨ ᠥᠷᠥᠭᠡ ᠶᠢᠨ ᠬᠠᠮᠢᠶᠠᠷᠤᠭᠴᠢ ᠶᠢ ᠪᠣᠯᠪᠠᠰᠤᠷᠠᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃      ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠬᠥᠬᠡᠬᠤᠲᠠ ᠶᠢᠨ ᠰᠢᠨᠬᠤᠸᠠ ᠨᠣᠮ ᠤᠨ ᠳᠡᠯᠭᠡᠭᠦᠷ ᠤᠨ ᠬᠢᠵᠠᠭᠠᠷᠲᠤ ᠺᠣᠮᠫᠠᠨᠢ ᠶᠢᠨ ᠮᠡᠳᠡᠭᠡ ᠵᠠᠩᠭᠢᠴᠢ ᠲᠠᠯ᠎ᠠ ᠨᠤᠲᠤᠭ ᠤᠨ ᠨᠣᠮ ᠤᠨ ᠥᠷᠥᠭᠡ ᠶᠢᠨ ᠬᠠᠮᠢᠶᠠᠷᠤᠭᠴᠢ ᠶᠢᠨ ᠲᠤᠰᠢᠶᠠᠯ ᠬᠠᠷᠢᠭᠤᠴᠠᠯᠭ᠎ᠠ᠂ ᠬᠡᠪᠯᠡᠭᠳᠡᠬᠦᠨ ᠤ ᠲᠥᠷᠥᠯ ᠠᠩᠭᠢᠯᠠᠯ᠂ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠵᠢᠭᠡᠯᠡᠨ ᠤᠩᠰᠢᠬᠤ APP ᠴᠤᠪᠤᠷᠠᠯ ᠵᠡᠷᠭᠡ ᠠᠭᠤᠯᠭ᠎ᠠ ᠳᠤ ᠭᠤᠣᠯᠳᠠᠯᠭ᠎ᠠ ᠲᠠᠢ ᠲᠠᠶᠢᠯᠤᠮᠵᠢ ᠪᠣᠯᠪᠠᠰᠤᠷᠠᠭᠤᠯᠤᠯ ᠬᠢᠵᠡᠢ᠃ᠡᠭᠦᠨ ᠤ ᠬᠠᠮᠲᠤ᠂ ᠬᠤᠷᠠᠯ ᠳᠡᠭᠡᠷ᠎ᠡ ᠪᠠᠰᠠ ᠥᠪᠥᠷ ᠮᠣᠩᠭᠤᠯ ᠤᠨ ᠲᠣᠭᠠᠴᠢᠯᠠᠭᠰᠠᠨ ᠲᠠᠯ᠎ᠠ ᠨᠤᠲᠤᠭ ᠤᠨ ᠨᠣᠮ ᠤᠨ ᠦᠷᠦᠭᠡ ᠶᠢ ᠬᠡᠷᠡᠭᠯᠡᠵᠦ ᠳᠡᠯᠭᠡᠷᠡᠭᠦᠯᠬᠦ ᠪᠠ ᠳᠠᠩᠰᠠᠯᠠᠬᠤ ᠡᠭᠦᠷᠭᠡ ᠶᠢ ᠬᠤᠪᠢᠶᠠᠷᠢᠯᠠᠪᠠ᠃      ᠬᠤᠷᠠᠯ ᠤᠨ ᠠᠬᠤᠢ ᠲᠠᠯᠠᠪᠠᠶ ᠳᠤ᠂ ᠰᠢᠨᠬᠤᠸᠠ ᠨᠣᠮ ᠤᠨ ᠳᠡᠯᠭᠡᠭᠦᠷ ᠪᠣᠯᠣᠨ ᠮᠠᠨ ᠤ ᠰᠢᠶᠠᠨ ᠤ ᠲᠠᠯ᠎ᠠ ᠨᠤᠲᠤᠭ ᠤᠨ ᠨᠣᠮ ᠤᠨ ᠥᠷᠥᠭᠡ ᠭᠤᠣᠯᠳᠠᠯᠭ᠎ᠠ ᠲᠠᠢ ᠬᠡᠪᠯᠡᠭᠳᠡᠬᠦᠨ ᠢ ᠨᠥᠬᠦᠪᠦᠷᠢᠯᠡᠨ ᠰᠢᠨᠡᠳᠬᠡᠪᠡ᠃ᠡᠭᠦᠨ ᠠᠴᠠ ᠭᠠᠳᠠᠨ᠎ᠠ᠂ ᠦᠴᠦᠸᠠᠨ ᠰᠢᠶᠠᠨ ᠤ ᠰᠢᠨᠬᠤᠸᠠ ᠨᠣᠮ ᠤᠨ ᠳᠡᠯᠭᠡᠭᠦᠷ ᠤᠨ ᠬᠤᠪᠢᠶᠠᠷᠢ ᠺᠣᠮᠫᠠᠨᠢ ᠪᠠᠰᠠ ᠪᠥᠬᠦ ᠰᠢᠶᠠᠨ ᠤ ᠲᠠᠯ᠎ᠠ ᠨᠤᠲᠤᠭ ᠤᠨ ᠨᠣᠮ ᠤᠨ ᠥᠷᠥᠭᠡ ᠳᠤ 19.6 ᠲᠦᠮᠡᠨ ᠲᠥᠭᠦᠷᠢᠭ ᠤᠨ ᠥᠷᠲᠡᠭ ᠪᠦᠬᠦᠢ ᠡᠯ᠎ᠡ ᠲᠥᠷᠥᠯ ᠤᠨ ᠨᠣᠮ ᠪᠢᠴᠢᠭ ᠢ 5880 ᠳᠡᠪᠲᠡᠷ ᠨᠥᠬᠦᠪᠦᠷᠢᠯᠡᠵᠦ᠂ ᠬᠤᠲᠠ ᠬᠥᠳᠡᠭᠡ ᠶᠢᠨ ᠣᠯᠠᠨ ᠲᠦᠮᠡᠨ ᠤ ᠠᠵᠢᠯ ᠤᠨ ᠴᠢᠯᠦᠭᠡᠨ ᠤ ᠰᠣᠶᠣᠯ ᠤᠨ ᠠᠮᠢᠳᠤᠷᠠᠯ ᠢ ᠪᠦᠲᠦᠮᠵᠢᠲᠡᠶ ᠪᠠᠶᠠᠯᠢᠭᠵᠢᠭᠤᠯᠵᠤ᠂ ᠮᠠᠨ ᠤ ᠰᠢᠶᠠᠨ ᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠭᠰᠡᠨ ᠪᠠᠶᠢᠨ᠎ᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠲᠠᠯ᠎ᠠ ᠨᠤᠲᠤᠭ ᠤᠨ ᠨᠣᠮ ᠤᠨ ᠦᠷᠦᠭᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠪᠣᠯ ᠦᠨᠳᠦᠰᠦᠨ ᠱᠠᠲᠤᠨ ᠤ ᠰᠣᠶᠣᠯ ᠤᠨ ᠦᠢᠯᠡᠴᠢᠯᠡᠭᠡᠨ ᠤ ᠲᠠᠪᠴᠠᠩ ᠢ ᠴᠢᠨᠠᠭᠰᠢᠳᠠ ᠴᠣᠭᠴᠠᠯᠠᠬᠤ᠂ ᠪᠦᠬᠦ ᠠᠷᠠᠳ ᠢᠶᠠᠷ ᠢᠶᠠᠨ ᠨᠣᠮ ᠤᠩᠰᠢᠬᠤ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠬᠦᠴᠦᠨ ᠨᠡᠮᠡᠷᠢᠯᠡᠬᠦ ᠪᠦᠲᠦᠮᠵᠢᠲᠡᠢ ᠭᠠᠷᠳᠠᠴᠠ ᠪᠣᠯᠣᠨ᠎ᠠ᠃ᠡᠯ᠎ᠡ ᠲᠠᠯ᠎ᠠ ᠨᠤᠲᠤᠭ ᠤᠨ ᠨᠣᠮ ᠤᠨ ᠥᠷᠥᠭᠡ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠨᠣᠮ ᠪᠢᠴᠢᠭ ᠤᠨ ᠲᠥᠷᠥᠯ ᠠᠩᠭᠢᠯᠠᠯ ᠢ ᠰᠠᠶᠢᠲᠤᠷ ᠬᠢᠵᠦ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠦᠷᠭᠦᠯᠵᠢᠯᠡᠨ ᠬᠥᠭᠵᠢᠬᠦ ᠶᠢ ᠲᠦᠯᠬᠢᠨ ᠠᠬᠢᠭᠤᠯᠬᠤ ᠬᠡᠷᠡᠭᠲᠡᠢ︔ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠤ ᠰᠠᠨᠠᠭᠠᠴᠢᠯᠠᠭᠠᠲᠤ ᠴᠢᠨᠠᠷ ᠢ ᠬᠥᠭᠵᠢᠭᠡᠵᠦ᠂ ᠲᠠᠯ᠎ᠠ ᠨᠤᠲᠤᠭ ᠤᠨ ᠨᠣᠮ ᠤᠨ ᠦᠷᠦᠭᠡ ᠶᠢᠨ ᠡᠯ᠎ᠡ ᠲᠦᠷᠦᠯ ᠤᠨ ᠨᠣᠮ ᠪᠢᠴᠢᠭ ᠤᠨ ᠡᠬᠢ ᠪᠠᠶᠠᠯᠢᠭ ᠤᠨ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠢ᠂ ᠡᠯ᠎ᠡ ᠵᠦᠢᠯ ᠤᠨ ᠰᠣᠶᠣᠯ ᠤᠨ ᠠᠵᠢᠯᠯᠠᠭ᠎ᠠ ᠶᠢ ᠲᠠᠯ᠎ᠠ ᠨᠤᠲᠤᠭ ᠤᠨ ᠨᠣᠮ ᠤᠨ ᠦᠷᠦᠭᠡ ᠲᠠᠢ ᠣᠷᠭᠠᠨᠢᠭ ᠢᠶᠠᠷ ᠤᠶᠠᠯᠳᠤᠭᠤᠯᠵᠤ᠂ ᠲᠠᠯ᠎ᠠ ᠨᠤᠲᠤᠭ ᠤᠨ ᠨᠣᠮ ᠤᠨ ᠦᠷᠦᠭᠡ ᠪᠠᠷ ᠤᠶᠤᠨ ᠰᠠᠨᠠᠭᠠᠨ ᠤ ᠭᠡᠷ ᠣᠷᠣᠨ ᠪᠣᠯᠭᠠᠵᠤ᠂ ︽ᠪᠢᠴᠢᠭ ᠤᠨ ᠦᠨᠦᠷ ᠬᠠᠩᠬᠤᠯᠤᠭᠰᠠᠨ ᠦᠴᠦᠸᠠᠨ︾ ᠢ ᠮᠠᠨ ᠤ ᠰᠢᠶᠠᠨ ᠤ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠪᠣᠯᠭᠠᠵᠤ᠂ ᠲᠣᠭᠠᠴᠢᠯᠠᠭᠰᠠᠨ ᠥᠪᠥᠷ ᠮᠣᠩᠭᠤᠯ ᠤᠨ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号