ᠮᠠᠨ ᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠢᠰᠲ᠋ᠧᠮ ᠡᠨᠡ ᠵᠢᠯ ᠲᠠᠪᠤᠨ ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2023/3/7
     ︵ᠰᠤᠷᠪᠤᠯᠵᠢᠯᠠᠭᠴᠢ ᠴᠢ ᠰᠢᠶᠣᠣ ᠶᠠᠨ︶ ᠡᠨᠡ ᠵᠢᠯ᠂ ᠮᠠᠨ ᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠲᠠᠪᠤᠨ ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠪᠡᠶᠡᠯᠡᠭᠦᠯᠦᠨ᠎ᠡ᠃     ᠨᠢᠭᠡ ᠳᠤ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠪᠠᠷ ᠰᠠᠭᠤᠷᠢ ᠪᠣᠯᠭᠠᠨ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ︽ᠨᠡᠮᠡᠭᠳᠡᠯ ᠤᠨ ᠬᠡᠮᠵᠢᠶ᠎ᠡ ᠶᠢ ᠥᠷᠭᠡᠳᠬᠡᠬᠦ︾᠂ ︽ᠮᠢᠩᠭᠠᠨ ᠠᠵᠤ ᠠᠬᠤᠶᠢᠯᠠᠯ ᠢ ᠣᠷᠣᠭᠤᠯᠬᠤ︾᠂ ᠠᠵᠤ ᠠᠬᠤᠶᠢᠯᠠᠯ ᠤᠨ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠳᠤ ᠬᠤᠯᠪᠣᠭᠳᠠᠭᠰᠠᠨ ᠢ ᠵᠠᠰᠠᠬᠤ᠂ ᠪᠡᠶᠡᠴᠢ ᠴᠣᠭᠴᠠ ᠶᠢᠨ ︽ᠰᠠᠭᠤᠷᠢ ᠪᠠᠨ ᠪᠠᠲᠤᠳᠬᠠᠬᠤ︾ ᠳᠤ ᠬᠠᠪᠰᠤᠷᠬᠤ᠂ ︽ᠪᠣᠳᠠᠲᠤ ᠠᠵᠢᠯ ᠬᠢᠵᠦ᠂ ᠪᠣᠳᠠᠲᠤ ᠬᠦᠴᠦᠨ ᠢ ᠳᠡᠭᠡᠭᠰᠢᠯᠡᠭᠦᠯᠬᠦ︾ ︽ᠲᠠᠪᠤᠨ ᠶᠡᠭᠡ ᠠᠵᠢᠯᠯᠠᠭ᠎ᠠ︾ ᠶᠢᠨ ᠠᠵᠢᠯ ᠤᠳ ᠢ ᠪᠦᠬᠦ ᠬᠦᠴᠦᠨ ᠢᠶᠠᠷ ᠢᠶᠠᠨ ᠥᠷᠨᠢᠭᠦᠯᠦᠨ᠎ᠡ︔ ᠬᠤᠶᠠᠷ ᠲᠤ ᠠᠵᠤ ᠦᠢᠯᠡᠰ ᠤᠨ ᠬᠥᠭᠵᠢᠯᠲᠡ ᠶᠢᠨ ᠭᠤᠣᠯ ᠲᠡᠶᠢᠨ ᠤ ᠲᠠᠯᠠᠪᠤᠷ ᠲᠤ ᠵᠣᠭᠰᠣᠨ᠂ ᠶᠠᠰᠤ ᠴᠢᠨᠠᠷ ᠦᠷ᠎ᠡ ᠠᠰᠢᠭ ᠤᠨ ᠬᠡᠯᠪᠡᠷᠢ ᠶᠢ ᠬᠤᠪᠢᠷᠠᠭᠤᠯᠬᠤ ᠢᠨᠵᠧᠨᠧᠷᠢᠩ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠢᠨᠵᠧᠨᠧᠷᠢᠩ᠂ ᠪᠠᠷᠢᠮᠵᠢᠶ᠎ᠠ ᠪᠠᠷ ᠠᠵᠤ ᠠᠬᠤᠶᠢᠯᠠᠯ ᠢ ᠳᠡᠮᠵᠢᠨ ᠳᠡᠭᠡᠭᠰᠢᠯᠡᠭᠦᠯᠬᠦ ᠢᠨᠵᠧᠨᠧᠷᠢᠩ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠤᠲᠠ ᠶᠢ ᠬᠦᠴᠦᠷᠬᠡᠭᠵᠢᠭᠦᠯᠬᠦ ᠢᠨᠵᠧᠨᠧᠷᠢᠩ ︽ᠳᠥᠷᠪᠡᠨ ᠵᠦᠢᠯ ᠤᠨ ᠢᠨᠵᠧᠨᠧᠷᠢᠩ︾ ᠢ ᠪᠥᠬᠦ ᠬᠤᠷᠳᠤᠴᠠ ᠪᠠᠷ ᠬᠡᠷᠡᠭᠵᠢᠭᠦᠯᠦᠨ ᠠᠬᠢᠭᠤᠯᠤᠨ᠎ᠠ︔ ᠭᠤᠷᠪᠠ ᠳᠤ᠂ ᠤᠯᠠᠨ ᠲᠦᠮᠡᠨ ᠤ ᠠᠩᠬᠠᠷᠤᠯ ᠳᠤ ᠲᠥᠪᠯᠡᠷᠡᠭᠦᠯᠦᠨ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠰᠠᠯᠲᠠ ᠶᠢᠨ ᠥᠷᠢᠰᠦᠯᠳᠦᠭᠡᠨ ᠢ ᠳᠦᠷᠢᠮ ᠲᠣᠭᠲᠠᠭᠠᠯ ᠳᠤ ᠨᠡᠶᠢᠴᠡᠭᠦᠯᠬᠦ᠂ ᠬᠡᠮᠵᠢᠯᠲᠡ ᠪᠠᠷ ᠠᠷᠠᠳ ᠤᠨ ᠠᠮᠢᠳᠤᠷᠠᠯ ᠳᠤ ᠠᠰᠢᠭ ᠬᠦᠷᠭᠡᠬᠦ᠂ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ ᠶᠢ ᠪᠦᠬᠦᠨ ᠢ ᠬᠠᠮᠠᠭᠠᠯᠠᠬᠤ᠂ ᠵᠠᠷ ᠮᠡᠳᠡᠭᠡ ᠪᠠᠷ ᠤᠳᠤᠷᠢᠳᠤᠮᠵᠢ ᠪᠣᠯᠭᠠᠬᠤ᠂ ᠬᠡᠷᠡᠭᠯᠡᠭᠡ ᠪᠠᠷ ᠢᠲᠡᠭᠡᠯ ᠵᠣᠷᠢᠭ ᠢ ᠳᠡᠭᠡᠭᠰᠢᠯᠡᠭᠦᠯᠬᠦ ︽ᠲᠠᠪᠤᠨ ᠵᠦᠢᠯ ᠤᠨ ᠡᠭᠦᠷᠭᠡ︾ ᠶᠢ ᠨᠠᠶᠢᠳᠠᠪᠤᠷᠢᠵᠢᠭᠤᠯᠤᠨ᠎ᠠ︔ ᠳᠥᠷᠪᠡ ᠳᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠢᠳᠡᠭᠡᠨ ᠤ ᠵᠦᠢᠯ᠂ ᠡᠮ ᠤᠨ ᠵᠦᠢᠯ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠪᠣᠯᠣᠨ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠤ ︽ᠲᠦᠷᠪᠡᠨ ᠶᠡᠭᠡ ᠬᠦᠷᠢᠶ᠎ᠡ︾ ᠶᠢᠨ ᠠᠶᠤᠯᠭᠦᠢ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ︔ ᠲᠠᠪᠤ ᠳᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠦᠨ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠴᠢᠳᠠᠪᠤᠷᠢ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ᠂ ᠣᠶᠤᠨᠴᠢ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ᠂ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠴᠢᠳᠠᠪᠤᠷᠢ ︽ᠲᠦᠷᠪᠡᠨ ᠵᠦᠢᠯ ᠤᠨ ᠴᠢᠳᠠᠪᠤᠷᠢ︾ ᠶᠢ ᠳᠡᠭᠡᠭᠰᠢᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠣᠳᠣᠬᠢᠴᠢᠯᠠᠯᠲᠠ ᠶᠢ ᠪᠡᠶᠡᠯᠡᠭᠦᠯᠦᠨ᠎ᠡ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号