ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠠᠴᠠ ᠠᠵᠢᠯ ᠡᠬᠢᠯᠡᠭᠦᠯᠬᠦ ᠠᠵᠢᠯ ᠰᠡᠷᠭᠦᠭᠡᠬᠦ ᠲᠥᠷᠥᠯ ᠵᠦᠢᠯ ᠢ ᠪᠦᠬᠦᠨ ᠢ ᠬᠠᠮᠤᠷᠤᠭᠰᠠᠨ᠂ ᠪᠥᠬᠦ ᠬᠡᠯᠬᠢᠶᠡᠨ ᠤ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2023/3/7
     ︵ᠰᠤᠷᠪᠤᠯᠵᠢᠯᠠᠭᠴᠢ ᠰᠦᠩ ᠰᠢᠶᠠᠩ ᠬᠤᠸᠠ︶ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠣᠳᠣ ᠠᠴᠠ ᠡᠬᠢᠯᠡᠨ ᠬᠠᠷᠢᠶ᠎ᠠ ᠣᠷᠣᠨ ᠳᠠᠬᠢ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠶᠡᠬᠡᠪᠡᠷ ᠪᠠᠶᠢᠴᠠᠭᠠᠵᠤ᠂ ᠶᠡᠬᠡᠪᠡᠷ ᠴᠡᠭᠴᠡᠯᠡᠨ ᠵᠠᠰᠠᠵᠤ᠂ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠪᠠ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠡᠭᠦᠨ ᠢ ᠰᠤᠷᠪᠤᠯᠵᠢᠯᠠᠭᠴᠢ 3 ᠳ᠋ᠤᠭᠠᠷ ᠰᠠᠷ᠎ᠠ ᠶᠢᠨ 2 ᠤᠨ ᠡᠳᠦᠷ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠤᠷᠠᠯᠳᠤᠭᠰᠠᠨ ᠪᠠᠷᠢᠯᠭ᠎ᠠ ᠶᠢᠨ ᠲᠥᠷᠥᠯ ᠵᠦᠢᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠡᠬᠢᠯᠡᠭᠦᠯᠬᠦ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠠᠴᠠ ᠣᠶᠢᠯᠠᠭᠠᠭᠰᠠᠨ ᠶᠤᠮ᠃      ᠨᠢᠭᠡ ᠳᠤ ᠠᠵᠢᠯ ᠢᠶᠠᠨ ᠡᠬᠢᠯᠡᠭᠦᠯᠬᠦ ᠠᠵᠢᠯ ᠢᠶᠠᠨ ᠰᠡᠷᠭᠦᠭᠡᠬᠦ ᠶᠢᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠨ᠎ᠠ᠃ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠠᠴᠠ ᠡᠯ᠎ᠡ ᠪᠦᠲᠦᠭᠡᠨ ᠪᠠᠶᠢᠭᠤᠯᠤᠯᠲᠠ ᠶᠢᠨ ᠨᠢᠭᠡᠴᠡ᠂ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠳ ︽ᠠᠶᠤᠯᠭᠦᠢ ᠶᠢ ᠪᠠᠲᠤᠯᠠᠬᠤ ᠰᠦᠢᠳᠬᠡᠯ︾ ᠢ ᠦᠨᠡᠨᠬᠦ ᠪᠣᠳᠠᠲᠠᠢ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ ᠵᠦᠢ ᠵᠣᠬᠢᠰᠲᠠᠢ ᠲᠣᠬᠢᠷᠠᠭᠤᠯᠤᠨ᠂ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠲᠡᠷᠢᠭᠦᠨ ᠴᠢᠬᠤᠯᠠ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ︔ ᠪᠠᠷᠢᠯᠭ᠎ᠠ ᠶᠢᠨ ᠠᠵᠤ ᠠᠬᠤᠶᠢᠯᠠᠯ ᠢ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠲᠠᠯᠳᠠ ᠭᠡᠮ ᠢ ᠳᠠᠷᠠᠭᠠᠯᠠᠨ ᠪᠠᠶᠢᠴᠠᠭᠠᠵᠤ᠂ ︽ᠡᠪᠡᠳᠴᠢᠨ ᠲᠠᠢ ᠪᠠᠷ ᠠᠵᠢᠯ ᠳᠤ ᠭᠠᠷᠬᠤ︾᠂ ︽ᠭᠡᠨᠡᠨ ᠢᠶᠠᠷ ᠪᠠᠷᠢᠯᠭ᠎ᠠ ᠪᠠᠷᠢᠬᠤ︾ ᠶᠢ ᠡᠷᠡᠰ ᠬᠤᠷᠢᠭᠯᠠᠬᠤ ᠬᠡᠷᠡᠭᠲᠡᠢ ᠭᠡᠵᠦ ᠱᠠᠭᠠᠷᠳᠠᠪᠠ᠃ ᠬᠢᠨᠠᠨ ᠬᠠᠮᠢᠶᠠᠷᠬᠤ ᠠᠵᠤ ᠠᠬᠤᠶᠢᠯᠠᠯ ᠤᠨ ᠲᠠᠯ᠎ᠠ ᠪᠠᠷ᠂ ᠲᠣᠭᠤᠷᠢᠨ ᠪᠠᠶᠢᠴᠠᠭᠠᠬᠤ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠲᠥᠰᠥᠯ ᠢ ᠨᠠᠶᠢᠷᠠᠭᠤᠯᠤᠨ ᠬᠢᠨᠠᠨ ᠵᠥᠪᠰᠢᠶᠡᠷᠡᠬᠦ ᠠᠵᠢᠯ ᠢ ᠰᠠᠶᠢᠲᠤᠷ ᠬᠢᠵᠦ᠂ ᠲᠤᠬᠠᠢ ᠶᠢᠨ ᠲᠠᠯᠠᠪᠤᠷ ᠲᠤ ᠣᠷᠣᠰᠢᠵᠤ ᠪᠠᠶᠢᠭ᠎ᠠ ᠠᠶᠤᠯ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ ᠲᠤᠬᠠᠢ ᠶᠢᠨ ᠲᠠᠯᠠᠪᠤᠷ ᠤᠨ ᠠᠶᠤᠯᠭᠦᠢ ᠡᠵᠡᠮᠳᠡᠯ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃      ᠬᠤᠶᠠᠷ ᠲᠤ᠂ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠳᠠᠯᠠᠨ᠎ᠠ᠃ ︽ᠡᠳᠦᠷ ᠪᠦᠷᠢ ᠲᠡᠭ ᠲᠤ ᠪᠤᠴᠠᠭᠠᠬᠤ︾ ᠬᠠᠷᠢᠭᠤᠴᠠᠯᠭᠠᠲᠤ ᠰᠡᠳᠬᠢᠯᠭᠡ ᠪᠠ ᠲᠦᠭᠰᠢᠭᠦᠷᠢᠲᠦ ᠰᠡᠳᠬᠢᠯᠭᠡ ᠪᠠᠷ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠨᠠᠷᠢᠨ ᠪᠣᠳᠠᠲᠠᠢ ᠠᠳᠬᠤᠵᠤ᠂ ᠠᠵᠢᠯ ᠢᠶᠠᠨ ᠡᠬᠢᠯᠡᠭᠦᠯᠦᠭᠰᠡᠨ ᠪᠠ ᠠᠵᠢᠯ ᠢᠶᠠᠨ ᠰᠡᠷᠭᠦᠭᠡᠭᠰᠡᠨ ᠲᠥᠷᠥᠯ ᠵᠦᠢᠯ ᠪᠣᠯᠭᠠᠨ ᠳᠤ ᠨᠢᠭᠡ ᠤᠳᠠᠭ᠎ᠠ ᠶᠢᠨ ᠪᠦᠬᠦᠨ ᠢ ᠬᠠᠮᠤᠷᠤᠭᠰᠠᠨ᠂ ᠪᠦᠬᠦ ᠬᠡᠯᠬᠢᠶ᠎ᠡ ᠶᠢᠨ ᠪᠠᠶᠢᠴᠠᠭᠠᠯᠲᠠ ᠬᠢᠵᠦ᠂ ᠬᠠᠷᠢᠭᠤᠴᠠᠯᠭ᠎ᠠ ᠶᠢᠨ ᠭᠤᠣᠯ ᠴᠣᠭᠴᠠ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠭᠰᠠᠨ ᠪᠠᠶᠢᠳᠠᠯ᠂ ᠲᠣᠨᠤᠭ ᠲᠥᠬᠦᠭᠡᠷᠦᠮᠵᠢ ᠶᠢᠨ ᠠᠵᠢᠯᠯᠠᠭᠠᠨ ᠢ ᠪᠠᠶᠢᠴᠠᠭᠠᠨ ᠬᠡᠮᠵᠢᠭᠰᠡᠨ ᠪᠠᠶᠢᠳᠠᠯ᠂ ᠠᠵᠢᠯᠲᠠᠨ ᠤ ᠠᠵᠢᠯ ᠤᠨ ᠪᠠᠶᠢᠷᠢ ᠳᠤ ᠬᠦᠷᠴᠦ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠠᠵᠢᠯᠯᠠᠭ᠎ᠠ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠨᠢ ᠲᠤᠶᠢᠯᠪᠤᠷᠢᠲᠠᠢ ᠪᠢᠰᠢ᠂ ᠲᠣᠨᠤᠭ ᠲᠥᠬᠦᠭᠡᠷᠦᠮᠵᠢ ᠶᠢ ᠪᠠᠶᠢᠴᠠᠭᠠᠨ ᠬᠡᠮᠵᠢᠭᠡᠳ ᠬᠢᠷᠢ ᠲᠡᠩᠴᠡᠭᠰᠡᠨ ᠦᠭᠡᠢ᠂ ᠵᠠᠩᠭᠢᠯᠠᠭ᠎ᠠ ᠶᠢᠨ ᠠᠵᠢᠯᠲᠠᠨ ᠠᠵᠢᠯ ᠤᠨ ᠪᠠᠶᠢᠷᠢ ᠳᠤ ᠬᠦᠷᠬᠦ ᠦᠭᠡᠢ ᠵᠢᠴᠢ ᠬᠠᠤᠯᠢ ᠶᠢ ᠵᠥᠷᠢᠴᠡᠨ ᠬᠤᠪᠢᠶᠠᠨ ᠳᠠᠭᠠᠭᠠᠴᠢᠯᠠᠭᠤᠯᠤᠭᠰᠠᠨ᠂ ᠰᠢᠯᠵᠢᠭᠦᠯᠦᠨ ᠳᠠᠭᠠᠭᠠᠴᠢᠯᠠᠭᠤᠯᠤᠭᠰᠠᠨ᠂ ᠪᠤᠰᠤᠳ ᠤᠨ ᠨᠡᠷ᠎ᠡ ᠶᠢ ᠲᠦᠰᠢᠭᠰᠡᠨ ᠲᠥᠷᠥᠯ ᠵᠦᠢᠯ ᠳᠤ ᠴᠥᠮ ᠬᠢᠨᠠᠯᠲᠠ ᠲᠠᠯᠪᠢᠬᠤ ᠶᠢ ᠰᠡᠷᠭᠦᠭᠡᠬᠦ ᠦᠭᠡᠢ᠂ ᠠᠵᠢᠯ ᠢᠶᠠᠨ ᠰᠡᠷᠭᠦᠭᠡᠬᠦ ᠶᠢ ᠵᠥᠪᠰᠢᠶᠡᠷᠡᠬᠦ ᠦᠭᠡᠢ︔ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃      ᠡᠭᠦᠨ ᠤ ᠵᠡᠷᠭᠡᠴᠡᠭᠡᠪᠡᠷ᠂ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠮᠡᠳᠡᠭᠡ ᠵᠠᠩᠭᠢ ᠶᠢᠨ ᠰᠢᠰᠲ᠋ᠧᠮ ᠳᠤ ᠲᠦᠰᠢᠭᠯᠡᠨ ᠬᠥᠳᠡᠯᠦᠩᠭᠦᠢ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠥᠭᠡᠷᠡᠴᠢᠯᠡᠨ ᠵᠠᠰᠠᠬᠤ ᠶᠣᠰᠣᠲᠠᠢ ᠶᠢ ᠪᠦᠬᠦᠨ ᠢ ᠥᠭᠡᠷᠡᠴᠢᠯᠡᠨ ᠵᠠᠰᠠᠨ᠎ᠠ᠃ ᠬᠤᠳᠠ ᠶᠢᠨ ᠶᠠᠪᠤᠳᠠᠯ ᠤᠨ ᠲᠥᠬᠦᠭᠡᠷᠦᠮᠵᠢ ᠶᠢ ᠬᠠᠮᠠᠭᠠᠯᠠᠵᠤ ᠥᠭᠡᠷᠡᠴᠢᠯᠡᠨ ᠵᠠᠰᠠᠬᠤ ᠶᠢ ᠴᠢᠩᠭ᠎ᠠ ᠠᠩᠬᠠᠷᠴᠤ᠂ ᠵᠠᠮ ᠤᠨ ᠭᠠᠳᠠᠷᠭᠤ ᠡᠪᠳᠡᠭᠳᠡᠭᠰᠡᠨ᠂ ᠬᠤᠳᠳᠤᠭ ᠤᠨ ᠠᠮᠠᠰᠠᠷ ᠭᠡᠭᠡᠭᠳᠡᠭᠰᠡᠨ᠂ ᠬᠠᠯᠬᠠᠪᠴᠢ ᠬᠡᠷᠡᠰᠬᠡ ᠤᠨᠠᠭᠰᠠᠨ᠂ ᠵᠠᠮ ᠤᠨ ᠳ᠋ᠧᠩ ᠠᠰᠠᠬᠤ ᠦᠭᠡᠢ ᠵᠡᠷᠭᠡ ᠪᠠᠶᠢᠳᠠᠯ ᠢ ᠣᠯᠵᠤ ᠮᠡᠳᠡᠪᠡᠯ᠂ ᠰᠡᠷᠡᠮᠵᠢᠯᠡᠭᠦᠯᠬᠦ ᠵᠡᠷᠭᠡ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠬᠠᠮᠤᠭ ᠲᠡᠷᠢᠭᠦᠨ ᠳᠤ ᠰᠠᠶᠢᠲᠤᠷ ᠬᠢᠵᠦ᠂ ᠬᠤᠯᠪᠣᠭᠳᠠᠯ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠳᠠᠷᠤᠶᠢᠬᠠᠨ ᠴᠡᠭᠴᠡᠯᠡᠨ ᠵᠠᠰᠠᠵᠤ ᠰᠡᠯᠪᠢᠨ ᠰᠡᠷᠭᠦᠭᠡᠵᠦ᠂ ᠤᠯᠠᠨ ᠲᠦᠮᠡᠨ ᠤ ᠬᠥᠯ ᠳᠣᠣᠷᠠᠬᠢ ᠵᠠᠮ ᠢ ᠨᠡᠩ ᠠᠶᠤᠯᠭᠦᠢ᠂ ᠨᠡᠩ ᠲᠠᠭᠠᠯᠠᠮᠵᠢᠲᠠᠢ ᠪᠣᠯᠭᠠᠨ᠎ᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号