ᠾᠧ ᠬᠠᠢ ᠳ᠋ᠦᠩ ᠲᠥᠪ ᠲᠧᠯᠸᠢᠰ ᠤᠨ ᠡᠳ᠋ ᠤᠨ ᠵᠠᠰᠠᠭ ᠠᠵᠤ ᠠᠬᠤᠢ ᠶᠢᠨ ᠰᠤᠪᠠᠭ ᠤᠨ ︽ᠶᠠᠷᠢᠯᠴᠠᠭ᠎ᠠ︾ ᠪᠤᠯᠤᠩ ᠳᠤ ᠬᠦᠷᠴᠦ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠨᠢ ᠠᠵᠤ ᠠᠬᠤᠢ ᠶᠢ ᠲᠡᠮᠡᠴᠡᠬᠦ ᠳᠤ ᠦᠵᠡᠭᠦᠯᠬᠦ ᠴᠢᠬᠤᠯᠠ ᠴᠢᠨᠠᠷ ᠢ ᠥᠭᠦᠯᠡᠪᠡ
ᠨᠡᠶᠢᠲᠡᠯᠡᠭᠰᠡᠨ ᠴᠠᠭ᠄
2023/4/10
      4 ᠳ᠋ᠦ᠋ᠭᠡᠷ ᠰᠠᠷ᠎ᠠ ᠶᠢᠨ 8 ᠤ ᠣᠷᠣᠢ᠂ ᠲᠥᠪ ᠲᠧᠯᠸᠢᠰ ᠤᠨ ᠡᠳ᠋ ᠤᠨ ᠵᠠᠰᠠᠭ ᠠᠵᠤ ᠠᠬᠤᠢ ᠶᠢᠨ ᠰᠤᠪᠠᠭ ᠤᠨ ︽ᠶᠠᠷᠢᠯᠴᠠᠭ᠎ᠠ︾ ᠪᠤᠯᠤᠩ ᠳᠤ ᠣᠨᠴᠠᠭᠠᠶᠢᠯᠠᠨ ᠰᠡᠳᠦᠭᠰᠡᠨ ︽ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠶᠡᠭᠡ ᠰᠢᠯᠭᠠᠯᠲᠠ ᠶᠢᠨ ᠲᠠᠯᠠᠪᠤᠷ︾ ᠫᠷᠣᠭ᠍ᠷᠠᠮ ᠢ ᠨᠠᠪᠲᠠᠷᠡᠭᠦᠯᠵᠦ᠂ ᠬᠥᠬᠡᠬᠤᠲᠠ 2022 ᠣᠨ ᠤ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠰᠢᠨ᠎ᠡ ᠶᠢ ᠡᠭᠦᠳᠦᠭᠰᠡᠨ ᠬᠤᠲᠠ ᠪᠣᠯᠤᠭᠰᠠᠨ ᠤ ᠬᠤᠪᠢ ᠪᠠᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠲᠣᠰ ᠬᠤᠭᠤᠴᠠᠭᠠᠨ ᠤ ᠫᠷᠣᠭ᠍ᠷᠠᠮ ᠳᠤ ᠤᠷᠢᠯᠭ᠎ᠠ ᠪᠠᠷ ᠰᠠᠭᠠᠲᠠᠵᠤ᠂ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ᠂ ᠬᠠᠤᠯᠢ ᠪᠠᠷ ᠵᠠᠰᠠᠬᠤ ᠣᠷᠴᠢᠨ ᠲᠣᠭᠤᠷᠢᠨ᠂ ᠮᠥᠩᠭᠦᠨ ᠭᠦᠢᠯᠭᠡᠭᠡᠨ ᠤ ᠣᠷᠴᠢᠨ ᠲᠣᠭᠤᠷᠢᠨ ᠵᠡᠷᠭᠡ ᠲᠠᠯ᠎ᠠ ᠠᠴᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠨᠢ ᠠᠵᠤ ᠠᠬᠤᠢ ᠶᠢ ᠲᠡᠮᠡᠴᠡᠬᠦ ᠳᠤ ᠦᠵᠡᠭᠦᠯᠬᠦ ᠴᠢᠬᠤᠯᠠ ᠴᠢᠨᠠᠷ ᠢ ᠥᠭᠦᠯᠡᠪᠡ᠃      ᠾᠧ ᠬᠠᠢ ᠳ᠋ᠦᠩ ᠡᠩ ᠲᠡᠷᠢᠭᠦᠨ ᠳᠤ ᠨᠠᠢᠮᠠᠨ ᠰᠢᠷᠭ᠎ᠠ ᠤᠨ ᠠᠷᠠᠰᠤᠨ ᠵᠢᠷᠤᠭ ᠢᠶᠠᠷ ︽ᠮᠣᠩᠭᠤᠯ ᠮᠣᠷᠢᠨ ᠤ ᠵᠣᠷᠢᠭ ᠰᠠᠨᠠᠭ᠎ᠠ︾ ᠵᠢᠴᠢ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠨᠢ ᠶᠠᠭ ᠥᠨᠢᠷ ᠪᠠᠶᠠᠨ ᠲᠠᠯ᠎ᠠ ᠨᠤᠲᠤᠭ ᠲᠠᠢ ᠠᠳᠠᠯᠢ ᠪᠠᠶᠢᠵᠤ᠂ ᠠᠵᠢᠨᠠᠢ ᠬᠦᠯᠦᠭ ᠢ ᠲᠠᠲᠠᠵᠤ ᠠᠪᠴᠢᠷᠠᠬᠤ ᠳᠤ ᠴᠢᠬᠤᠯᠠ ᠠᠴᠢ ᠬᠤᠯᠪᠣᠭᠳᠠᠯ ᠲᠠᠢ ᠭᠡᠳᠡᠭ ᠢ ᠲᠠᠶᠢᠯᠪᠤᠷᠢᠯᠠᠵᠠᠢ᠃ ᠲᠡᠷᠡ ᠬᠡᠯᠡᠬᠦ ᠳᠡᠭᠡᠨ᠂ ᠠᠵᠤ ᠠᠬᠤᠢ ᠶᠢ ᠲᠡᠮᠡᠴᠡᠬᠦ ᠨᠢ ᠠᠵᠤ ᠠᠬᠤᠶᠢᠯᠠᠯ ᠪᠣᠯᠣᠨ ᠠᠵᠤ ᠠᠬᠤᠶᠢᠯᠠᠯᠲᠠᠨ᠂ ᠺᠠᠳ᠋ᠷᠴᠤᠳ ᠤᠨ ᠴᠢᠳᠠᠪᠤᠷᠢ ᠪᠣᠯᠣᠨ ᠰᠤᠷᠲᠠᠯ᠂ ᠢᠷᠡᠭᠡᠳᠦᠢ ᠪᠣᠯᠣᠨ ᠳᠠᠯᠳᠠ ᠬᠦᠴᠦᠨ ᠢ ᠲᠡᠮᠡᠴᠡᠵᠦ ᠪᠠᠶᠢᠭ᠎ᠠ ᠶᠠᠪᠤᠳᠠᠯ ᠪᠣᠯᠣᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠪᠣᠯᠣᠭᠰᠠᠨ ᠬᠥᠬᠡᠬᠤᠲᠠ ᠳᠤ ᠠᠪᠴᠤ ᠬᠡᠯᠡᠪᠡᠯ᠂ ᠠᠵᠤ ᠠᠬᠤᠢ ᠶᠢ ᠲᠡᠮᠡᠴᠡᠬᠦ ᠪᠣᠯ ᠳᠠᠷᠤᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠳᠤᠮᠳᠠ ᠡᠮᠦᠨ᠎ᠡ ᠨᠢ ᠶᠠᠪᠤᠨ᠂ ᠥᠯᠢᠭᠡᠷ ᠳᠠᠭᠤᠷᠢᠶᠠᠯ ᠪᠣᠯᠵᠤ᠂ ᠪᠥᠬᠦ ᠣᠷᠣᠨ ᠳᠤ ᠴᠢᠨᠠᠷ ᠰᠠᠶᠢᠲᠠᠢ ᠬᠥᠭᠵᠢᠯᠲᠡ ᠶᠢ ᠡᠩ ᠲᠡᠷᠢᠭᠦᠨ ᠳᠤ ᠪᠡᠶᠡᠯᠡᠭᠦᠯᠬᠦ ᠶᠠᠪᠤᠳᠠᠯ ᠪᠣᠯᠣᠨ᠎ᠠ ᠭᠡᠵᠡᠢ᠃      ᠾᠧ ᠬᠠᠢ ᠳ᠋ᠦᠩ ᠬᠡᠯᠡᠬᠦ ᠳᠡᠭᠡᠨ᠂ ᠬᠥᠬᠡᠬᠤᠲᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢᠶᠠᠨ ᠳᠡᠭᠡᠭᠰᠢᠯᠡᠭᠦᠯᠬᠦ ᠶᠢ ᠠᠵᠤ ᠠᠬᠤᠢ ᠶᠢ ᠲᠡᠮᠡᠴᠡᠬᠦ ᠶᠢᠨ ᠲᠡᠷᠢᠭᠦᠨ ᠪᠠᠶᠢᠷᠢᠨ ᠳᠤ ᠲᠠᠯᠪᠢᠭᠰᠠᠨ ᠨᠢ ᠳᠠᠷᠤᠢ ︽ᠤᠴᠢᠷ ᠶᠠᠪᠤᠳᠠᠯ ᠪᠦᠲᠦᠭᠡᠬᠦ ᠳᠤ ᠬᠥᠮᠥᠨ ᠢ ᠭᠤᠶᠤᠬᠤ ᠦᠭᠡᠢ᠂ ᠲᠥᠷᠥᠯ ᠵᠦᠢᠯ ᠨᠠᠶᠢᠳᠠᠪᠤᠷᠢᠵᠢᠭᠳᠠᠬᠤ᠂ ᠪᠡᠯᠡ ᠣᠷᠣᠭᠤᠯᠤᠯᠲᠠ ᠳᠤ ᠮᠠᠰᠢ ᠲᠠᠭᠠᠯᠠᠮᠵᠢᠲᠠᠢ︾ ᠪᠠᠶᠢᠬᠤ ᠶᠢ ᠪᠡᠶᠡᠯᠡᠭᠦᠯᠬᠦ ᠶᠢᠨ ᠲᠥᠯᠥᠭᠡ ᠶᠤᠮ᠃ ᠡᠨᠡ ᠵᠢᠯ ᠤᠨ ︽ᠨᠢᠭᠡᠳᠦᠭᠡᠷ ᠬᠤᠷᠠᠯ︾ ᠳᠤ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠢ ᠬᠤᠷᠠᠯᠳᠤᠭᠤᠯᠵᠤ᠂ ᠠᠵᠤ ᠠᠬᠤᠶᠢᠯᠠᠯᠲᠠᠨ ᠳᠤ ︽ᠣᠯᠬᠤ ᠵᠣᠭᠤᠰ︾ ᠢ ᠦᠵᠡᠭᠦᠯᠵᠦ᠂ ︽ᠰᠡᠳᠬᠢᠯ ᠠᠮᠤᠷᠵᠢᠭᠤᠯᠬᠤ ᠡᠮ︾ ᠢ ᠢᠳᠡᠭᠦᠯᠵᠦ᠂ ︽ᠡᠷᠬᠢᠮ ᠵᠣᠴᠢᠨ︾ ᠪᠣᠯᠭᠠᠬᠤ ᠬᠡᠷᠡᠭᠲᠡᠢ ᠭᠡᠵᠦ ᠳᠤᠷᠠᠳᠤᠨ ᠭᠠᠷᠭᠠᠵᠠᠢ᠂ ᠪᠢᠳᠠᠨ 12345 ᠶᠢᠨ ᠠᠵᠤ ᠠᠬᠤᠶᠢᠯᠠᠯ ᠳᠤ ᠠᠰᠢᠭᠲᠠᠢ ᠠᠷᠠᠳ ᠲᠤ ᠲᠥᠬᠦᠮ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠨᠢᠭᠡ ᠨᠣᠮᠧᠷ ᠢᠶᠠᠷ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠨ᠂ ᠨᠢᠭᠡ ᠰᠠᠷ᠎ᠠ ᠳᠤ ᠨᠢᠭᠡ ᠦᠨᠡᠯᠡᠬᠦ ᠳᠦᠷᠢᠮ ᠢ ᠪᠠᠶᠢᠭᠤᠯᠵᠤ᠂ ︽ᠬᠠᠷᠢᠭᠤᠯᠬᠤ ᠨᠣᠷᠮ᠎ᠠ᠂ ᠰᠢᠢᠳᠪᠦᠷᠢᠯᠡᠬᠦ ᠨᠣᠷᠮ᠎ᠠ᠂ ᠬᠠᠨᠤᠮᠵᠢ ᠶᠢᠨ ᠨᠣᠷᠮ᠎ᠠ︾ ᠶᠢᠨ ᠨᠡᠷᠡᠰ ᠤᠨ ᠵᠢᠭᠰᠠᠭᠠᠯᠲᠠ ᠪᠠᠷ ᠳᠠᠮᠵᠢᠭᠤᠯᠤᠨ᠂ ᠭᠠᠵᠠᠷ ᠣᠷᠣᠨ ᠪᠠ ᠰᠠᠯᠠᠭ᠎ᠠ ᠮᠥᠴᠢᠷ ᠢ ᠭᠡᠳᠡᠷᠭᠦ ᠰᠢᠬᠠᠮᠳᠠᠭᠤᠯᠵᠤ ᠠᠵᠤ ᠠᠬᠤᠶᠢᠯᠠᠯ ᠤᠨ ᠤᠴᠢᠷ ᠶᠠᠪᠤᠳᠠᠯ ᠢ ᠰᠠᠶᠢᠲᠤᠷ ᠬᠢᠯᠭᠡᠪᠡ᠃      ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠡᠷᠬᠢᠨ ᠦᠨᠡᠨᠬᠦ ᠵᠣᠷᠢᠭᠲᠠᠢ ᠪᠠᠷ ᠠᠵᠢᠯ ᠶᠠᠪᠤᠳᠠᠯ ᠬᠢᠯᠭᠡᠵᠦ᠂ ᠵᠣᠷᠢᠭᠲᠠᠢ ᠪᠠᠷ ᠪᠡᠯᠡ ᠣᠷᠣᠭᠤᠯᠭᠠᠬᠤ ᠪᠤᠢ︖ ᠮᠥᠩᠭᠦᠨ ᠭᠦᠢᠯᠭᠡᠭᠡᠨ ᠤ ᠠᠮᠢᠵᠢᠷᠠᠯ ᠤᠨ ᠬᠦᠴᠦᠨ ᠤ ᠴᠢᠬᠤᠯᠠ ᠦᠢᠯᠡᠳᠦᠯ ᠢ ᠬᠡᠷᠬᠢᠨ ᠪᠠᠳᠠᠷᠠᠭᠤᠯᠬᠤ ᠪᠤᠢ︖ ᠾᠧ ᠬᠠᠢ ᠳ᠋ᠦᠩ ᠬᠡᠯᠡᠬᠦ ᠳᠡᠭᠡᠨ᠂ ᠪᠢᠳᠡ ᠴᠠᠭ ᠢᠮᠠᠭᠲᠠ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠪᠣᠶ ᠪᠣᠯᠭᠠᠬᠤ ᠪᠠᠷ ᠭᠤᠣᠯᠳᠠᠯᠭ᠎ᠠ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ︽ᠠᠷᠭ᠎ᠠ ᠵᠠᠮ ᠡᠷᠢᠬᠦ︾ ᠠᠴᠠ ︽ᠲᠥᠷᠥ ᠶᠢᠨ ᠪᠣᠳᠣᠯᠭ᠎ᠠ ᠡᠷᠢᠬᠦ︾ ᠳᠠᠰᠢ ᠬᠤᠪᠢᠷᠠᠭᠤᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ︽ᠲᠦᠰᠢᠭ ᠲᠤᠯᠭᠠᠭᠤᠷᠢ ᠡᠷᠢᠬᠦ︾ ᠠᠴᠠ ︽ᠬᠠᠤᠯᠢ ᠪᠠᠷ ᠵᠠᠰᠠᠬᠤ ᠶᠢ ᠡᠷᠢᠬᠦ︾ ᠳᠠᠰᠢ ᠬᠤᠪᠢᠷᠠᠭᠤᠯᠪᠠ᠃ ᠮᠥᠩᠭᠦᠨ ᠭᠦᠢᠯᠭᠡᠭᠡᠨ ᠤ ᠠᠷᠭ᠎ᠠ ᠪᠠᠷᠢᠯ ᠢᠶᠠᠷ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠳᠤ ᠭᠤᠷᠪᠠᠨ ᠵᠦᠢᠯ ᠤᠨ ᠤᠴᠢᠷ ᠢ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠶᠢ ᠲᠣᠳᠣᠷᠬᠠᠢ ᠣᠶᠢᠯᠠᠭᠠᠵᠤ᠂ ᠵᠠᠰᠠᠭ ᠮᠥᠩᠭᠦ ᠠᠵᠤ ᠠᠬᠤᠶᠢᠯᠠᠯ ᠬᠤᠯᠪᠤᠭᠠᠯᠠᠨ ᠬᠥᠳᠡᠯᠦᠯᠴᠡᠬᠦ ᠲᠠᠪᠴᠠᠩ ᠢ ᠪᠠᠶᠢᠭᠤᠯᠵᠤ᠂ ᠲᠡᠷᠢᠭᠦᠨ ᠤ ᠭᠠᠵᠠᠷ ᠣᠷᠣᠨ ᠤ ᠠᠮᠢᠳᠤᠯᠢᠭ ᠠᠷᠭ᠎ᠠ ᠬᠡᠯᠪᠡᠷᠢ ᠶᠢ ᠰᠤᠷᠤᠯᠴᠠᠵᠤ᠂ ᠠᠵᠤ ᠠᠬᠤᠶᠢᠯᠠᠯ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠪᠰᠤᠷᠪᠠ ᠭᠡᠵᠡᠢ᠃      ᠾᠧ ᠬᠠᠢ ᠳ᠋ᠦᠩ ᠬᠠᠮᠤᠭ ᠤᠨ ᠰᠡᠭᠦᠯ ᠳᠤ ᠡᠯ᠎ᠡ ᠠᠵᠤ ᠠᠬᠤᠶᠢᠯᠠᠯᠲᠠᠨ ᠨᠠᠶᠢᠵᠠ ᠨᠠᠷ ᠢ ᠬᠥᠬᠡᠬᠤᠲᠠ ᠳᠤ ᠢᠷᠡᠵᠦ ᠲᠣᠭᠤᠷᠢᠨ ᠦᠵᠡᠵᠦ᠂ ︽ᠦᠵᠡᠰᠬᠦᠯᠡᠩᠲᠦ ᠰᠠᠶᠢᠬᠠᠨ ᠬᠥᠬᠡ ᠬᠤᠲᠠ ᠥᠨᠢᠷ ᠪᠠᠶᠠᠯᠢᠭ ᠲᠠᠯ᠎ᠠ ᠶᠢᠨ ᠬᠤᠳᠠ ︾ ᠳᠤ ᠪᠡᠯᠡ ᠣᠷᠣᠭᠤᠯᠤᠨ ᠦᠢᠯᠡᠰ ᠪᠣᠰᠬᠠᠬᠤ ᠶᠢ ᠴᠢᠩ ᠰᠡᠳᠬᠢᠯ ᠠᠴᠠ ᠪᠠᠨ ᠤᠷᠢᠵᠠᠢ᠃ ᠬᠥᠬᠡᠬᠤᠲᠠ ᠨᠢᠭᠡᠨᠲᠡ ᠰᠦ ᠶᠢᠨ ᠦᠢᠯᠡᠰ᠂ ᠲᠣᠮᠣ ᠳ᠋ᠠᠶᠢᠲ᠋ᠠ᠂ ᠴᠠᠬᠢᠭᠤᠷ ᠤᠨ ᠮᠠᠲ᠋ᠧᠷᠢᠶᠠᠯ᠂ ᠠᠮᠢᠳᠤ ᠪᠣᠳᠠᠰ ᠤᠨ ᠡᠮ ᠡᠮᠨᠡᠯᠭᠡ᠂ ᠠᠷᠢᠭᠤᠨ ᠴᠡᠪᠡᠷ ᠡᠨᠧᠷᠭᠢ᠂ ᠣᠳᠣᠬᠢᠴᠢᠯᠠᠭᠰᠠᠨ ᠠᠵᠤ ᠦᠢᠯᠡᠳᠪᠦᠷᠢ ᠶᠢᠨ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ ︾ ᠪᠣᠯᠣᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠪᠣᠶᠢᠵᠢᠭᠤᠯᠪᠠ᠂ ᠲᠡᠷᠡ ᠤᠮᠠᠷᠠᠰᠢ ᠳᠠᠯᠠᠨ ᠬᠠᠷ᠎ᠠ ᠠᠭᠤᠯᠠ ᠶᠢ ᠲᠦᠰᠢᠵᠦ᠂ ᠡᠮᠦᠨᠡᠰᠢ ᠬᠠᠳᠤᠨ ᠭᠤᠣᠯ ᠤᠨ ᠪᠤᠯᠤᠩ ᠲᠠᠢ ᠨᠠᠭᠠᠯᠳᠤᠵᠤ᠂ ᠴᠡᠯᠡᠭᠡᠷ ᠲᠠᠯ᠎ᠠ ᠶᠢ ᠡᠪᠦᠷᠯᠡᠵᠦ ᠂ ᠬᠥᠮᠥᠨ ᠠᠮᠠ ᠪᠣᠯᠣᠨ ᠲᠠᠯᠠᠪᠠᠢ ᠨᠢ ︽ᠶᠡᠭᠡ ᠴᠦ ᠪᠢᠰᠢ ᠪᠠᠭ᠎ᠠ ᠴᠤ ᠪᠢᠰᠢ︾᠂ ᠪᠡᠭᠡᠵᠢᠩ ᠠᠴᠠ ︽ᠬᠤᠯᠠ ᠴᠤ ᠪᠢᠰᠢ ᠣᠶᠢᠷ᠎ᠠ ᠴᠦ ᠪᠢᠰᠢ︾᠂ ᠳᠠᠯᠠᠢ ᠶᠢᠨ ᠲᠦᠪᠰᠢᠨ ᠠᠴᠠ ︽ᠥᠨᠳᠥᠷ ᠴᠦ ᠪᠢᠰᠢ ᠳᠣᠣᠷ᠎ᠠ ᠴᠤ ᠪᠢᠰᠢ︾᠂ ᠠᠭᠤᠷ ᠠᠮᠢᠰᠬᠤᠯ ︽ᠬᠦᠢᠲᠡᠨ ᠴᠦ ᠪᠢᠰᠢ ᠬᠠᠯᠠᠭᠤᠨ ᠴᠤ ᠪᠢᠰᠢ︾ ᠦᠵᠡᠰᠬᠦᠯᠡᠩᠲᠦ ᠰᠠᠶᠢᠬᠠᠨ ᠬᠤᠳᠠ ᠪᠣᠯᠣᠨ᠎ᠠ᠃ ︵ᠯᠢ ᠬᠠᠢ ᠵᠧᠨ︶
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号