ᠪᠣᠣ ᠭᠠᠩ ᠳᠤᠮᠳᠠᠳᠤ ᠤᠯᠤᠰ ᠤᠨ ᠬᠤᠳᠠᠯᠳᠤᠭᠠᠨ ᠤ ᠨᠢᠰᠬᠡᠯ ᠤᠨ ᠺᠣᠮᠫᠠᠨᠢ ᠳᠤ ᠠᠶᠢᠯᠴᠢᠯᠠᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/4/11
      ︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠪᠦᠯᠦᠭ ᠬᠥᠮᠥᠰ ᠱᠠᠩᠬᠠᠢ ᠳᠤ ᠬᠦᠷᠴᠦ ᠳᠤᠮᠳᠠᠳᠤ ᠤᠯᠤᠰ ᠤᠨ ᠬᠤᠳᠠᠯᠳᠤᠭᠠᠨ ᠤ ᠨᠢᠰᠬᠡᠯ ᠤᠨ ᠬᠢᠵᠠᠭᠠᠷᠲᠤ ᠺᠣᠮᠫᠠᠨᠢ ᠳᠤ ᠠᠶᠢᠯᠴᠢᠯᠠᠨ ᠰᠢᠨᠵᠢᠯᠡᠨ ᠪᠠᠶᠢᠴᠠᠭᠠᠵᠤ᠂ ᠲᠦᠷᠦᠯ ᠵᠦᠢᠯ ᠤᠨ ᠬᠠᠮᠲᠤᠷᠠᠯᠴᠠᠭᠠᠨ ᠤ ᠤᠴᠢᠷ ᠶᠠᠪᠤᠳᠠᠯ ᠢ ᠵᠣᠯᠭᠠᠭᠤᠯᠤᠨ ᠵᠥᠪᠳᠡᠯᠴᠡᠪᠡ᠃      ᠪᠣᠣ ᠭᠠᠩ ᠳᠤᠮᠳᠠᠳᠤ ᠤᠯᠤᠰ ᠤᠨ ᠬᠤᠳᠠᠯᠳᠤᠭᠠᠨ ᠤ ᠨᠢᠰᠬᠡᠯ ᠤᠨ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠾᠧ ᠳ᠋ᠦᠩ ᠹᠧᠩ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠬᠤ ᠳᠠᠭᠠᠨ ᠂ ᠣᠶᠢᠷ᠎ᠠ ᠶᠢᠨ ᠵᠢᠯ ᠤᠨ ᠲᠤᠷᠰᠢ ᠬᠥᠬᠡᠬᠤᠲᠠ ᠠᠴᠠ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠪᠥᠬᠦ ᠲᠠᠯ᠎ᠠ ᠪᠠᠷ ᠨᠡᠭᠡᠭᠡᠯᠲᠡ ᠬᠢᠵᠦ ᠬᠥᠭᠵᠢᠬᠦ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠣᠷᠣᠨ ᠪᠦᠰᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠲᠥᠪ ᠢ ᠢᠳᠡᠪᠬᠢᠲᠡᠢ ᠪᠠᠶᠢᠭᠤᠯᠪᠠ᠂ ᠡᠭᠦᠨ ᠳᠤ᠂ ᠣᠲᠣ ᠶᠠᠭ ᠪᠠᠶᠢᠭᠤᠯᠵᠤ ᠪᠠᠶᠢᠭ᠎ᠠ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠪᠣᠯ 4F ᠲᠠᠰ ᠤᠨ ᠣᠯᠠᠨ ᠤᠯᠤᠰ ᠤᠨ ᠭᠤᠣᠯ ᠱᠤᠭᠤᠮ ᠤᠨ ᠨᠢᠰᠬᠡᠯ ᠤᠨ ᠪᠠᠭᠤᠳᠠᠯ ᠂ ᠤᠯᠤᠰ ᠤᠨ ᠳᠣᠲᠣᠭᠠᠳᠤ ᠶᠢᠨ ᠣᠷᠣᠨ ᠪᠦᠰᠡ ᠶᠢᠨ ᠬᠦᠢᠰᠦ ᠨᠢᠰᠬᠡᠯ ᠤᠨ ᠪᠠᠭᠤᠳᠠᠯ ᠪᠠ ᠪᠡᠭᠡᠵᠢᠩ ᠲᠢᠶᠠᠨᠵᠢᠨ ᠾᠧᠪᠧᠢ ᠶᠢᠨ ᠨᠢᠰᠬᠡᠯ ᠤᠨ ᠪᠠᠭᠤᠳᠠᠯ ᠤᠨ ᠪᠥᠭᠡᠮᠨᠡᠷᠡᠯ ᠤᠨ ᠭᠤᠣᠯ ᠪᠡᠯᠡᠳᠬᠡᠯ ᠨᠢᠰᠬᠡᠯ ᠤᠨ ᠪᠠᠭᠤᠳᠠᠯ ᠪᠠᠶᠢᠵᠤ᠂ ᠠᠰᠢᠭᠯᠠᠯᠲᠠ ᠳᠤ ᠣᠷᠣᠭᠰᠠᠨ ᠤ ᠳᠠᠷᠠᠭ᠎ᠠ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠴᠢᠬᠤᠯᠠ ᠵᠠᠮ ᠬᠠᠷᠢᠯᠴᠠᠭᠠᠨ ᠤ ᠵᠠᠩᠭᠢᠯᠠᠭ᠎ᠠ ᠶᠢᠨ ᠴᠡᠭ ᠪᠣᠯᠬᠤ ᠪᠣᠯᠣᠨ᠎ᠠ᠃ ᠳᠤᠮᠳᠠᠳᠤ ᠤᠯᠤᠰ ᠤᠨ ᠬᠤᠳᠠᠯᠳᠤᠭᠠᠨ ᠤ ᠨᠢᠰᠬᠡᠯ ᠤᠨ ᠺᠣᠮᠫᠠᠨᠢ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠥᠬᠡᠬᠤᠲᠠ ᠳᠤ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠬᠢᠵᠦ᠂ ᠣᠯᠣᠯᠴᠠᠭ᠎ᠠ ᠵᠣᠯᠭᠠᠯᠴᠠᠭ᠎ᠠ ᠪᠠᠨ ᠭᠦᠨᠵᠡᠭᠡᠶᠢᠷᠡᠭᠦᠯᠵᠦ᠂ ᠭᠠᠷ ᠬᠤᠯᠪᠣᠨ ᠬᠠᠮᠲᠤᠷᠠᠯᠴᠠᠬᠤ ᠳᠤᠮᠳᠠ ︽ᠠᠭᠠᠷ ᠤᠨ ᠲᠣᠷᠭᠠᠨ ᠵᠠᠮ︾ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠢ᠃      ᠾᠧ ᠳ᠋ᠦᠩ ᠹᠧᠩ ᠳᠤᠮᠳᠠᠳᠤ ᠤᠯᠤᠰ ᠤᠨ ᠬᠤᠳᠠᠯᠳᠤᠭᠠᠨ ᠤ ᠨᠢᠰᠬᠡᠯ ᠤᠨ ᠬᠥᠭᠵᠢᠯᠲᠡ ᠶᠢᠨ ᠪᠠᠶᠢᠳᠠᠯ ᠢ ᠲᠣᠪᠴᠢ ᠲᠠᠨᠢᠯᠴᠠᠭᠤᠯᠵᠤ᠂ ᠳᠤᠮᠳᠠᠳᠤ ᠤᠯᠤᠰ ᠤᠨ ᠬᠤᠳᠠᠯᠳᠤᠭᠠᠨ ᠤ ᠨᠢᠰᠬᠡᠯ ᠤᠨ ᠺᠣᠮᠫᠠᠨᠢ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠢᠲᠡᠭᠡᠯ ᠲᠡᠭᠦᠯᠳᠡᠷ ᠪᠠᠶᠢᠨ᠎ᠠ᠂ ᠬᠥᠬᠡᠬᠤᠲᠠ ᠳᠠᠬᠢ ᠪᠡᠯᠡ ᠣᠷᠤᠭᠤᠯᠤᠯᠲᠠ ᠪᠠ ᠲᠥᠷᠥᠯ ᠵᠦᠢᠯ ᠤᠨ ᠪᠠᠶᠢᠷᠢᠰᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠨᠠᠩ ᠣᠯᠠᠨ ᠠᠵᠤ ᠦᠢᠯᠡᠰ ᠤᠨ ᠬᠡᠯᠬᠢᠶᠡᠨ ᠤ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠢ ᠳᠠᠶᠢᠴᠢᠯᠠᠨ ᠬᠥᠬᠡᠬᠤᠲᠠ ᠳᠤ ᠨᠤᠲᠤᠭᠰᠢᠭᠤᠯᠵᠤ᠂ ᠣᠷᠣᠨ ᠤ ᠲᠥᠪ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠠᠩ ᠰᠠᠶᠢᠨ ᠬᠦᠴᠦᠨ ᠨᠡᠮᠡᠷᠢᠯᠡᠵᠦ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠢᠯᠡᠷᠬᠡᠶᠢᠯᠡᠪᠡ᠃      ᠬᠤᠲᠠ ᠶᠢᠨ ᠤᠳᠤᠷᠢᠳᠤᠯᠭ᠎ᠠ ᠯᠢᠦ ᠵᠢᠢ ᠶᠢᠩ᠂ ᠯᠢ ᠰᠢᠶᠣᠣ ᠶᠠᠨ ᠣᠷᠣᠯᠴᠠᠵᠠᠢ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号