ᠮᠡᠷᠭᠡᠵᠢᠯ ᠬᠦᠷᠭᠡᠵᠦ ᠬᠠᠪᠤᠷ ᠤᠨ ᠲᠠᠷᠢᠶᠠᠯᠠᠭ᠎ᠠ ᠳᠤ ᠦᠢᠯᠡᠴᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2023/4/11
     ᠣᠳᠣ ᠳᠤ ᠶᠠᠭ ᠢᠳᠡᠰᠢᠨ ᠨᠣᠭᠤᠭ᠎ᠠ ᠶᠢᠨ ᠴᠢᠬᠢ ᠪᠣᠶᠢᠵᠢᠭᠤᠯᠬᠤ ᠪᠠ ᠬᠦᠯᠡᠮᠵᠢ ᠶᠢᠨ ᠬᠠᠪᠤᠷ ᠤᠨ ᠡᠷᠲᠡ ᠶᠢᠨ ᠬᠠᠰᠢ ᠶᠢᠨ ᠲᠥᠷᠥᠯ ᠤᠨ ᠢᠳᠡᠰᠢᠨ ᠨᠣᠭᠤᠭ᠎ᠠ ᠶᠢᠨ ᠬᠠᠮᠢᠶᠠᠷᠤᠯᠲᠠ ᠶᠢᠨ ᠵᠠᠩᠭᠢᠯᠠᠭ᠎ᠠ ᠶᠢᠨ ᠴᠠᠭ ᠦᠶ᠎ᠡ ᠪᠣᠯᠵᠤ ᠪᠠᠶᠢᠨ᠎ᠠ᠃ ᠣᠶᠢᠷ᠎ᠠ ᠳᠤ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ ᠶᠢᠨ ᠪᠣᠬᠢᠷᠲᠤᠯ ᠦᠭᠡᠢ ᠦᠢᠯᠡᠳᠪᠦᠷᠢᠯᠡᠯ ᠤᠨ ᠮᠡᠷᠭᠡᠵᠢᠯ ᠤᠨ ᠦᠢᠯᠡᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ᠤᠨ ᠬᠤᠶᠠᠷ ᠲᠤᠰᠬᠠᠢ ᠮᠡᠷᠭᠡᠵᠢᠯᠲᠡᠨ ᠲᠣᠰ ᠲᠣᠰ ᠮᠠᠨ ᠤ ᠬᠤᠲᠠ ᠶᠢᠨ ᠢᠦᠢ ᠴᠢᠤᠸᠠᠨ ᠲᠣᠭᠤᠷᠢᠭ ᠪᠠ ᠰᠠᠶᠢᠬᠠᠨ ᠲᠣᠭᠤᠷᠢᠭ ᠲᠤ ᠬᠦᠷᠴᠦ ᠂ ᠲᠤᠬᠠᠢ ᠶᠢᠨ ᠭᠠᠵᠠᠷ ᠤᠨ ᠯᠠᠵᠤᠤ᠂ ᠲᠥᠪᠡᠳ ᠬᠠᠰᠢ ᠶᠢᠨ ᠴᠢᠬᠢ ᠪᠣᠶᠢᠵᠢᠭᠤᠯᠬᠤ᠂ ᠨᠡᠷᠡᠨ ᠬᠦᠯᠡᠮᠵᠢ ᠶᠢᠨ ᠲᠥᠪᠡᠳ ᠬᠠᠰᠢ᠂ ᠯᠠᠵᠤᠤ ᠶᠢᠨ ᠬᠠᠮᠢᠶᠠᠷᠤᠯᠲᠠ ᠵᠡᠷᠭᠡ ᠳᠤ ᠴᠢᠭᠯᠡᠭᠦᠯᠦᠨ ᠮᠡᠷᠭᠡᠵᠢᠯ ᠤᠨ ᠦᠢᠯᠡᠴᠢᠯᠡᠭᠡᠨ ᠤ ᠵᠢᠯᠣᠭᠤᠳᠤᠯᠭ᠎ᠠ ᠬᠢᠵᠦ᠂ ᠣᠯᠠᠨ ᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃      ᠬᠠᠪᠤᠷ ᠤᠨ ᠲᠠᠷᠢᠶᠠᠯᠠᠭ᠎ᠠ ᠶᠢᠨ ᠦᠶ᠎ᠡ ᠳᠤ᠂ ᠢᠳᠡᠰᠢᠨ ᠨᠣᠭᠤᠭ᠎ᠠ ᠶᠢᠨ ᠪᠣᠬᠢᠷᠲᠤᠯ ᠦᠭᠡᠢ ᠦᠢᠯᠡᠳᠪᠦᠷᠢᠯᠡᠯ ᠤᠨ ᠮᠡᠷᠭᠡᠵᠢᠯ ᠤᠨ ᠦᠢᠯᠡᠴᠢᠯᠡᠭᠡ ᠨᠢ ︽ᠴᠠᠭ ᠤᠨ ᠬᠤᠷ᠎ᠠ︾ ᠰᠢᠭ᠋ ᠪᠠᠶᠢᠳᠠᠭ ᠮᠥᠷᠲᠡᠭᠡᠨ ᠡᠶᠢᠮᠦᠷᠬᠦ ︽ᠴᠠᠭ ᠤᠨ ᠬᠤᠷ᠎ᠠ︾ ᠨᠢ ᠪᠠᠰᠠ ᠮᠠᠰᠢ ᠣᠯᠠᠨ ᠪᠠᠶᠢᠳᠠᠭ᠃ ᠬᠠᠪᠤᠷ ᠤᠨ ᠲᠠᠷᠢᠶᠠᠯᠠᠭ᠎ᠠ ᠳᠤ ᠪᠡᠯᠡᠳᠬᠡᠬᠦ ᠪᠣᠯᠣᠭᠰᠠᠨ ᠠᠴᠠ ᠨᠠᠰᠢ᠂ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠬᠠᠤᠯᠢ ᠶᠢᠨ ᠡᠷᠬᠡᠲᠡᠨ ᠤ ᠨᠢᠭᠡᠴᠡ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ 4 ᠲᠤᠰᠬᠠᠢ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ︵ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠮᠡᠷᠭᠡᠵᠢᠯ ᠤᠨ ᠦᠢᠯᠡᠴᠢᠯᠡᠭᠡᠨ ᠤ ᠪᠦᠯᠬᠦᠮ᠂ ᠳᠠᠪᠠᠭᠤᠯᠢᠭ ᠣᠨᠴᠠᠯᠢᠭᠲᠤ ᠲᠠᠷᠢᠮᠠᠯ ᠤᠨ ᠦᠢᠯᠡᠳᠪᠦᠷᠢᠯᠡᠯ ᠤᠨ ᠮᠡᠷᠭᠡᠵᠢᠯ ᠤᠨ ᠦᠢᠯᠡᠴᠢᠯᠡᠭᠡᠨ ᠤ ᠪᠦᠯᠬᠦᠮ᠂ ᠦᠬᠡᠷ ᠬᠤᠨᠢ ᠲᠡᠵᠢᠭᠡᠨ ᠦᠷᠡᠵᠢᠭᠦᠯᠬᠦ ᠮᠡᠷᠭᠡᠵᠢᠯ ᠤᠨ ᠦᠢᠯᠡᠴᠢᠯᠡᠭᠡᠨ ᠤ ᠪᠦᠯᠬᠦᠮ᠂ ᠤᠷᠭᠤᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠦᠢᠯᠡᠴᠢᠯᠡᠭᠡᠨ ᠤ ᠪᠦᠯᠬᠦᠮ ᠪᠠᠭᠲᠠᠨ᠎ᠠ︶ ᠤᠨ 19 ᠲᠤᠰᠬᠠᠢ ᠮᠡᠷᠭᠡᠵᠢᠯᠲᠡᠨ ᠲᠤᠷᠰᠢᠯᠲᠠ ᠶᠢᠨ ᠲᠠᠰᠤᠭ ᠠᠴᠠ ᠭᠠᠷᠴᠤ᠂ ᠲᠠᠷᠢᠶᠠᠨ ᠭᠠᠵᠠᠷ ᠲᠤ ᠭᠦᠨᠵᠡᠭᠡᠶᠢᠷᠡᠨ ᠮᠡᠷᠭᠡᠵᠢᠯ ᠤᠨ ᠦᠢᠯᠡᠴᠢᠯᠡᠭᠡ ᠥᠷᠨᠢᠭᠦᠯᠵᠦ᠂ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠂ ᠠᠵᠤ ᠠᠬᠤᠶᠢᠯᠠᠯ ᠪᠠ ᠲᠠᠷᠢᠶᠠᠴᠢᠨ ᠡᠷᠦᠬᠡ ᠳᠤ ᠪᠠᠲᠤᠯᠠᠭ᠎ᠠ ᠬᠠᠩᠭᠠᠪᠠ᠃ ᠰᠤᠷᠪᠤᠯᠵᠢᠯᠠᠭᠴᠢ ᠦ᠋ ᠽᠢ ᠰᠢᠤᠸᠠᠨ ᠰᠡᠭᠦᠳᠡᠷᠯᠡᠪᠡ
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号