ᠬᠥᠬᠡᠬᠤᠲᠠ ᠶᠢᠨ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/12
      ︵ᠰᠤᠷᠪᠤᠯᠵᠢᠯᠠᠭᠴᠢ ᠸᠠᠩ ᠵᠦᠩ ᠵᠸᠦ︶ 4 ᠳ᠋ᠦ᠋ᠭᠡᠷ ᠰᠠᠷ᠎ᠠ ᠶᠢᠨ 11 ᠤ ᠡᠳᠦᠷ᠂ ᠬᠥᠬᠡᠬᠤᠲᠠ ᠶᠢᠨ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠠᠵᠢᠯ ᠤᠨ ᠬᠤᠷᠠᠯ ᠬᠤᠷᠠᠯᠳᠤᠵᠤ᠂ ᠬᠤᠷᠠᠯ ᠠᠴᠠ 2022 ᠣᠨ ᠤ ᠠᠵᠢᠯ ᠢ ᠡᠷᠭᠢᠴᠡᠭᠦᠯᠦᠨ ᠳ᠋ᠦᠩᠨᠡᠵᠦ᠂ 2023 ᠣᠨ ᠤ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠳᠠ ᠶᠢᠨ ᠳᠡᠳ᠋ ᠳᠠᠷᠤᠭ᠎ᠠ᠂ ᠬᠤᠳᠠ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠬᠤᠷᠢᠶ᠎ᠠ ᠶᠢᠨ ᠡᠷᠬᠢᠯᠡᠭᠴᠢ ᠵᠢᠶᠣᠣ ᠬᠤᠩ᠂ ᠬᠤᠳᠠ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠬᠤᠷᠢᠶ᠎ᠠ ᠶᠢᠨ ᠪᠠᠶᠢᠩᠭᠤ ᠶᠢᠨ ᠳᠡᠳ᠋ ᠡᠷᠬᠢᠯᠡᠭᠴᠢ ᠭᠠᠩᠪᠥ᠋ᠬᠡ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠭᠠᠩᠪᠥ᠋ᠬᠡ  ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︾ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠵᠡᠢ ᠃ 2022 ᠣᠨ ᠤ ᠮᠠᠨ ᠤ ᠬᠤᠲᠠ ᠶᠢᠨ ᠬᠤᠶᠢᠴᠢ ᠨᠢᠭᠡ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠠᠮᠵᠢᠯᠲᠠ ᠶᠢ ᠪᠦᠬᠦ ᠲᠠᠯ᠎ᠠ ᠪᠠᠷ ᠳ᠋ᠦᠩᠨᠡᠵᠦ᠂ ᠣᠳᠣᠬᠠᠨ ᠤ ᠮᠠᠨ ᠤ ᠬᠤᠲᠠ ᠶᠢᠨ ᠬᠤᠶᠢᠴᠢ ᠨᠢᠭᠡ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠭᠦᠨᠵᠡᠭᠡᠢ ᠵᠠᠳᠠᠯᠵᠤ᠂ 2023 ᠣᠨ ᠤ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠷᠢᠨ ᠨᠢᠮᠪᠠᠢ ᠲᠥᠯᠥᠪᠵᠢᠭᠦᠯᠪᠡ᠃      ᠬᠤᠷᠠᠯ ᠳᠡᠭᠡᠷ᠎ᠡ᠂ ᠬᠤᠳᠠ ᠶᠢᠨ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠠᠴᠠ ᠬᠢᠩᠭᠠᠨ ᠠᠶᠢᠮᠠᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠬᠤᠷᠢᠶ᠎ᠠ ᠶᠢᠨ ᠡᠷᠬᠢᠯᠡᠭᠴᠢ ᠹᠦ᠋ ᠮᠢᠨ ᠢ ᠤᠷᠢᠵᠤ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠳᠠᠭᠠᠨ ᠣᠰᠣᠯᠳᠠᠬᠤ ᠦᠭᠡᠢ ᠬᠤᠪᠢᠰᠬᠠᠯ ᠤᠨ ᠭᠧᠨ ᠢ ᠦᠶ᠎ᠡ ᠶᠢᠨ ᠦᠶ᠎ᠡ ᠳᠤ ᠤᠯᠠᠮᠵᠢᠯᠠᠶ᠎ᠠ︾ ᠭᠡᠬᠦ ᠮᠡᠳᠡᠭᠦᠯᠦᠯᠲᠡ ᠬᠢᠯᠭᠡᠪᠡ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号