ᠪᠦᠷᠢᠯᠭᠡᠨ ᠰᠦᠢᠳᠬᠡᠬᠦ ᠶᠢ ᠡᠰᠡᠷᠭᠦᠴᠡᠵᠦ ᠠᠷᠪᠢᠯᠠᠨ ᠭᠠᠮᠨᠠᠬᠤ ᠶᠢ ᠡᠷᠬᠢᠮᠯᠡᠶ᠎ᠡ
ᠨᠡᠶᠢᠲᠡᠯᠡᠭᠰᠡᠨ ᠴᠠᠭ᠄
2023/4/12
     4 ᠳ᠋ᠦ᠋ᠭᠡᠷ ᠰᠠᠷ᠎ᠠ ᠶᠢᠨ 11 ᠤ ᠡᠳᠦᠷ᠂ ᠬᠤᠲᠠ ᠶᠢᠨ ᠪᠠᠶᠢᠭᠤᠯᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠪᠣᠯᠣᠨ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠮᠲᠤᠷᠠᠨ ︽ᠪᠦᠷᠢᠯᠭᠡᠨ ᠰᠦᠢᠳᠬᠡᠬᠦ ᠶᠢ ᠡᠰᠡᠷᠭᠦᠴᠡᠵᠦ ᠠᠷᠪᠢᠯᠠᠨ ᠭᠠᠮᠨᠠᠬᠤ ᠶᠢ ᠡᠷᠬᠢᠮᠯᠡᠵᠦ ᠪᠣᠯᠪᠠᠰᠤᠨ ᠬᠤᠭᠤᠯᠠᠨ ᠰᠢᠷᠡᠭᠡ ᠶᠢ ᠥᠪᠡᠷ ᠠᠴᠠ ᠪᠠᠨ ᠡᠬᠢᠯᠡᠵᠦ ᠦᠢᠯᠡᠳᠦᠯᠭᠡᠵᠢᠭᠦᠯᠦᠶ᠎ᠡ︾ ᠭᠡᠰᠡᠨ ᠠᠮᠠᠯᠠᠯᠲᠠ ᠳᠤ ᠭᠠᠷ ᠤᠨ ᠥᠰᠥᠭ ᠵᠢᠷᠤᠬᠤ ᠠᠵᠢᠯᠯᠠᠭ᠎ᠠ ᠡᠷᠭᠢᠯᠡᠵᠦ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠨᠠᠮ ᠤᠨ ᠭᠡᠰᠢᠭᠦᠨ ᠺᠠᠳ᠋ᠷ ᠵᠢᠴᠢ ᠪᠠᠶᠢᠭᠤᠯᠤᠯᠭ᠎ᠠ ᠶᠢᠨ ᠬᠤᠭᠤᠯᠠᠨ ᠭᠡᠷ ᠤᠨ 40 ᠭᠠᠷᠤᠢ ᠠᠵᠢᠯᠲᠠᠨ ᠠᠵᠢᠯᠴᠢᠨ ᠬᠥᠰᠢᠭᠡᠨ ᠳᠡᠭᠡᠷ᠎ᠡ ᠥᠪᠡᠷ ᠤᠨ ᠨᠡᠷ᠎ᠡ ᠪᠠᠨ ᠪᠢᠴᠢᠭᠰᠡᠨ ᠪᠠᠶᠢᠨ᠎ᠠ᠃      ᠣᠶᠢᠯᠠᠭᠠᠭᠰᠠᠨ ᠢᠶᠠᠷ᠂ 3 ᠳ᠋ᠤᠭᠠᠷ ᠰᠠᠷ᠎ᠠ ᠶᠢᠨ 30 ᠤ ᠡᠳᠦᠷ ᠠᠴᠠ ᠡᠬᠢᠯᠡᠨ᠂ ᠬᠤᠲᠠ ᠶᠢᠨ ᠪᠠᠶᠢᠭᠤᠯᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠪᠥᠬᠦ ᠬᠤᠲᠠ ᠶᠢᠨ ᠣᠯᠠᠨ ᠨᠡᠶᠢᠲᠡ ᠶᠢᠨ ᠪᠠᠶᠢᠭᠤᠯᠤᠮᠵᠢ ᠶᠢᠨ ᠪᠠᠶᠢᠭᠤᠯᠤᠯᠭ᠎ᠠ ᠶᠢᠨ ᠬᠤᠭᠤᠯᠠᠨ ᠭᠡᠷ ᠲᠤ ︽ᠪᠦᠷᠢᠯᠭᠡᠨ ᠰᠦᠢᠳᠬᠡᠬᠦ ᠶᠢ ᠡᠰᠡᠷᠭᠦᠴᠡᠵᠦ ᠠᠷᠪᠢᠯᠠᠨ ᠭᠠᠮᠨᠠᠬᠤ ᠶᠢ ᠡᠷᠬᠢᠮᠯᠡᠵᠦ ᠪᠣᠯᠪᠠᠰᠤᠨ ᠬᠤᠭᠤᠯᠠᠨ ᠰᠢᠷᠡᠭᠡ ᠶᠢ ᠥᠪᠡᠷ ᠠᠴᠠ ᠪᠠᠨ ᠡᠬᠢᠯᠡᠵᠦ ᠦᠢᠯᠡᠳᠦᠯᠭᠡᠵᠢᠭᠦᠯᠦᠶ᠎ᠡ︾ ᠭᠡᠰᠡᠨ ᠠᠮᠠᠯᠠᠯᠲᠠ ᠳᠤ ᠭᠠᠷ ᠤᠨ ᠥᠰᠥᠭ ᠵᠢᠷᠤᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠯ᠎ᠡ ᠱᠠᠲᠤᠨ ᠤ ᠣᠯᠠᠨ ᠨᠡᠶᠢᠲᠡ ᠶᠢᠨ ᠪᠠᠶᠢᠭᠤᠯᠤᠮᠵᠢ ᠪᠠ ᠥᠷᠭᠡᠨ ᠣᠯᠠᠨ ᠺᠠᠳ᠋ᠷ ᠠᠵᠢᠯᠲᠠᠨ ᠤ ᠠᠷᠪᠢᠯᠠᠨ ᠭᠠᠮᠨᠠᠬᠤ ᠤᠬᠠᠮᠰᠠᠷ ᠪᠠ ᠪᠣᠯᠪᠠᠰᠤᠨ ᠬᠡᠪ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠰᠤᠷᠪᠤᠯᠵᠢᠯᠠᠭᠴᠢ ᠦ᠋ ᠽᠢ ᠰᠢᠤᠸᠠᠨ ᠰᠡᠭᠦᠳᠡᠷᠯᠡᠪᠡ
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号