︽ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/4/12
        ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2022﹈69 ᠳ᠋ᠦ᠋ᠭᠡᠷ ᠲᠣᠭᠠᠲᠤ        2022 ᠣᠨ ᠤ 12 ᠳ᠋ᠤᠭᠠᠷ ᠰᠠᠷ᠎ᠠ ᠶᠢᠨ 30ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      ︽ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃      ᠬᠥᠬᠡᠬᠤᠲᠠ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ      ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ      ᠨᠢᠭᠡᠳᠦᠭᠡᠷ ᠪᠦᠯᠦᠭ ᠶᠡᠷᠦᠩᠬᠡᠢ ᠳᠦᠷᠢᠮ      ᠨᠢᠭᠡᠳᠦᠭᠡᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠲᠥᠪ ᠭᠤᠥᠯᠴᠢ᠂ ᠦᠨᠡᠨᠴᠢ ᠢᠲᠡᠭᠡᠮᠵᠢᠲᠡᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠡᠮᠬᠢ ᠳᠢᠭᠯᠢᠮ ᠢ ᠪᠠᠶᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ ᠶᠢ ᠬᠡᠷᠡᠭᠵᠢᠭᠦᠯᠬᠦ ᠳᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ︽ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠲᠣᠰ ᠠᠷᠭ᠎ᠠ ᠶᠢ ᠬᠥᠬᠡᠬᠤᠲᠠ ᠶᠢᠨ ᠵᠠᠰᠠᠭ ᠵᠠᠬᠢᠷᠭᠠᠨ ᠤ ᠲᠣᠭᠤᠷᠢᠭ ᠤᠨ ᠳᠣᠲᠣᠷ᠎ᠠ ᠶᠠᠪᠤᠭᠤᠯᠬᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠵᠢᠴᠢ ᠬᠢᠨᠠᠯᠲᠠ ᠬᠠᠮᠢᠶᠠᠷᠤᠯᠲᠠ ᠶᠢᠨ ᠠᠵᠢᠯᠯᠠᠭ᠎ᠠ ᠳᠤ ᠬᠡᠷᠡᠭᠯᠡᠵᠦ᠂ ᠢᠯᠡ ᠲᠣᠳᠣ᠂ ᠡᠷᠬᠡ ᠲᠡᠭᠰᠢ᠂ ᠲᠥᠪ ᠭᠤᠥᠯᠴᠢ᠂ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠢ ᠵᠢᠷᠤᠮᠯᠠᠨ᠎ᠠ᠃      ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠤᠯᠠᠨ ᠨᠡᠶᠢᠲᠡ ᠶᠢᠨ ᠡᠬᠢ ᠪᠠᠶᠠᠯᠢᠭ ᠭᠡᠳᠡᠭ ᠨᠢ ᠤᠯᠠᠨ ᠨᠡᠶᠢᠲᠡ ᠶᠢᠨ ᠠᠰᠢᠭ ᠲᠤᠰᠠ᠂ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠯᠪᠣᠭᠳᠠᠬᠤ ᠨᠡᠶᠢᠲᠡ ᠶᠢᠨ ᠥᠮᠴᠢᠯᠡᠯ ᠤᠨ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠡᠬᠢ ᠪᠠᠶᠠᠯᠢᠭ ᠢ ᠵᠢᠭᠠᠵᠤ ᠪᠤᠢ᠃ᠲᠣᠰ ᠠᠷᠭ᠎ᠠ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠭᠡᠳᠡᠭ ᠨᠢ ᠭᠤᠣᠯᠳᠠᠭᠤ ᠬᠠᠤᠯᠢ ᠲᠣᠭᠲᠠᠭᠠᠯ ᠶᠣᠰᠣᠭᠠᠷ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠣᠷᠣᠵᠤ ᠠᠷᠠᠯᠵᠢᠶᠠᠯᠠᠬᠤ ᠶᠣᠰᠣᠲᠠᠢ ᠣᠯᠠᠨ ᠨᠡᠶᠢᠲᠡ ᠶᠢᠨ ᠡᠬᠢ ᠪᠠᠶᠠᠯᠢᠭ ᠢ ᠵᠢᠭᠠᠵᠤ ᠪᠣᠶ᠂ ᠡᠭᠦᠨ ᠳᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠭᠠᠵᠠᠷ ᠰᠢᠷᠣᠢ ᠬᠡᠷᠡᠭᠯᠡᠬᠦ ᠡᠷᠬᠡ ᠪᠠ ᠠᠭᠤᠷᠬᠠᠢ ᠶᠢᠨ ᠦᠢᠯᠡᠰ ᠤᠨ ᠡᠷᠬᠡ ᠶᠢ ᠰᠢᠯᠵᠢᠭᠦᠯᠦᠨ ᠬᠤᠳᠠᠯᠳᠤᠬᠤ᠂ ᠤᠯᠤᠰ ᠤᠨ ᠥᠮᠴᠢᠯᠡᠯᠲᠦ ᠡᠷᠬᠡ ᠶᠢᠨ ᠠᠷᠠᠯᠵᠢᠶ᠎ᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠢᠴᠢ ᠡᠮ ᠡᠮᠨᠡᠯᠭᠡ ᠶᠢᠨ ᠲᠥᠷᠥᠯ᠂ ᠣᠷᠴᠢᠨ ᠲᠣᠭᠤᠷᠢᠨ ᠤ ᠲᠥᠷᠥᠯ ᠵᠡᠷᠭᠡ ᠶᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠭᠠᠷᠴᠠᠭ ᠲᠤ ᠣᠷᠣᠭᠤᠯᠬᠤ ᠶᠢ ᠪᠠᠭᠲᠠᠭᠠᠬᠤ ᠪᠥᠭᠡᠳ ᠬᠢᠵᠠᠭᠠᠷᠯᠠᠬᠤ ᠦᠭᠡᠢ᠃      ᠳᠥᠷᠪᠡᠳᠦᠭᠡᠷ ᠵᠦᠢᠯ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠭᠠᠷᠴᠠᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠳᠠᠭᠠᠭᠠᠴᠢᠯᠠᠯᠲᠠ ᠵᠠᠷᠯᠠᠬᠤ᠂ ᠥᠷᠢᠰᠦᠯᠳᠦᠭᠡᠨ ᠤ ᠴᠢᠨᠠᠷᠲᠠᠢ ᠬᠡᠯᠡᠯᠴᠡᠭᠡ ᠬᠢᠬᠦ᠂ ᠥᠷᠢᠰᠦᠯᠳᠦᠭᠡᠨ ᠤ ᠴᠢᠨᠠᠷᠲᠠᠢ ᠪᠠᠷ ᠵᠥᠪᠳᠡᠯᠴᠡᠬᠦ᠂ ᠦᠨ᠎ᠡ ᠯᠠᠪᠯᠠᠬᠤ᠂ ᠲᠠᠩ ᠭᠠᠭᠴᠠ ᠢᠷᠡᠯᠲᠡ ᠲᠠᠢ ᠪᠠᠶᠢᠯᠭᠠᠬᠤ᠂ ᠦᠨ᠎ᠡ ᠥᠷᠢᠰᠦᠯᠳᠦᠭᠦᠯᠬᠦ᠂ ᠫᠠᠶᠢᠰᠠ ᠡᠯᠭᠦᠨ ᠬᠢᠮᠳᠠ ᠦᠨ᠎ᠡ ᠪᠠᠷ ᠬᠤᠳᠠᠯᠳᠤᠬᠤ ᠵᠡᠷᠭᠡ ᠠᠷᠭ᠎ᠠ ᠮᠠᠶ᠋ᠢᠭ ᠢ ᠬᠠᠤᠯᠢ ᠶᠣᠰᠣᠭᠠᠷ ᠠᠪᠴᠤ ᠠᠷᠠᠯᠵᠢᠶᠠᠯᠠᠨ᠎ᠠ᠃      ᠬᠤᠶᠠᠳᠤᠭᠠᠷ ᠪᠦᠯᠦᠭ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠵᠢᠴᠢ ᠡᠭᠦᠷᠭᠡ ᠬᠠᠷᠢᠭᠤᠴᠠᠯᠭ᠎ᠠ      ᠲᠠᠪᠤᠳᠤᠭᠠᠷ ᠵᠦᠢᠯ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠰ ᠠᠷᠭ᠎ᠠ ᠶᠢ ᠦᠨᠳᠦᠰᠦᠯᠡᠨ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠳᠤ ᠬᠠᠮᠲᠤ ᠶᠢᠨ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠣᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠶᠠᠪᠤᠴᠠ ᠳᠤ ᠡᠭᠦᠰᠦᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠠᠷᠢᠭᠤ ᠲᠤᠰᠬᠠᠵᠤ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠣᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠠᠵᠢᠯᠯᠠᠭ᠎ᠠ ᠶᠢᠨ ᠳᠤᠮᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠰᠢᠳᠬᠡᠨ ᠲᠣᠷᠭᠠᠨ᠎ᠠ ᠃ᠲᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠤᠬᠠᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ︔ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠢᠨᠠᠯᠲᠠ ᠶᠢ ᠬᠦᠯᠢᠶᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠢᠵᠢ ᠪᠦᠷᠢᠳᠦᠭᠦᠯᠬᠦ ᠣᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠳᠤ ᠠᠵᠢᠯ ᠤᠨ ᠪᠠᠶᠢᠳᠠᠯ ᠢᠶᠠᠨ ᠮᠡᠳᠡᠭᠦᠯᠬᠦ ᠶᠢᠨ ᠬᠠᠮᠲᠤ ᠰᠠᠨᠠᠭᠤᠯᠭ᠎ᠠ ᠳᠤᠷᠠᠳᠤᠨ᠎ᠠ︔ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ ᠠᠰᠠᠭᠤᠨ ᠯᠠᠪᠯᠠᠬᠤ ᠠᠵᠢᠯ ᠢ ᠵᠣᠬᠢᠴᠠᠭᠤᠯᠤᠨ ᠵᠣᠬᠢᠶᠠᠨ ᠪᠠᠶᠢᠭᠤᠯᠤᠨ᠎ᠠ︔      ︵ᠬᠤᠶᠠᠷ︶ ᠬᠤᠲᠠ ᠶᠢᠨ ᠳᠡᠰ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤ ᠬᠠᠤᠯᠢ ᠶᠣᠰᠣᠭᠠᠷ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠠᠪᠤᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠣᠷᠣᠵᠤ ᠠᠷᠠᠯᠵᠢᠶᠠᠯᠠᠬᠤ ᠲᠥᠷᠥᠯ ᠵᠦᠢᠯ ᠳᠤ ᠬᠠᠤᠯᠢ ᠶᠣᠰᠣᠭᠠᠷ ᠳᠠᠭᠠᠭᠠᠴᠢᠯᠠᠯᠲᠠ ᠵᠠᠷᠯᠠᠬᠤ ᠶᠠᠪᠤᠴᠠ ᠳᠤ ᠬᠢᠨᠠᠯᠲᠠ ᠲᠠᠯᠪᠢᠵᠤ᠂ ᠪᠥᠬᠦ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯ ᠤᠨ ᠬᠢᠨᠠᠯᠲᠠ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠪᠠ ᠰᠢᠯᠵᠢᠭᠦᠯᠦᠨ ᠭᠦᠢᠴᠡᠳᠬᠡᠬᠦ ᠵᠠᠭᠠᠯᠳᠤᠯᠭ᠎ᠠ ᠶᠢ ᠬᠠᠤᠯᠢ ᠶᠣᠰᠣᠭᠠᠷ ᠥᠷᠨᠢᠭᠦᠯᠦᠨ᠎ᠡ᠂ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠥᠪᠡᠷᠲᠡᠭᠡᠨ ᠵᠠᠰᠠᠬᠤ ᠣᠷᠣᠨ ᠤ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ︔      ︵ᠭᠤᠷᠪᠠ︶ ᠬᠤᠲᠠ ᠶᠢᠨ ᠳᠡᠰ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠠᠷᠠᠯᠵᠢᠶᠠᠨ ᠤ ᠠᠵᠢᠯᠯᠠᠭ᠎ᠠ  ᠶᠢ ᠵᠢᠯᠤᠭᠤᠳᠴᠤ᠂ ᠠᠷᠠᠯᠵᠢᠶ᠎ᠠ ᠶᠢᠨ ᠲᠥᠷᠥᠯ ᠵᠦᠢᠯ ᠳᠤ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠪᠠ ᠰᠢᠮᠳᠠᠭᠤᠯᠤᠨ ᠪᠠᠶᠢᠴᠠᠭᠠᠬᠤ ᠶᠢ ᠥᠷᠨᠢᠭᠦᠯᠵᠦ᠂ ᠳᠠᠭᠠᠭᠠᠴᠢᠯᠠᠯᠲᠠ ᠵᠠᠷᠯᠠᠬᠤ ︵ᠬᠤᠳᠠᠯᠳᠤᠨ ᠠᠪᠬᠤ︶ ᠶᠢᠨ ᠣᠷᠣᠯᠠᠬᠤ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠭᠰᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢ ᠵᠢᠯᠤᠭᠤᠳᠬᠤ ᠪᠠ ᠬᠠᠮᠢᠶᠠᠷᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠳᠠᠭᠠᠭᠠᠴᠢᠯᠠᠯᠲᠠ ᠵᠠᠷᠯᠠᠬᠤ  ᠠᠴᠠ ᠡᠮᠦᠨ᠎ᠡ ᠬᠢᠨᠠᠨ ᠵᠥᠪᠰᠢᠶᠡᠷᠡᠬᠦ ᠪᠠ ᠳᠠᠭᠠᠭᠠᠴᠢᠯᠠᠯᠲᠠ ᠵᠠᠷᠯᠠᠭᠰᠠᠨ ᠤ ᠳᠠᠷᠠᠭ᠎ᠠ ᠭᠡᠷ᠎ᠡ ᠭᠦᠢᠴᠡᠳᠬᠡᠬᠦ ᠶᠠᠪᠤᠴᠠ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠬᠠᠮᠵᠢᠯᠴᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠶᠠᠪᠤᠴᠠ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔      ︵ᠳᠥᠷᠪᠡ︶ ᠪᠥᠬᠦ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠳᠤ ᠬᠢᠨᠠᠯᠲᠠ ᠲᠠᠯᠪᠢᠬᠤ᠂ ᠬᠠᠮᠢᠶᠠᠷᠬᠤ ᠪᠠ ᠦᠢᠯᠡᠴᠢᠯᠡᠬᠦ ᠲᠠᠪᠴᠠᠩ ᠢ ᠲᠦᠷᠦᠭᠦᠯᠡᠨ ᠪᠠᠶᠢᠭᠤᠯᠵᠤ᠂ ᠵᠠᠬ᠎ᠠ ᠳᠡᠯᠭᠡᠭᠦᠷ ᠤᠨ ᠮᠡᠳᠡᠭᠡ ᠵᠠᠩᠭᠢ᠂ ᠠᠷᠠᠯᠵᠢᠶ᠎ᠠ ᠶᠢᠨ ᠮᠡᠳᠡᠭᠡ ᠵᠠᠩᠭᠢ᠂ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠵᠡᠷᠭᠡ ᠶᠢ ᠡᠮᠬᠢᠯᠡᠨ ᠨᠡᠶᠢᠯᠡᠭᠦᠯᠵᠦ ᠬᠠᠮᠲᠤᠪᠠᠷ ᠬᠦᠷᠲᠡᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠮᠡᠳᠡᠭᠡ ᠵᠠᠩᠭᠢᠵᠢᠯᠲᠠ ᠶᠢ ᠠᠬᠢᠭᠤᠯᠤᠨ᠎ᠠ︔      ︵ᠲᠠᠪᠤ︶ ᠪᠥᠬᠦ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠢᠲᠡᠭᠡᠮᠵᠢ ᠶᠢᠨ ᠰᠢᠰᠲ᠋ᠧᠮᠵᠢ ᠶᠢ ᠲᠦᠷᠦᠭᠦᠯᠡᠨ ᠪᠠᠶᠢᠭᠤᠯᠤᠨ᠎ᠠ︔ ᠳᠠᠭᠠᠭᠠᠴᠢᠯᠠᠯᠲᠠ ᠵᠠᠷᠯᠠᠬᠤ ︵ᠬᠤᠳᠠᠯᠳᠤᠨ ᠠᠪᠬᠤ︶ ᠬᠥᠮᠥᠨ᠂ ᠳᠠᠭᠠᠭᠠᠴᠢᠯᠠᠯᠲᠠ ᠵᠠᠷᠯᠠᠬᠤ ︵ᠬᠤᠳᠠᠯᠳᠤᠨ ᠠᠪᠬᠤ︶ ᠶᠢᠨ ᠣᠷᠣᠯᠠᠬᠤ ᠪᠠᠶᠢᠭᠤᠯᠤᠮᠵᠢ᠂ ᠳᠠᠭᠠᠭᠠᠴᠢᠯᠠᠯᠲᠠ ᠬᠦᠯᠢᠶᠡᠭᠴᠢ᠂ ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ ᠤ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠵᠤ᠂ ᠠᠷᠠᠯᠵᠢᠶᠠᠨ ᠤ ᠭᠤᠣᠯ ᠴᠣᠭᠴᠠ ᠶᠢᠨ ᠢᠲᠡᠭᠡᠮᠵᠢ ᠶᠢᠨ ᠦᠨᠡᠯᠡᠯᠲᠡ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠢᠲᠡᠭᠡᠮᠵᠢ ᠶᠢᠨ ᠰᠢᠯᠭᠠᠨ ᠬᠢᠨᠠᠵᠤ ᠦᠨᠡᠯᠡᠬᠦ ᠶᠢ ᠥᠷᠨᠢᠭᠦᠯᠦᠨ᠎ᠡ︔ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠶᠠᠪᠤᠴᠠ ᠳᠠᠬᠢ ᠢᠲᠡᠭᠡᠯ ᠠᠯᠳᠠᠭᠰᠠᠨ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠠᠷᠠᠯᠵᠢᠶ᠎ᠠ ᠶᠢᠨ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠲᠡᠮᠳᠡᠭᠯᠡᠵᠦ᠂ ᠲᠣᠭᠲᠠᠭᠠᠯ ᠠᠴᠠ ᠵᠥᠷᠢᠴᠡᠨ ᠢᠲᠡᠭᠡᠯ ᠠᠯᠳᠠᠭᠰᠠᠨ ᠭᠤᠣᠯ ᠴᠣᠭᠴᠠ ᠶᠢ ᠬᠠᠤᠯᠢ ᠶᠣᠰᠣᠭᠠᠷ ᠢᠯᠡ ᠨᠡᠶᠢᠲᠡᠯᠡᠵᠦ᠂ ᠠᠷᠠᠯᠵᠢᠶ᠎ᠠ ᠶᠢᠨ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠰᠣᠯᠢᠯᠴᠠᠵᠤ ᠬᠠᠮᠲᠤᠪᠠᠷ ᠭᠥᠷᠳᠡᠬᠦ ᠶᠢ ᠠᠬᠢᠭᠤᠯᠤᠨ᠎ᠠ︔      ︵ᠵᠢᠷᠭᠤᠭ᠎ᠠ︶ ᠳᠠᠭᠠᠭᠠᠴᠢᠯᠠᠯᠲᠠ ᠦᠨᠡᠯᠡᠵᠦ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠬᠥᠳᠡᠯᠦᠩᠭᠦᠢ ᠬᠠᠮᠢᠶᠠᠷᠤᠯᠲᠠ ᠪᠠ ᠶᠡᠷᠦᠩᠬᠡᠶᠢᠯᠡᠨ ᠬᠢᠨᠠᠨ ᠰᠢᠯᠭᠠᠬᠤ ᠶᠢ ᠬᠠᠷᠢᠭᠤᠴᠠᠵᠤ᠂ ᠠᠵᠢᠯ ᠲᠥᠷᠥᠯ ᠤᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠬᠠᠮᠵᠢᠨ ᠲᠡᠭᠦᠨ ᠤ ᠠᠵᠢᠯ ᠲᠥᠷᠥᠯ ᠤᠨ ᠳᠠᠭᠠᠭᠠᠴᠢᠯᠠᠯᠲᠠ ᠦᠨᠡᠯᠡᠵᠦ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠳᠤ ᠪᠣᠯᠪᠠᠰᠤᠷᠠᠭᠤᠯᠤᠯ ᠪᠠ ᠰᠢᠯᠭᠠᠨ ᠲᠣᠭᠲᠠᠭᠠᠯᠲᠠ ᠬᠢᠵᠦ᠂ ᠬᠤᠲᠠ ᠶᠢᠨ ᠱᠠᠲᠤᠨ ᠤ ᠠᠷᠠᠯᠵᠢᠶᠠᠨ ᠤ ᠲᠠᠪᠴᠠᠩ ᠤᠨ ᠳᠠᠭᠠᠭᠠᠴᠢᠯᠠᠯᠲᠠ ᠦᠨᠡᠯᠡᠵᠦ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠮᠠᠭᠠᠳᠯᠠᠨ ᠲᠣᠭᠲᠠᠭᠠᠬᠤ ᠪᠠ ᠰᠢᠢᠳᠪᠦᠷᠢᠯᠡᠨ᠎ᠡ᠃      ᠵᠢᠷᠭᠤᠳᠤᠭᠠᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶᠠᠨ ᠳᠠᠬᠢ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠦᠢᠯᠡᠴᠢᠯᠡᠭᠡᠨ ᠤ ᠲᠥᠪ ᠪᠣᠯ ᠮᠠᠨ ᠤ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠯᠠᠪᠤᠷ ᠭᠠᠵᠠᠷ ᠪᠣᠯᠣᠨ᠎ᠠ᠃ ᠭᠤᠣᠯᠳᠠᠭᠤ ᠳᠣᠣᠷᠠᠬᠢ ᠮᠡᠲᠦ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠬᠠᠩᠭᠠᠨ᠎ᠠ᠄      ︵ᠨᠢᠭᠡ︶ ᠬᠠᠮᠢᠶ᠎ᠠ ᠪᠦᠬᠦᠢ ᠲᠠᠯᠠᠪᠤᠷ ᠭᠠᠵᠠᠷ᠂ ᠪᠡᠯᠡᠳᠬᠡᠮᠵᠢ ᠪᠠ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠦᠨᠳᠦᠰᠦᠯᠡᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠳᠤ ᠴᠢᠬᠤᠯᠠ ᠪᠦᠬᠦᠢ ᠲᠠᠯᠠᠪᠤᠷ ᠲᠤ ᠣᠷᠣᠬᠤ ᠳᠡᠩᠰᠡᠯᠡᠨ ᠲᠡᠮᠳᠡᠭᠯᠡᠬᠦ᠂ ᠮᠡᠳᠡᠭᠡ ᠵᠠᠩᠭᠢ ᠨᠡᠶᠢᠲᠡᠯᠡᠬᠦ᠂ ᠠᠷᠠᠯᠵᠢᠶᠠᠯᠠᠬᠤ ᠶᠢ ᠬᠡᠷᠡᠭᠵᠢᠭᠦᠯᠬᠦ᠂ ᠦᠷ᠎ᠡ ᠳ᠋ᠦᠩ ᠢ ᠢᠯᠡ ᠨᠡᠶᠢᠲᠡᠯᠡᠬᠦ ᠵᠡᠷᠭᠡ ᠠᠷᠠᠯᠵᠢᠶ᠎ᠠ ᠶᠢᠨ ᠦᠢᠯᠡᠴᠢᠯᠡᠭᠡᠨ ᠤ ᠠᠵᠢᠯ ᠢ ᠬᠠᠩᠭᠠᠨ᠎ᠠ᠃ᠪᠥᠬᠦ ᠶᠠᠪᠤᠴᠠ ᠶᠢᠨ ᠡᠯᠧᠺᠲᠷᠤᠨᠴᠢᠯᠡᠭᠰᠡᠨ ᠠᠷᠠᠯᠵᠢᠶ᠎ᠠ ᠶᠢ ᠢᠳᠡᠪᠬᠢᠲᠡᠢ ᠠᠬᠢᠭᠤᠯᠵᠤ᠂ ᠡᠯᠧᠺᠲᠷᠤᠨᠴᠢᠯᠡᠭᠰᠡᠨ ᠳᠥᠭᠦᠮ ᠳᠥᠲᠡ ᠦᠢᠯᠡᠴᠢᠯᠡᠭᠡ ᠶᠢ ᠬᠠᠩᠭᠠᠨ᠂ ᠪᠥᠬᠦ ᠶᠠᠪᠤᠴᠠ ᠶᠢᠨ᠂ ᠪᠥᠬᠦ ᠲᠠᠯ᠎ᠠ ᠶᠢᠨ᠂ ᠪᠦᠬᠦᠨ ᠢ ᠬᠠᠮᠤᠷᠤᠭᠰᠠᠨ᠂ ᠪᠦᠬᠦᠨ ᠢ ᠰᠡᠷᠭᠡᠶᠢᠯᠡᠨ ᠡᠵᠡᠮᠳᠡᠬᠦ ᠰᠦᠯᠵᠢᠶᠡᠨ ᠳᠡᠭᠡᠷᠡᠬᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠢ ᠪᠣᠶ ᠪᠣᠯᠭᠠᠨ᠎ᠠ︔      ︵ᠬᠤᠶᠠᠷ︶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠶᠢᠨ ᠡᠮᠬᠢ ᠳᠢᠭᠯᠢᠮ ᠤᠨ ᠬᠠᠮᠢᠶᠠᠷᠤᠯᠲᠠ ᠶᠢ ᠬᠠᠷᠢᠭᠤᠴᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠳᠦᠷᠢᠮ᠂ ᠲᠤᠬᠠᠢ ᠶᠢᠨ ᠲᠠᠯᠠᠪᠠᠶ ᠶᠢᠨ ᠬᠠᠮᠢᠶᠠᠷᠤᠯᠲᠠ ᠶᠢᠨ ᠳᠦᠷᠢᠮ ᠪᠠ ᠠᠵᠢᠯ ᠤᠨ ᠴᠤᠪᠤᠷᠠᠯ ᠢ ᠬᠡᠷᠡᠭᠵᠢᠭᠦᠯᠵᠦ᠂ ᠠᠷᠠᠯᠵᠢᠶᠠᠯᠠᠬᠤ ᠶᠠᠪᠤᠴᠠ ᠶᠢᠨ ᠬᠠᠮᠢᠶ᠎ᠠ ᠪᠦᠬᠦᠢ ᠮᠠᠲ᠋ᠧᠷᠢᠶᠠᠯ ᠢ ᠲᠠᠩᠰᠠ ᠡᠪᠬᠡᠮᠡᠯ ᠳᠤ ᠣᠷᠣᠭᠤᠯᠤᠨ ᠳᠠᠩᠰᠠᠯᠠᠭᠤᠯᠤᠨ᠎ᠠ︔      ︵ᠭᠤᠷᠪᠠ︶ ᠬᠠᠮᠢᠶ᠎ᠠ ᠪᠦᠬᠦᠢ ᠲᠣᠭᠲᠠᠭᠠᠯ ᠶᠣᠰᠣᠭᠠᠷ ᠳᠠᠭᠠᠭᠠᠴᠢᠯᠠᠯᠲᠠ ᠦᠨᠡᠯᠡᠵᠦ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠠᠵᠢᠯ ᠳᠤ ᠭᠠᠷᠤᠭᠰᠠᠨ ᠪᠠᠶᠢᠳᠠᠯ ᠪᠠ ᠳᠠᠭᠠᠭᠠᠴᠢᠯᠠᠯᠲᠠ ᠦᠨᠡᠯᠡᠵᠦ ᠬᠢᠨᠠᠨ ᠲᠣᠭᠲᠠᠭᠠᠬᠤ ᠠᠵᠢᠯᠯᠠᠭ᠎ᠠ ᠶᠢᠨ ᠶᠠᠪᠤᠴᠠ ᠶᠢ ᠲᠡᠮᠳᠡᠭᠯᠡᠵᠦ᠂ ᠳᠠᠭᠠᠭᠠᠴᠢᠯᠠᠯᠲᠠ ᠦᠨᠡᠯᠡᠵᠦ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠢ ᠲᠤᠬᠠᠢ ᠶᠢᠨ ᠲᠠᠯᠠᠪᠤᠷ ᠲᠤᠨᠢ ᠬᠠᠮᠢᠶᠠᠷᠬᠤ ᠶᠢᠨ ᠬᠠᠮᠲᠤ ᠬᠡᠪ ᠤᠨ ᠪᠤᠰᠤ ᠪᠠᠶᠢᠳᠠᠯ ᠢ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠴᠠᠭ ᠲᠤᠬᠠᠢ ᠳᠤᠨᠢ ᠬᠠᠷᠢᠭᠤ ᠲᠤᠰᠬᠠᠨ᠎ᠠ︔      ︵ᠳᠥᠷᠪᠡ︶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠ ᠨᠡᠶᠢᠲᠡᠯᠡᠵᠦ᠂ ᠠᠷᠠᠯᠵᠢᠶ᠎ᠠ ᠶᠢᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠵᠠᠳᠠᠯᠵᠤ᠂ ᠶᠡᠷᠦᠩᠬᠡᠶᠢᠯᠡᠨ ᠠᠰᠢᠭᠯᠠᠬᠤ ᠪᠠ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠦᠨ᠎ᠡ︔      ︵ᠲᠠᠪᠤ︶ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠣᠨ ᠠᠵᠢᠯ ᠲᠥᠷᠥᠯ ᠤᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠠᠯᠠᠪᠤᠷ ᠳᠣᠲᠣᠷᠠᠬᠢ ᠠᠷᠠᠯᠵᠢᠶ᠎ᠠ ᠶᠢᠨ ᠠᠵᠢᠯᠯᠠᠭ᠎ᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠮᠡᠳᠡᠭᠦᠯᠬᠦ ᠶᠢᠨ ᠬᠠᠮᠲᠤ᠂ ᠬᠠᠮᠵᠢᠨ ᠪᠠᠶᠢᠴᠠᠭᠠᠵᠤ ᠰᠢᠢᠳᠪᠦᠷᠢᠯᠡᠨ᠎ᠡ᠃      ᠳᠣᠯᠣᠳᠤᠭᠠᠷ ᠵᠦᠢᠯ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠤ ᠶᠠᠪᠤᠳᠠᠯ᠂ ᠣᠶ ᠰᠢᠭᠤᠢ ᠪᠠ ᠨᠤᠲᠤᠭ ᠪᠡᠯᠴᠢᠭᠡᠷ᠂ ᠲᠠᠷᠢᠶᠠᠯᠠᠩ ᠮᠠᠯ ᠠᠵᠤ ᠠᠬᠤᠢ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢᠨ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠬᠤ ᠬᠡᠷᠡᠭᠲᠡᠢ᠃ᠳᠣᠣᠷ᠎ᠠ ᠵᠢᠭᠰᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠪᠣᠳᠠᠲᠠᠢ ᠭᠦᠢᠴᠡᠳᠬᠡᠨ᠎ᠡ᠄      ︵ᠨᠢᠭᠡ︶ ᠲᠣᠰ ᠠᠵᠢᠯ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠬᠤᠯᠪᠣᠭᠳᠠᠯ ᠪᠦᠬᠦᠢ ᠠᠷᠠᠯᠵᠢᠶᠠᠨ ᠤ ᠳᠦᠷᠢᠮ᠂ ᠦᠢᠯᠡᠴᠢᠯᠡᠭᠡᠨ ᠤ ᠴᠤᠪᠤᠷᠠᠯ ᠪᠠ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠬᠡᠷᠡᠭᠵᠢᠭᠦᠯᠬᠦ ᠳᠤ ᠣᠷᠣᠯᠴᠠᠵᠤ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠵᠢᠯᠴᠠᠨ ᠲᠣᠰ ᠠᠵᠢᠯ ᠲᠥᠷᠥᠯ ᠤᠨ ᠲᠠᠯᠠᠪᠤᠷ ᠲᠤ ᠣᠷᠣᠬᠤ ᠲᠥᠷᠥᠯ ᠵᠦᠢᠯ ᠤᠨ ᠠᠷᠠᠯᠵᠢᠶ᠎ᠠ ᠳᠤ ᠬᠢᠨᠠᠯᠲᠠ ᠲᠠᠯᠪᠢᠬᠤ᠂ ᠭᠡᠷ᠎ᠡ ᠭᠦᠢᠴᠡᠳᠬᠡᠬᠦ ᠶᠢ ᠬᠢᠨᠠᠨ ᠬᠠᠮᠢᠶᠠᠷᠬᠤ ᠪᠠ ᠵᠠᠰᠠᠭ ᠵᠠᠬᠢᠷᠭᠠᠨ ᠤ ᠰᠢᠳᠬᠡᠯ ᠥᠭᠬᠦ ᠵᠡᠷᠭᠡ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ︔      ︵ᠬᠤᠶᠠᠷ︶ ᠬᠤᠯᠪᠣᠭᠳᠠᠯ ᠪᠦᠬᠦᠢ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠣᠰ ᠠᠵᠢᠯ ᠲᠥᠷᠥᠯ ᠤᠨ ᠢᠶᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠭᠠᠷᠴᠠᠭ ᠤᠨ ᠳᠣᠲᠣᠷᠠᠬᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠷᠥᠯ ᠵᠦᠢᠯ ᠢ ᠲᠠᠪᠴᠠᠩ ᠤᠨ ᠠᠷᠠᠯᠵᠢᠶ᠎ᠠ ᠳᠤ ᠨᠢᠭᠡᠳᠦᠯᠲᠡᠢ ᠣᠷᠣᠭᠤᠯᠬᠤ ᠶᠢ ᠵᠣᠬᠢᠶᠠᠨ ᠪᠠᠶᠢᠭᠤᠯᠵᠤ ᠬᠢᠨᠠᠯᠲᠠ ᠲᠠᠯᠪᠢᠨ᠎ᠠ︔      ︵ᠭᠤᠷᠪᠠ︶ ᠲᠥᠷᠥᠯ ᠵᠦᠢᠯ ᠤᠨ ᠬᠡᠷᠡᠭᠴᠡᠭᠡ ᠶᠢ ᠦᠨᠳᠦᠰᠦᠯᠡᠨ ᠠᠷᠠᠯᠵᠢᠶᠠᠯᠠᠬᠤ ᠶᠠᠪᠤᠴᠠ ᠳᠤ ᠬᠢᠨᠠᠯᠲᠠ ᠲᠠᠯᠪᠢᠵᠤ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠵᠢᠯᠴᠠᠨ ᠲᠣᠰ ᠠᠵᠢᠯ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠷᠥᠯ ᠵᠦᠢᠯ ᠳᠤ ᠬᠥᠮᠥᠨ ᠲᠣᠮᠢᠯᠠᠨ ᠲᠤᠬᠠᠢ ᠶᠢᠨ ᠲᠠᠯᠠᠪᠤᠷ ᠲᠤ ᠣᠴᠢᠭᠤᠯᠬᠤ ᠪᠤᠶᠤ ᠡᠯᠧᠺᠲᠷᠣᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠰᠢᠰᠲ᠋ᠧᠮ ᠢᠶᠠᠷ ᠳᠠᠮᠵᠢᠭᠤᠯᠤᠨ ᠲᠤᠬᠠᠢ ᠶᠢᠨ ᠲᠠᠯᠠᠪᠤᠷ ᠲᠤᠨᠢ ᠬᠢᠨᠠᠯᠲᠠ ᠲᠠᠯᠪᠢᠨ᠎ᠠ      ︵ᠳᠥᠷᠪᠡ︶ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ ᠵᠢᠭᠠᠨ ᠲᠣᠭᠲᠠᠭᠠᠭᠰᠠᠨ ᠵᠠᠭᠤᠴᠢᠯᠠᠭᠤᠷ ᠲᠤ ᠳᠠᠭᠠᠭᠠᠴᠢᠯᠠᠯᠲᠠ ᠵᠠᠷᠯᠠᠬᠤ ᠠᠯᠪᠠᠨ ᠵᠠᠷ᠂ ᠳᠠᠭᠠᠭᠠᠴᠢᠯᠠᠯᠲᠠ ᠵᠠᠷᠯᠠᠬᠤ ︵ᠬᠤᠳᠠᠯᠳᠤᠨ ᠠᠪᠬᠤ︶ ᠪᠢᠴᠢᠭ ᠮᠠᠲ᠋ᠧᠷᠢᠶᠠᠯ᠂ ᠳᠠᠭᠠᠭᠠᠴᠢᠯᠠᠯᠲᠠ ᠣᠯᠣᠭᠰᠠᠨ ︵ᠠᠷᠠᠯᠵᠢᠶ᠎ᠠ ᠪᠦᠲᠦᠭᠰᠡᠨ︶ ᠮᠡᠳᠡᠭᠡ ᠵᠠᠩᠭᠢ᠂ ᠬᠤᠪᠢᠷᠠᠭᠤᠯᠤᠭᠰᠠᠨ ᠮᠡᠳᠡᠭᠡ ᠵᠠᠩᠭᠢ᠂ ᠢᠲᠡᠭᠡᠮᠵᠢ ᠶᠢᠨ ᠱᠠᠩᠨᠠᠵᠤ ᠲᠣᠷᠭᠠᠬᠤ ᠵᠢᠴᠢ ᠬᠤᠯᠪᠣᠭᠳᠠᠯ ᠪᠦᠬᠦᠢ ᠬᠠᠤᠯᠢ ᠲᠣᠭᠲᠠᠭᠠᠯ ᠠᠴᠠ ᠵᠥᠷᠢᠴᠡᠭᠰᠡᠨ ᠰᠢᠳᠬᠡᠯ ᠵᠡᠷᠭᠡ ᠬᠠᠤᠯᠢ ᠶᠣᠰᠣᠭᠠᠷ ᠢᠯᠡ ᠪᠣᠯᠭᠠᠬᠤ ᠬᠡᠷᠡᠭᠲᠡᠢ ᠮᠡᠳᠡᠭᠡ ᠵᠠᠩᠭᠢ ᠶᠢ ᠨᠡᠶᠢᠲᠡᠯᠡᠨ᠎ᠡ᠃ᠲᠣᠰ ᠠᠵᠢᠯ ᠲᠥᠷᠥᠯ ᠤᠨ ᠢᠶᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠣᠷᠣᠵᠤ ᠠᠷᠠᠯᠵᠢᠶᠠᠯᠠᠬᠤ ᠲᠥᠷᠥᠯ ᠵᠦᠢᠯ ᠤᠨ ᠮᠡᠳᠡᠭᠡ ᠵᠠᠩᠭᠢ ᠶᠢ ᠢᠯᠡ ᠪᠣᠯᠭᠠᠬᠤ ᠳᠤ ᠬᠠᠤᠯᠢ ᠶᠣᠰᠣᠭᠠᠷ ᠬᠢᠨᠠᠯᠲᠠ ᠲᠠᠯᠪᠢᠵᠤ᠂ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠠᠷᠢᠯᠴᠠᠨ ᠨᠡᠪᠲᠡᠷᠡᠯᠴᠡᠵᠦ ᠬᠠᠮᠲᠤᠪᠠᠷ ᠭᠥᠷᠳᠡᠬᠦ ᠶᠢ ᠲᠦᠯᠬᠢᠨ ᠠᠬᠢᠭᠤᠯᠵᠤᠪ᠂ ᠲᠣᠰ ᠠᠵᠢᠯ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠣᠷᠣᠵᠤ ᠠᠷᠠᠯᠵᠢᠶᠠᠯᠠᠬᠤ ᠲᠥᠷᠥᠯ ᠵᠦᠢᠯ ᠤᠨ ᠬᠠᠤᠯᠢ ᠶᠣᠰᠣᠨ ᠤ ᠪᠠ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠪᠠᠶᠢᠴᠠᠭᠠᠨ᠎ᠠ︔      ︵ᠲᠠᠪᠤ︶ ᠲᠤᠰ ᠠᠵᠢᠯ ᠲᠥᠷᠥᠯ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠡ ᠶᠢᠨ ᠠᠵᠢᠯᠯᠠᠭ᠎ᠠ ᠶᠢᠨ ᠬᠡᠷᠡᠭᠵᠢᠭᠦᠯᠦᠯᠲᠡ ᠶᠢ ᠵᠢᠯᠤᠭᠤᠳᠴᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠲᠤᠷᠠᠭᠰᠠᠨ ᠬᠤᠷᠠᠯ ᠢ ᠰᠠᠨᠠᠭᠠᠴᠢᠯᠠᠬᠤ ᠪᠤᠶᠤ ᠲᠡᠭᠦᠨ ᠳᠤ ᠣᠷᠣᠯᠴᠠᠨ᠎ᠠ᠃ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠬᠠᠮᠵᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠮᠵᠢᠯᠴᠠᠨ ᠬᠢᠨᠠᠨ ᠬᠠᠮᠢᠶᠠᠷᠬᠤ᠂ ᠬᠤᠯᠪᠤᠭᠠᠯᠠᠨ ᠬᠥᠳᠡᠯᠦᠯᠴᠡᠵᠦ ᠬᠢᠨᠠᠨ ᠬᠠᠮᠢᠶᠠᠷᠬᠤ ᠪᠠᠶᠢᠭᠤᠯᠤᠯ ᠲᠣᠭᠲᠠᠴᠠ ᠶᠢ ᠪᠠᠶᠢᠭᠤᠯᠬᠤ᠂ ᠪᠠᠲᠤᠯᠠᠬᠤ ᠪᠠ ᠲᠡᠭᠦᠯᠳᠡᠷᠵᠢᠭᠦᠯᠦᠨ᠎ᠡ᠃      ᠨᠠᠢᠮᠠᠳᠤᠭᠠᠷ ᠵᠦᠢᠯ  ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶᠠᠨ ᠳᠠᠬᠢ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠵᠢᠴᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠲᠥᠪᠯᠡᠷᠡᠭᠦᠯᠦᠨ ᠬᠤᠳᠠᠯᠳᠤᠨ ᠠᠪᠬᠤ ᠪᠠᠶᠢᠭᠤᠯᠤᠮᠵᠢ ᠶᠢᠨ ᠬᠠᠮᠢᠶ᠎ᠠ ᠪᠦᠬᠦᠢ ᠡᠭᠦᠷᠭᠡ ᠴᠢᠳᠠᠪᠤᠷᠢ ᠶᠢ ᠡᠭᠦᠷᠭᠡᠯᠡᠨ᠎ᠡ᠃      ᠭᠤᠷᠪᠠᠳᠤᠭᠠᠷ ᠪᠦᠯᠦᠭ ᠡᠷᠠᠯᠵᠢᠶᠠᠯᠠᠬᠤ ᠬᠦᠷᠢᠶ᠎ᠡ ᠬᠡᠪᠴᠢᠶ᠎ᠡ      ᠶᠢᠰᠦᠳᠦᠭᠡᠷ ᠵᠦᠢᠯ  ᠲᠤᠰ ᠱᠠᠲᠤᠨ ᠤ ᠠᠷᠠᠯᠵᠢᠶᠠᠨ ᠤ ᠭᠠᠷᠴᠠᠭ ᠤᠨ ᠬᠡᠪᠴᠢᠶ᠎ᠡ ᠪᠠ ᠬᠢᠵᠠᠭᠠᠷᠯᠠᠭᠰᠠᠨ ᠲᠤᠭ᠎ᠠ ᠶᠢᠨ ᠪᠠᠷᠢᠮᠵᠢᠶ᠎ᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ ᠬᠥᠳᠡᠯᠦᠩᠭᠦᠢ ᠲᠣᠬᠢᠷᠠᠭᠤᠯᠤᠯᠲᠠ ᠬᠢᠵᠦ᠂ ᠨᠠᠶᠢᠷᠠᠭᠤᠯᠤᠨ ᠵᠣᠬᠢᠶᠠᠬᠤ ᠪᠠ ᠵᠠᠰᠠᠪᠤᠷᠢ ᠣᠷᠣᠭᠤᠯᠬᠤ ᠶᠢ ᠬᠤᠳᠠ ᠶᠢᠨ ᠤᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶ᠎ᠠ ᠳᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠭᠤᠷᠪᠢᠨ ᠲᠣᠭᠲᠠᠭᠠᠵᠤ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠨ ᠬᠡᠷᠡᠭᠵᠢᠭᠦᠯᠦᠨ᠎ᠡ᠃      ᠠᠷᠪᠠᠳᠤᠭᠠᠷ ᠵᠦᠢᠯ  ᠳᠣᠣᠷᠠᠬᠢ ᠮᠡᠲᠦ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ ᠠᠷᠠᠯᠵᠢᠶᠠᠨ ᠤ ᠭᠠᠷᠴᠠᠭ ᠲᠤ ᠣᠷᠣᠭᠤᠯᠬᠤ ᠬᠡᠷᠡᠭᠲᠡᠢ᠄      ︵ᠨᠢᠭᠡ︶ ᠬᠠᠤᠯᠢ ᠶᠣᠰᠣᠭᠠᠷ ᠵᠠᠪᠠᠯ ᠳᠠᠭᠠᠭᠠᠴᠢᠯᠠᠯᠲᠠ ᠵᠠᠷᠯᠠᠬᠤ ᠶᠣᠰᠣᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ︔      ︵ᠬᠤᠶᠠᠷ︶ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠲᠤ ᠣᠷᠣᠭᠤᠯᠤᠭᠰᠠᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠢᠯ︔      ︵ᠭᠤᠷᠪᠠ︶ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠪᠠ ᠠᠭᠤᠷᠬᠠᠢ ᠶᠢᠨ ᠦᠢᠯᠡᠰ ᠤᠨ ᠡᠷᠬᠡ ᠶᠢ ᠰᠢᠯᠵᠢᠭᠦᠯᠦᠨ ᠬᠤᠳᠠᠯᠳᠤᠬᠤ ᠠᠷᠠᠯᠵᠢᠶᠠᠨ ᠤ ᠲᠥᠷᠥᠯ ᠵᠦᠢᠯ︔      ︵ᠳᠥᠷᠪᠡ︶ ᠤᠯᠤᠰ ᠤᠨ ᠥᠮᠴᠢᠯᠡᠯ ᠤᠨ ᠥᠮᠴᠢᠯᠡᠬᠦ ᠡᠷᠬᠡ᠂ ᠰᠲ᠋ᠣᠺ ᠤᠨ ᠡᠷᠬᠡ ᠶᠢ ᠰᠢᠯᠵᠢᠭᠦᠯᠦᠨ ᠥᠭᠬᠦ ᠂ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠬᠠᠮᠲᠤ ᠶᠢᠨ ᠥᠮᠴᠢᠯᠡᠬᠦ ᠡᠷᠬᠡ᠂ ᠬᠠᠮᠠᠭᠠᠯᠠᠭᠳᠠᠬᠤ ᠲᠥᠷᠥᠯ ᠤᠨ ᠡᠳ᠋ ᠬᠥᠷᠥᠩᠭᠡ ᠶᠢᠨ ᠠᠷᠠᠯᠵᠢᠶᠠᠨ ᠤ ᠲᠥᠷᠥᠯ ᠵᠦᠢᠯ ︵ᠬᠠᠤᠯᠢ ᠴᠠᠭᠠᠵᠠ ᠳᠤ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ︶︔      ︵ᠲᠠᠪᠤ︶ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠤᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠨ ᠤ ᠭᠠᠷᠴᠠᠭ ᠲᠤ ᠵᠢᠭᠰᠠᠭᠠᠨ ᠣᠷᠣᠭᠤᠯᠬᠤ ᠬᠡᠷᠡᠭᠲᠡᠢ ᠪᠤᠰᠤᠳ ᠲᠥᠷᠥᠯ ᠵᠦᠢᠯ︔᡾      ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠤᠯᠠᠨ ᠨᠡᠶᠢᠳᠡ ᠶᠢᠨ ᠡᠬᠢ ᠪᠠᠶᠠᠯᠢᠭ ᠢ ᠠᠷᠠᠯᠵᠢᠶᠠᠨ ᠤ ᠲᠠᠪᠴᠠᠩ ᠳᠤ ᠣᠷᠣᠵᠤ ᠠᠷᠠᠯᠵᠢᠶᠠᠯᠠᠬᠤ ᠬᠡᠷᠡᠭᠲᠡᠢ ᠪᠤᠰᠤᠳ ᠠᠷᠠᠯᠵᠢᠶᠠᠯᠠᠭ ᠲᠥᠷᠥᠯ ᠵᠦᠢᠯ᠃      ᠠᠷᠪᠠᠨ ᠨᠢᠭᠡᠳᠦᠭᠡᠷ ᠵᠦᠢᠯ   ᠠᠷᠠᠯᠵᠢᠶᠠᠨ ᠤ ᠭᠠᠷᠴᠠᠭ ᠲᠤ ᠵᠢᠭᠰᠠᠭᠠᠨ ᠣᠷᠣᠭᠤᠯᠤᠭᠰᠠᠨ ᠤᠯᠠᠨ ᠨᠡᠶᠢᠲᠠ ᠶᠢᠨ ᠡᠬᠢ ᠪᠠᠶᠠᠯᠢᠭ ᠢ ᠠᠷᠠᠯᠵᠢᠶᠠᠯᠠᠬᠤ ᠲᠥᠷᠥᠯ ᠵᠦᠢᠯ ᠪᠥᠬᠦᠨ ᠢ ᠴᠥᠮ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠣᠷᠣᠭᠤᠯᠵᠤ ᠠᠷᠠᠯᠵᠢᠶᠠᠯᠠᠭ ᠬᠡᠷᠡᠭᠲᠡᠢ᠃      ᠠᠷᠪᠠᠨ ᠬᠤᠶᠠᠳᠤᠭᠠᠷ ᠵᠦᠢᠯ ᠤᠯᠤᠰ ᠤᠨ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠠᠶᠤᠯ ᠭᠠᠮᠰᠢᠭ  ᠠᠴᠠ ᠠᠪᠤᠷᠠᠬᠤ ᠵᠢᠴᠢ ᠪᠤᠰᠤᠳ ᠣᠨᠴᠠᠭᠠᠢ ᠰᠢᠯᠲᠠᠭᠠᠨ ᠠᠴᠠ ᠪᠣᠯᠵᠤ ᠲᠣᠰ ᠠᠷᠭ᠎ᠠ ᠶᠢᠨ ᠲᠣᠭᠲᠠᠭᠠᠯ ᠶᠣᠰᠣᠭᠠᠷ ᠠᠷᠠᠯᠵᠢᠶᠠᠯᠠᠵᠤ ᠳᠡᠶᠢᠯᠬᠦ ᠦᠭᠡᠢ ᠪᠣᠯ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ᠃      ᠠᠷᠪᠠᠨ ᠭᠤᠷᠪᠠᠳᠤᠭᠠᠷ ᠵᠦᠢᠯ  ᠠᠷᠠᠯᠵᠢᠶᠠᠨ ᠤ ᠭᠠᠷᠴᠠᠭ ᠳᠤ ᠵᠢᠭᠰᠠᠭᠠᠨ ᠣᠷᠣᠭᠤᠯᠤᠭᠰᠠᠨ ᠦᠭᠡᠢ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠠᠯᠠᠬᠤ ᠲᠥᠷᠥᠯ ᠵᠦᠢᠯ ᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠪᠠᠶᠢᠭᠠᠳ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠣᠷᠣᠭᠤᠯᠤᠨ ᠠᠷᠠᠯᠵᠢᠶᠠᠯᠠᠭᠤᠯᠤᠨ᠎ᠠ᠃      ᠳᠥᠷᠪᠡᠳᠦᠭᠡᠷ ᠪᠦᠯᠦᠭ  ᠠᠷᠠᠯᠵᠢᠶᠠᠯᠠᠬᠤ ᠳᠡᠰ ᠳᠠᠷᠠᠭᠠᠯᠠᠯ ᠬᠢᠭᠡᠳ ᠳᠦᠷᠢᠮ      ᠠᠷᠪᠠᠨ ᠳᠥᠷᠪᠡᠳᠦᠭᠡᠷ ᠵᠦᠢᠯ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠬᠤᠯᠪᠣᠭᠳᠠᠯ ᠪᠦᠬᠦᠢ ᠳᠦᠷᠢᠮ ᠳᠤ ᠲᠣᠭᠲᠠᠭᠠᠭᠰᠠᠨ ᠲᠡᠰ ᠳᠠᠷᠠᠭᠠᠯᠠᠯ᠂ ᠳᠦᠷᠢᠮ ᠤᠨ ᠶᠣᠰᠣᠭᠠᠷ ᠶᠠᠪᠤᠭᠳᠠᠭᠤᠯᠵᠤ᠂ ᠠᠷᠠᠯᠵᠢᠶ᠎ᠠ ᠶᠢ ᠭᠥᠯᠢᠶᠡᠨ ᠠᠪᠴᠤ ᠰᠢᠢᠳᠪᠦᠷᠢᠯᠡᠬᠦ ᠶᠢ ᠤᠯᠠᠨ ᠨᠡᠶᠢᠲᠡ ᠶᠢᠨ ᠡᠬᠢ ᠪᠠᠶᠠᠯᠢᠭ ‍ᠤᠨ‌ᠠᠷᠠᠯᠵᠢᠶᠠᠨ ᠤ ᠦᠢᠯᠡᠴᠢᠯᠡᠭᠡᠨ ᠤ ᠲᠠᠪᠴᠠᠩ ᠳᠤ ᠶᠠᠪᠤᠭᠳᠠᠭᠤᠯᠬᠤ ᠬᠡᠷᠡᠭᠲᠡᠢ᠃ᠡᠩ ᠤᠨ ᠪᠠᠶᠢᠳᠠᠯ ᠳᠤ᠄ ᠠᠷᠠᠯᠵᠢᠶᠠᠨ ᠤ ᠨᠠᠶᠢᠳᠠᠯᠭ᠎ᠠ᠂ ᠠᠷᠠᠯᠵᠢᠶᠠᠨ ᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ᠂ ᠮᠡᠳᠡᠭᠡ ᠵᠠᠩᠭᠢ ᠨᠡᠶᠢᠲᠡᠯᠡᠬᠦ᠂ ᠳᠠᠭᠠᠭᠠᠴᠢᠯᠠᠯᠲᠠ ᠬᠦᠯᠢᠶᠡᠬᠦ ︵ᠳᠠᠭᠠᠬᠤ︶ ᠪᠢᠴᠢᠭ ᠮᠠᠲ᠋ᠧᠷᠢᠶᠠᠯ ᠢ ᠭᠥᠯᠢᠶᠡᠨ ᠠᠪᠬᠤ᠂ ᠲᠤᠰᠬᠠᠢ ᠮᠡᠷᠭᠡᠵᠢᠯᠲᠡᠨ ᠰᠤᠭᠤᠴᠢᠨ ᠠᠪᠬᠤ᠂ ᠳᠠᠭᠠᠭᠠᠴᠢᠯᠠᠯᠲᠠ ᠨᠡᠶᠢᠲᠡᠯᠡᠬᠦ᠂ ᠳᠠᠭᠠᠭᠠᠴᠢᠯᠠᠯᠲᠠ ᠦᠨᠡᠯᠡᠬᠦ᠂ ᠦᠷ᠎ᠡ ᠳ᠋ᠦᠩ ᠢ ᠵᠠᠷᠯᠠᠨ ᠨᠡᠶᠢᠲᠡᠯᠡᠬᠦ᠂ ᠠᠷᠠᠯᠵᠢᠶ᠎ᠠ ᠪᠦᠲᠦᠭᠰᠡᠨ ᠢ ᠨᠤᠲᠠᠯᠠᠬᠤ ᠪᠢᠴᠢᠭ ᠢ ᠲᠠᠷᠬᠠᠭᠠᠬᠤ᠂ ᠭᠡᠷ᠎ᠡ ᠲᠣᠭᠲᠠᠬᠤ᠂ ᠠᠷᠠᠯᠵᠢᠶᠠᠨ ᠤ ᠮᠠᠲ᠋ᠧᠷᠢᠶᠠᠯ ᠢ ᠡᠪᠬᠡᠮᠡᠯᠯᠡᠨ ᠲᠠᠩᠰᠠ ᠡᠪᠬᠡᠮᠡᠯ ᠳᠤ ᠣᠷᠣᠭᠤᠯᠬᠤ ᠵᠡᠷᠭᠡ ᠪᠠᠭᠲᠠᠨ᠎ᠠ᠃      ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠪᠣᠳᠠᠲᠠᠢ ᠲᠠᠰ ᠳᠠᠷᠠᠭᠠᠯᠠᠯ ᠪᠠ ᠳᠦᠷᠢᠮ ᠢ ᠠᠷᠠᠯᠵᠢᠶ᠎ᠠ ᠶᠢᠨ ᠲᠥᠷᠥᠯ ᠢᠯᠭᠠᠯ ᠪᠠ ᠠᠭᠤᠯᠭ᠎ᠠ ᠶᠢᠨ ᠶᠣᠰᠣᠭᠠᠷ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ ᠠᠰ ᠲᠤᠨᠢ ᠲᠣᠭᠲᠠᠭᠠᠨ᠎ᠠ᠃      ᠠᠷᠪᠠᠨ ᠲᠠᠪᠤᠳᠤᠭᠠᠷ ᠵᠦᠢᠯ  ᠵᠠᠬ᠎ᠠ ᠳᠡᠯᠭᠡᠭᠦᠷ ᠲᠤ ᠣᠷᠣᠵᠤ ᠠᠷᠠᠯᠵᠢᠶᠠᠯᠠᠬᠤ ᠤᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠲᠥᠷᠥᠯ ᠵᠦᠢᠯ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠠᠷᠠᠯᠵᠢᠶᠠᠯᠠᠬᠤ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠃ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠭᠥᠯᠢᠶᠡᠨ ᠠᠪᠴᠤ ᠰᠢᠢᠳᠪᠦᠷᠢᠯᠡᠬᠦ ᠦᠭᠡᠢ᠄      ︵ᠨᠢᠭᠡ︶ ᠬᠠᠤᠯᠢ ᠶᠣᠰᠣᠭᠠᠷ ᠬᠢᠨᠠᠨ ᠵᠥᠪᠰᠢᠶᠡᠷᠡᠭᠦᠯᠦᠭᠰᠡᠨ ᠦᠭᠡᠢ᠂ ᠪᠠᠲᠤᠯᠠᠭᠰᠠᠨ ᠦᠭᠡᠢ︔      ︵ᠬᠤᠶᠠᠷ︶ ᠡᠷᠬᠡ ᠶᠢᠨ ᠬᠠᠷᠢᠶᠠᠯᠠᠯ ᠨᠢ ᠮᠠᠷᠭᠤᠯᠳᠤᠭᠠᠨ ᠲᠠᠢ ᠪᠠᠶᠢᠬᠤ︔      ︵ᠭᠤᠷᠪᠠ︶ ᠬᠠᠤᠯᠢ ᠶᠣᠰᠣᠭᠠᠷ ᠬᠢᠵᠠᠭᠠᠷᠯᠠᠬᠤ ᠠᠷᠭ᠎ᠠ ᠬᠡᠮᠵᠢᠶ᠎ᠡ ᠠᠪᠤᠭᠳᠠᠭᠰᠠᠨ︔      ︵ᠳᠥᠷᠪᠡ︶ ᠬᠤᠳᠠᠯ ᠬᠠᠭᠤᠷᠮᠠᠭ ᠮᠠᠲ᠋ᠧᠷᠢᠶᠠᠯ ᠲᠤᠰᠢᠶᠠᠭᠰᠠᠨ︔      ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠷᠠᠯᠵᠢᠶᠠᠯᠠᠬᠤ ᠶᠢ ᠴᠠᠭᠠᠵᠠᠯᠠᠬᠤ ᠪᠠᠷ ᠲᠣᠭᠲᠠᠭᠠᠭᠰᠠᠨ ᠪᠤᠰᠤᠳ ᠪᠠᠶᠢᠳᠠᠯ︔      ︵ᠵᠢᠷᠭᠤᠭ᠎ᠠ︶ ᠲᠣᠰ ᠠᠵᠢᠯ ᠲᠥᠷᠥᠯ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ᠃      ᠠᠷᠪᠠᠨ ᠵᠢᠷᠭᠤᠳᠤᠭᠠᠷ ᠵᠦᠢᠯ  ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠳᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠳᠠᠭᠠᠭᠠᠴᠢᠯᠠᠯᠲᠠ ᠰᠢᠯᠭᠠᠷᠠᠭᠤᠯᠬᠤ ᠵᠥᠪᠯᠡᠯ ︵ᠬᠢᠨᠠᠨ ᠲᠣᠭᠲᠠᠭᠠᠬᠤ ᠳᠤᠭᠤᠶᠢᠯᠠᠩ︶ ᠢ ᠵᠣᠬᠢᠶᠠᠨ ᠪᠠᠶᠢᠭᠤᠯᠵᠤ᠂ ᠲᠤᠰᠬᠠᠢ ᠮᠡᠷᠭᠡᠵᠢᠯᠲᠡᠨ ᠰᠤᠭᠤᠴᠠᠬᠤ ᠳᠤ ᠬᠠᠤᠯᠢ ᠶᠣᠰᠣᠭᠠᠷ ᠪᠠᠶᠢᠭᠤᠯᠤᠭᠰᠠᠨ ᠳᠠᠭᠠᠭᠠᠴᠢᠯᠠᠯᠲᠠ ᠰᠢᠯᠭᠠᠷᠠᠭᠤᠯᠵᠤ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠬᠥᠮᠥᠷᠭᠡ ᠠᠴᠠ ᠲᠠᠰᠢᠷᠠᠮ ᠢᠶᠠᠷ ᠰᠤᠭᠤᠴᠠᠬᠤ ᠬᠡᠷᠡᠭᠲᠡᠢ᠃ᠮᠡᠷᠭᠡᠵᠢᠯ ᠨᠢ ᠪᠤᠳᠤᠯᠢᠶᠠᠨᠲᠠᠢ᠂ ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ ᠪᠤᠶᠤ ᠤᠯᠤᠰ ᠠᠴᠠ ᠣᠨᠴᠠᠭᠠᠶ ᠱᠠᠭᠠᠷᠳᠠᠯᠭ᠎ᠠ ᠲᠠᠢ ᠵᠦᠢᠯᠡᠰ ᠲᠤ ᠲᠤᠰᠬᠠᠢ ᠮᠡᠷᠭᠡᠵᠢᠯᠲᠡᠨ ᠤ ᠰᠢᠯᠭᠠᠷᠠᠭᠤᠯᠬᠤ ᠵᠥᠪᠯᠡᠯ ᠢ ᠪᠤᠰᠤᠳ ᠠᠷᠭ᠎ᠠ ᠮᠠᠶ᠋ᠢᠭ ᠢᠶᠠᠷ ᠭᠠᠷᠭᠠᠬᠤ ᠴᠢᠬᠤᠯᠠᠲᠠᠢ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ᠲᠠᠪᠤᠳᠤᠭᠠᠷ ᠪᠦᠯᠦᠭ ᠬᠢᠨᠠᠵᠤ ᠬᠠᠮᠢᠶᠠᠷᠬᠤ      ᠠᠷᠪᠠᠨ ᠳᠣᠯᠣᠳᠤᠭᠠᠷ ᠵᠦᠢᠯ  ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠬᠢᠭᠡᠳ ᠠᠵᠢᠯ ᠲᠥᠷᠥᠯ ᠤᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠤᠭᠰᠠᠨ ᠬᠤᠯᠪᠤᠭᠠᠯᠠᠨ ᠬᠥᠳᠡᠯᠦᠯᠴᠡᠬᠦ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠤᠨ ᠲᠣᠭᠲᠠᠴᠠ  ᠶᠢ ᠪᠠᠶᠢᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠭᠤᠭᠴᠤᠭ᠎ᠠ ᠳᠤ ᠣᠷᠣᠭᠰᠠᠨ ᠲᠥᠷᠥᠯ ᠵᠦᠢᠯ ᠢ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠨᠢᠭᠡᠳᠦᠯᠲᠡᠢ ᠲᠥᠯᠥᠪᠯᠡᠨ ᠬᠠᠮᠢᠶᠠᠷᠴᠤ᠂ ᠬᠠᠮᠢᠶ᠎ᠠ ᠪᠦᠬᠦᠢ ᠠᠵᠢᠯ ᠲᠥᠷᠥᠯ ᠤᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠠᠮᠵᠢᠯᠴᠠᠨ ᠂ ᠣᠯᠠᠨ ᠨᠡᠶᠢᠲᠡ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ᠂ ᠬᠢᠨᠠᠯᠲᠠ ᠬᠠᠮᠢᠶᠠᠷᠤᠯᠲᠠ᠂ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠵᠢᠴᠢ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠵᠡᠷᠭᠡ ᠡᠯ᠎ᠡ ᠵᠦᠢᠯ ᠤᠨ ᠠᠵᠢᠯ ᠢ ᠬᠦᠴᠦ ᠪᠠᠨ ᠬᠠᠮᠲᠤᠳᠬᠠᠨ ᠠᠬᠢᠭᠤᠯᠤᠨ᠎ᠠ᠃      ᠠᠷᠪᠠᠨ ᠨᠠᠢᠮᠠᠳᠤᠭᠠᠷ ᠵᠦᠢᠯ  ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠯ᠎ᠡ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠬᠠᠮᠲᠤᠷᠠᠭᠰᠠᠨ ᠬᠤᠷᠠᠯ᠂ ᠬᠠᠮᠲᠤᠪᠠᠷ ᠵᠥᠪᠳᠡᠯᠴᠡᠬᠦ ᠪᠠᠷ ᠳᠠᠮᠵᠢᠭᠤᠯᠤᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ ᠳᠤᠮᠳᠠ ᠲᠤᠯᠭᠠᠷᠠᠭᠰᠠᠨ ᠪᠣᠳᠠᠲᠠᠢ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠶᠡᠷᠦᠩᠬᠡᠶᠢᠯᠡᠨ ᠬᠢᠨᠠᠨ ᠬᠠᠮᠢᠶᠠᠷᠬᠤ ᠪᠠ ᠠᠵᠢᠯ ᠲᠥᠷᠥᠯ ᠤᠨ ᠬᠠᠮᠵᠢᠯᠴᠠᠨ ᠬᠢᠨᠠᠨ ᠬᠠᠮᠢᠶᠠᠷᠬᠤ ᠶᠢ ᠵᠠᠪᠰᠠᠷ ᠦᠭᠡᠢ ᠵᠣᠯᠭᠠᠭᠤᠯᠵᠤ᠂ ᠬᠠᠷᠢᠯᠴᠠᠨ ᠬᠠᠮᠵᠢᠯᠴᠠᠬᠤ ᠶᠢ ᠦᠨᠡᠨᠬᠦ ᠪᠠᠲᠤᠯᠠᠵᠤ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠴᠢᠩᠭᠠᠷᠠᠭᠤᠯᠤᠨ᠎ᠠ᠃      ᠬᠠᠮᠲᠤᠷᠠᠭᠰᠠᠨ‌ᠬᠤᠷᠠᠯ ᠢ ᠡᠭᠦᠰᠬᠡᠨ ᠪᠠᠶᠢᠭᠤᠯᠬᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠬᠤ᠂ ᠬᠠᠷᠢᠯᠴᠠᠬᠤ ᠪᠠ ᠵᠣᠬᠢᠴᠠᠭᠤᠯᠬᠤ ᠶᠢ ᠬᠠᠷᠢᠭᠤᠴᠠᠵᠤ᠂ ᠬᠤᠷᠠᠯ ᠤᠨ ᠭᠤᠣᠯ ᠰᠡᠳᠦᠪ ᠪᠠ ᠬᠤᠷᠠᠯ ᠠᠴᠠ ᠵᠥᠪᠯᠡᠬᠦ ᠵᠦᠢᠯ ᠢ ᠲᠣᠭᠲᠠᠭᠠᠨ᠎ᠠ᠂ ᠬᠠᠮᠵᠢᠯᠴᠠᠬᠤ ᠰᠠᠯᠠᠭ᠎ᠠ ᠮᠥᠴᠢᠷ ᠤᠳ ᠡᠭᠦᠰᠬᠡᠨ ᠪᠠᠶᠢᠭᠤᠯᠬᠤ ᠰᠠᠯᠠᠭ᠎ᠠ ᠮᠥᠴᠢᠷ ᠤᠨ ᠤᠷᠢᠯᠭ᠎ᠠ ᠪᠠ ᠬᠤᠷᠠᠯ ᠤᠨ ᠪᠣᠳᠠᠲᠠᠢ ᠠᠭᠤᠯᠭ᠎ᠠ ᠶᠢ ᠦᠨᠳᠦᠰᠦᠯᠡᠨ ᠬᠥᠮᠥᠨ ᠰᠣᠩᠭᠤᠨ ᠲᠣᠮᠢᠯᠠᠵᠤ ᠣᠷᠣᠯᠴᠠᠭᠤᠯᠬᠤ ᠬᠡᠷᠡᠭᠲᠡᠢ᠃      ᠠᠷᠪᠠ ᠶᠢᠰᠦᠳᠦᠭᠡᠷ  ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠡᠯᠧᠺᠲᠷᠣᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠪᠠᠶᠢᠭᠤᠯᠬᠤ ᠶᠢ ᠠᠬᠢᠭᠤᠯᠵᠤ᠂ ᠡᠯᠧᠺᠲᠷᠤᠨᠴᠢᠯᠡᠭᠰᠡᠨ ᠠᠷᠭ᠎ᠠ ᠪᠠᠷᠢᠯ ᠢᠶᠠᠷ ᠳᠠᠮᠵᠢᠭᠤᠯᠤᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢᠨ ᠪᠥᠬᠦ ᠶᠠᠪᠤᠴᠠ ᠳᠤ ᠬᠢᠨᠠᠯᠲᠠ ᠲᠠᠯᠪᠢᠬᠤ ᠶᠢ ᠪᠡᠶᠡᠯᠡᠭᠦᠯᠬᠦ ᠬᠡᠷᠡᠭᠲᠡᠢ᠃      ᠬᠤᠷᠢᠳᠤᠭᠠᠷ ᠵᠦᠢᠯ ᠬᠤᠲᠠ ᠶᠢᠨ ᠡᠯ᠎ᠡ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠦᠷ᠎ᠡ ᠳ᠋ᠦᠩ ᠢ ᠮᠥᠷᠳᠡᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠰᠢᠢᠳᠪᠦᠷᠢᠯᠡᠭᠰᠡᠨ ᠲᠣᠭᠲᠠᠭᠠᠯ ᠢᠶᠠᠨ ᠴᠠᠭ ᠲᠤᠬᠠᠢ ᠳᠤᠨᠢ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠬᠠᠭᠤᠯᠤᠨ ᠬᠦᠷᠭᠡᠬᠦ ᠬᠡᠷᠡᠭᠲᠡᠢ᠃      ᠬᠤᠷᠢᠨ ᠨᠢᠭᠡᠳᠦᠭᠡᠷ ᠵᠦᠢᠯ  ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠣᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠩᠬ᠎ᠠ ᠠᠰᠠᠭᠤᠬᠤ ᠬᠠᠷᠢᠭᠤᠴᠠᠯᠭ᠎ᠠ ᠶᠢᠨ ᠳᠦᠷᠢᠮ ᠤᠨ ᠶᠣᠰᠣᠭᠠᠷ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃      ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠷᠠᠯᠵᠢᠶᠠᠨ ᠤ ᠲᠠᠪᠴᠠᠩ ᠤᠨ ᠭᠥᠯᠢᠶᠡᠨ ᠠᠪᠤᠭᠰᠠᠨ ᠲᠥᠷᠥᠯ ᠵᠦᠢᠯ ᠤᠨ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠲᠡᠮᠳᠡᠭᠯᠡᠬᠦ ᠬᠡᠷᠡᠭᠲᠡᠢ᠃ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠣᠭᠲᠠᠭᠠᠯ ᠵᠢᠴᠢ ᠲᠥᠷᠥᠯ ᠵᠦᠢᠯ ᠳᠤ ᠬᠠᠷᠢᠶᠠᠯᠠᠭᠳᠠᠬᠤ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠬᠦᠷᠢᠶ᠎ᠡ ᠬᠡᠪᠴᠢᠶ᠎ᠡ ᠶᠢ ᠬᠠᠮᠢᠶ᠎ᠠ ᠪᠦᠬᠦᠢ ᠠᠵᠢᠯ ᠲᠥᠷᠥᠯ ᠤᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠭᠥᠯᠢᠶᠡᠨ ᠠᠪᠴᠤ ᠰᠢᠢᠳᠪᠦᠷᠢᠯᠡᠬᠦ ᠳᠤ ᠭᠦᠷᠪᠡᠯ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠥᠭᠴᠦ ᠰᠢᠢᠳᠪᠦᠷᠢᠯᠡᠭᠦᠯᠦᠨ᠎ᠡ᠃ᠲᠣᠰ ᠠᠵᠢᠯ ᠲᠥᠷᠥᠯ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢ ᠳᠠᠭᠠᠨ᠎ᠠ᠃      ᠬᠤᠷᠢᠨ ᠬᠤᠶᠠᠳᠤᠭᠠᠷ ᠵᠦᠢᠯ  ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠠᠪᠤᠴᠠ ᠳᠤ᠂ ᠪᠤᠰᠤᠳ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠠᠮᠵᠢᠭᠤᠯᠤᠨ ᠰᠢᠢᠳᠪᠦᠷᠢᠯᠡᠭᠦᠯᠬᠦ ᠴᠢᠬᠤᠯᠠᠲᠠᠢ ᠪᠠᠶᠢᠪᠠᠯ᠂ ᠬᠠᠮᠵᠢᠭᠤᠯᠤᠨ ᠰᠢᠢᠳᠪᠦᠷᠢᠯᠡᠬᠦ ᠨᠢᠭᠡᠴᠡ ᠳᠤ ᠬᠠᠮᠵᠢᠭᠤᠯᠤᠨ ᠰᠢᠢᠳᠪᠦᠷᠢᠯᠡᠬᠦ ᠵᠠᠬᠢᠳᠠᠯ ᠶᠠᠪᠤᠭᠤᠯᠵᠤ᠂ ᠬᠠᠮᠵᠢᠭᠤᠯᠤᠨ ᠰᠢᠢᠳᠪᠦᠷᠢᠯᠡᠬᠦ ᠰᠠᠯᠠᠭ᠎ᠠ ᠮᠥᠴᠢᠷ ᠨᠢ ᠬᠠᠮᠵᠢᠭᠤᠯᠤᠨ ᠰᠢᠢᠳᠪᠦᠷᠢᠯᠡᠬᠦ ᠵᠠᠬᠢᠳᠠᠯ ᠢ ᠣᠯᠣᠭᠰᠠᠨ ᠤ ᠳᠠᠷᠠᠭ᠎ᠠ᠂ ᠬᠠᠮᠵᠢᠭᠤᠯᠤᠨ ᠪᠠᠶᠢᠴᠠᠭᠠᠭᠰᠠᠨ ᠮᠠᠲ᠋ᠧᠷᠢᠶᠠᠯ ᠢ ᠴᠠᠭ ᠲᠤᠬᠠᠢ ᠳᠤᠨᠢ ᠬᠢᠨᠠᠨ ᠪᠠᠶᠢᠴᠠᠭᠠᠵᠤ᠂ ᠬᠠᠤᠯᠢ ᠶᠣᠰᠣᠭᠠᠷ ᠰᠢᠢᠳᠪᠦᠷᠢᠯᠡᠬᠦ ᠶᠢᠨ ᠬᠠᠮᠲᠤ ᠬᠠᠮᠵᠢᠭᠤᠯᠤᠨ ᠪᠠᠶᠢᠴᠠᠭᠠᠭᠰᠠᠨ ᠦᠷ᠎ᠡ ᠳ᠋ᠦᠩ ᠢᠶᠠᠨ ᠴᠠᠭ ᠲᠤᠬᠠᠢ ᠳᠤᠨᠢ ᠪᠢᠴᠢᠭ ᠢᠶᠠᠷ ᠬᠠᠷᠢᠭᠤ ᠲᠤᠰᠬᠠᠬᠤ ᠬᠡᠷᠡᠭᠲᠡᠢ᠂ ᠬᠠᠷᠢᠯᠴᠠᠨ ᠲᠦᠯᠬᠢᠯᠴᠡᠵᠦ᠂ ᠠᠷᠭᠠᠴᠠᠨ ᠥᠩᠭᠡᠷᠡᠭᠦᠯᠵᠦ ᠪᠣᠯᠬᠤ ᠦᠭᠡᠢ᠂ ᠵᠦᠢ ᠵᠣᠬᠢᠰ ᠦᠭᠡᠢ ᠰᠢᠯᠲᠠᠭᠠᠨ ᠢᠶᠠᠷ ᠲᠡᠪᠴᠢᠵᠦ ᠪᠣᠯᠬᠤ ᠦᠭᠡᠢ᠃      ᠬᠤᠷᠢᠨ ᠭᠤᠷᠪᠠᠳᠤᠭᠠᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠴᠠ ᠡᠮᠦᠨ᠎ᠡ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠬᠠᠮᠢᠶ᠎ᠠ ᠪᠦᠬᠦᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠷᠠᠯᠵᠢᠶ᠎ᠠ ᠶᠢᠨ  ᠵᠠᠯᠭᠠᠮᠵᠢ ᠭᠠᠷᠳᠠᠮ ᠢ ᠭᠦᠢᠴᠡᠳᠬᠡᠬᠦ ᠪᠠᠨ ᠲᠦᠷ ᠵᠣᠭᠰᠣᠬᠤ ᠬᠡᠷᠡᠭᠲᠡᠢ᠂ ᠲᠣᠰ ᠠᠵᠢᠯ ᠲᠥᠷᠥᠯ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢ ᠳᠠᠭᠠᠨ᠎ᠠ᠃      ᠬᠤᠷᠢᠨ ᠳᠥᠷᠪᠡᠳᠦᠭᠡᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠤᠲᠠ ᠶᠢᠨ ᠡᠯ᠎ᠡ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ᠂ ᠪᠥᠬᠦ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠷᠢᠯᠴᠠᠨ ᠬᠠᠮᠲᠤᠪᠠᠷ ᠡᠳ᠋ᠯᠡᠬᠦ᠂ ᠬᠥᠳᠡᠯᠦᠩᠭᠦᠢ ᠪᠠᠷ ᠰᠢᠨᠡᠳᠬᠡᠬᠦ ᠶᠢ ᠪᠡᠶᠡᠯᠡᠭᠦᠯᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠮᠵᠢ ᠠᠯᠳᠠᠬᠤ ᠶᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠢᠶᠠᠷ ᠳᠠᠮᠵᠢᠭᠤᠯᠤᠨ ᠠᠷᠠᠯᠵᠢᠶᠠᠯᠠᠬᠤ ᠶᠠᠪᠤᠴᠠ ᠳᠠᠬᠢ ᠢᠲᠡᠭᠡᠮᠵᠢ ᠲᠠᠢ ᠪᠠᠶᠢᠬᠤ ᠪᠠ ᠢᠲᠡᠭᠡᠮᠵᠢ ᠪᠠᠨ ᠠᠯᠳᠠᠭᠰᠠᠨ ᠨᠡᠷᠡᠰ ᠢ ᠨᠡᠶᠢᠭᠡᠮ ᠨᠡᠶᠢᠲᠡ ᠳᠤ ᠢᠯᠡ ᠪᠣᠯᠭᠠᠬᠤ ᠬᠡᠷᠡᠭᠲᠡᠢ᠃ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠢ ᠦᠨᠳᠦᠰᠦᠯᠡᠨ᠂ ᠢᠲᠡᠭᠡᠮᠵᠢ ᠲᠠᠢ ᠭᠤᠣᠯ ᠴᠣᠭᠴᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠳᠤ ᠣᠷᠣᠯᠴᠠᠭᠰᠠᠨ ᠢ ᠱᠠᠩᠨᠠᠨ ᠬᠥᠬᠢᠭᠦᠯᠵᠦ᠂ ᠢᠲᠡᠭᠡᠮᠵᠢ ᠪᠠᠨ ᠠᠯᠳᠠᠭᠰᠠᠨ ᠭᠤᠣᠯ ᠴᠣᠭᠴᠠ ᠶᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠳᠤ ᠣᠷᠤᠯᠴᠠᠬᠤ ᠶᠢ ᠬᠢᠵᠠᠭᠠᠷᠯᠠᠬᠤ ᠪᠤᠶᠤ ᠴᠠᠭᠠᠵᠠᠯᠠᠬᠤ ᠵᠡᠷᠭᠡ ᠠᠷᠭ᠎ᠠ ᠮᠠᠶ᠋ᠢᠭ ᠢᠶᠠᠷ ᠵᠠᠯᠬᠠᠭᠠᠨ ᠴᠡᠭᠡᠷᠯᠡᠭᠦᠯᠦᠨ᠎ᠡ᠃      ᠬᠤᠷᠢᠨ ᠲᠠᠪᠤᠳᠤᠭᠠᠷ ᠵᠦᠢᠯ  ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠲᠠᠪᠴᠠᠩ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠠᠪᠴᠠᠩ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠲᠠᠪᠴᠠᠩ ᠵᠡᠷᠭᠡ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠯᠤᠭ᠎ᠠ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠮᠡᠳᠡᠭᠡ ᠵᠠᠩᠭᠢ᠂ ᠠᠷᠠᠯᠵᠢᠶ᠎ᠠ ᠶᠢᠨ ᠮᠡᠳᠡᠭᠡ ᠵᠠᠩᠭᠢ᠂ ᠢᠲᠡᠭᠡᠮᠵᠢ ᠶᠢᠨ ᠮᠡᠳᠡᠭᠡ ᠵᠠᠩᠭᠢ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠵᠡᠷᠭᠡ ᠮᠡᠳᠡᠭᠡ ᠵᠠᠩᠭᠢ ᠶᠢ ᠪᠥᠬᠦ ᠬᠤᠲᠠ ᠳᠤ ᠵᠡᠷᠭᠡᠪᠡᠷ ᠬᠠᠮᠲᠤᠪᠠᠷ ᠭᠥᠷᠳᠡᠬᠦ᠂ ᠬᠥᠳᠡᠯᠦᠩᠭᠦᠢ ᠪᠠᠷ ᠰᠢᠨᠡᠳᠬᠡᠬᠦ ᠶᠢ ᠪᠡᠶᠡᠯᠡᠭᠦᠯᠬᠦ ᠬᠡᠷᠡᠭᠲᠡᠢ᠃      ᠬᠤᠷᠢᠨ ᠵᠢᠷᠭᠤᠳᠤᠭᠠᠷ ᠵᠦᠢᠯ  ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠨᠡᠶᠢᠭᠡᠮ ᠤᠨ ᠦᠨᠡᠯᠡᠯᠲᠡ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠢ᠃ᠨᠡᠶᠢᠭᠡᠮ ᠤᠨ ᠣᠯᠠᠨ ᠨᠡᠶᠢᠲᠡ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠠᠷᠭ᠎ᠠ ᠵᠠᠮ ᠢᠶᠠᠷ ᠳᠠᠮᠵᠢᠭᠤᠯᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠳᠤ ᠨᠡᠶᠢᠭᠡᠮ ᠤᠨ ᠬᠢᠨᠠᠯᠲᠠ ᠲᠠᠯᠪᠢᠬᠤ ᠶᠢᠨ ᠬᠠᠮᠲᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠢᠨᠠᠯᠲᠠ ᠲᠠᠯᠪᠢᠭᠰᠠᠨ ᠰᠠᠨᠠᠯ ᠢᠶᠠᠨ ᠬᠠᠷᠢᠭᠤ ᠲᠤᠰᠬᠠᠨ᠎ᠠ᠃      ᠬᠤᠷᠢᠨ ᠳᠣᠯᠣᠳᠤᠭᠠᠷ ᠵᠦᠢᠯ ᠬᠢᠨᠠᠨ ᠪᠤᠳᠤᠬᠤ ᠰᠠᠯᠠᠭ᠎ᠠ ᠮᠥᠴᠢᠷ ᠤᠳ ᠤᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠭᠰᠠᠨ ᠠᠵᠢᠯᠯᠠᠭ᠎ᠠ ᠪᠣᠯᠣᠨ ᠪᠡᠯᠡ ᠮᠥᠩᠭᠦ ᠶᠢᠨ ᠬᠡᠷᠡᠭᠯᠡᠯᠲᠡ ᠵᠡᠷᠭᠡ ᠪᠠᠶᠢᠳᠠᠯ ᠳᠤ ᠬᠠᠤᠯᠢ ᠶᠣᠰᠣᠭᠠᠷ ᠬᠢᠨᠠᠨ ᠪᠤᠳᠤᠵᠤ ᠬᠢᠨᠠᠯᠲᠠ ᠲᠠᠯᠪᠢᠬᠤ ᠶᠢ ᠬᠡᠷᠡᠭᠵᠢᠭᠦᠯᠬᠦ ᠬᠡᠷᠡᠭᠲᠡᠢ᠃      ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠬᠢᠨᠠᠵᠤ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠨ᠎ᠡ᠃      ᠬᠤᠷᠢᠨ ᠨᠠᠢᠮᠠᠳᠤᠭᠠᠷ ᠵᠦᠢᠯ  ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠡᠯ᠎ᠡ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠨ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠵᠢᠴᠢ ᠲᠡᠭᠦᠨ ᠤ ᠠᠵᠢᠯᠲᠠᠨ ᠲᠣᠰ ᠠᠷᠭ᠎ᠠ ᠶᠢᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠪᠤᠶᠤ ᠲᠣᠭᠲᠠᠭᠠᠯ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠠᠶᠢᠪᠠᠯ᠂ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ᠂ ᠲᠡᠭᠦᠨ ᠤ ᠪᠠᠶᠢᠭ᠎ᠠ ᠨᠢᠭᠡᠴᠡ ᠪᠤᠶᠤ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠬᠤ ᠶᠢᠨ ᠬᠠᠮᠲᠤ ᠵᠠᠷᠯᠠᠨ ᠰᠢᠭᠦᠮᠵᠢᠯᠡᠨ᠎ᠡ︔ ᠰᠠᠬᠢᠯᠭ᠎ᠠ ᠪᠠᠲᠤ ᠶᠢ ᠵᠥᠷᠢᠴᠡᠭᠰᠡᠨ᠂ ᠡᠷᠬᠡ ᠲᠤᠰᠢᠶᠠᠯ ᠢᠶᠠᠨ ᠠᠰᠢᠭᠯᠠᠨ ᠬᠠᠤᠯᠢ ᠶᠢ ᠵᠥᠷᠢᠴᠡᠭᠰᠡᠨ ᠪᠤᠶᠤ ᠡᠷᠬᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠭᠦᠯᠦᠨ᠎ᠡ︔ ᠬᠠᠤᠯᠢ ᠠᠴᠠ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠬᠤᠷᠢ ᠶᠢᠰᠦᠳᠦᠭᠡᠷ ᠵᠦᠢᠯ  ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ᠂ ᠳᠠᠭᠠᠭᠠᠴᠢᠯᠠᠯᠲᠠ ᠰᠢᠯᠭᠠᠷᠠᠭᠤᠯᠵᠤ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ᠂ ᠰᠢᠰᠲ᠋ᠧᠮ ᠤᠨ ᠨᠡᠭᠡᠭᠡᠨ ᠬᠥᠭᠵᠢᠭᠦᠯᠵᠦ ᠠᠵᠢᠯᠯᠠᠭᠤᠯᠵᠤ ᠬᠠᠮᠠᠭᠠᠯᠠᠬᠤ ᠪᠠᠶᠢᠭᠤᠯᠤᠮᠵᠢ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠠᠴᠠ ᠵᠥᠷᠢᠴᠡᠪᠡᠯ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠤᠶᠤ ᠡᠯ᠎ᠡ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ᠰᠠᠬᠢᠯᠭ᠎ᠠ ᠪᠠᠲᠤ ᠶᠢ ᠵᠥᠷᠢᠴᠡᠭᠰᠡᠨ᠂ ᠡᠷᠬᠡ ᠲᠤᠰᠢᠶᠠᠯ ᠢᠶᠠᠨ ᠠᠰᠢᠭᠯᠠᠨ ᠬᠠᠤᠯᠢ ᠠᠴᠠ ᠵᠥᠷᠢᠴᠡᠭᠰᠡᠨ ᠪᠤᠶᠤ ᠡᠷᠬᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠭᠦᠯᠦᠨ᠎ᠡ︔ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ      ᠭᠤᠴᠢᠳᠤᠭᠠᠷ ᠵᠦᠢᠯ  ᠲᠣᠰ ᠠᠷᠭ᠎ᠠ ᠶᠢ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃      ᠭᠤᠴᠢᠨ ᠨᠢᠭᠡᠳᠦᠭᠡᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠲᠠᠷᠠᠭ᠎ᠠ ᠬᠡᠷᠡᠭᠵᠢᠭᠦᠯᠦᠨ᠎ᠡ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号