ᠬᠥᠬᠡᠬᠤᠲᠠ ᠶᠢᠨ 2023 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2023/4/12
—2022 ᠣᠨ ᠤ 12 ᠳ᠋ᠤᠭᠠᠷ ᠰᠠᠷ᠎ᠠ ᠶᠢᠨ 30 ᠤ ᠡᠳᠦᠷ ᠬᠥᠬᠡᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠳᠡᠭᠡᠷ᠎ᠡ            ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ  ᠾᠧ ᠬᠠᠢ ᠳ᠋ᠦᠩ ᠲᠥᠯᠥᠭᠡᠯᠡᠭᠴᠢᠳ ᠠ᠋᠄      ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃      ᠨᠢᠭᠡ᠂ 2022 ᠣᠨ ᠤ ᠠᠵᠢᠯ ᠤᠨ ᠡᠷᠭᠢᠴᠡᠭᠦᠯᠦᠯ      2022 ᠣᠨ ᠪᠣᠯ ᠲᠤᠶᠢᠯ ᠤᠨ ᠶᠡᠷᠦ ᠪᠤᠰᠤ ᠶᠢᠨ᠂ ᠲᠤᠶᠢᠯ ᠤᠨ ᠬᠦᠴᠢᠷ ᠪᠡᠷᠬᠡᠰᠢᠶᠡᠯ ᠲᠠᠢ᠂ ᠲᠤᠶᠢᠯ ᠤᠨ ᠮᠠᠷᠲᠠᠭᠳᠠᠰᠢ ᠦᠭᠡᠢ ᠨᠢᠭᠡ ᠵᠢᠯ ᠪᠣᠯᠤᠨ᠎ᠠ᠂ ᠪᠢᠳᠡ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠶᠣᠰᠤᠭᠠᠷ ᠨᠢ ᠲᠤᠭᠤᠰᠢᠯᠠᠭᠤᠯᠵᠤ᠂ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠪᠠᠭᠤᠷᠠᠯᠲᠠ ᠪᠠ ᠬᠢᠵᠢᠭ ᠤᠨ ᠪᠠᠶᠢᠳᠠᠯ ᠳᠠᠬᠢᠨ ᠳᠠᠪᠲᠠᠨ ᠳᠠᠭᠠᠷᠢᠭᠰᠠᠨ ᠳᠠᠪᠬᠤᠴᠠᠭᠰᠠᠨ ᠨᠥᠯᠥᠭᠡ ᠶᠢ ᠪᠦᠲᠦᠮᠵᠢᠲᠡᠶ ᠠᠷᠭᠠᠴᠠᠭᠠᠭᠠᠳ ᠬᠢᠯᠪᠠᠷ ᠪᠤᠰᠤ᠂ ᠲᠤᠶᠢᠯ ᠤᠨ ᠨᠠᠨᠳᠢᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠣᠯᠣᠭᠰᠠᠨ ᠪᠠᠶᠢᠨ᠎ᠠ᠃ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ  ᠶᠡᠷᠦᠩᠬᠡᠢ ᠦᠷᠲᠡᠭ 3% ᠣᠷᠴᠢᠮ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ 4% ᠣᠷᠴᠢᠮ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 12% ᠣᠷᠴᠢᠮ ᠨᠡᠮᠡᠭᠳᠡᠵᠦ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ 4% ᠪᠠ 6% ᠣᠷᠴᠢᠮ ᠨᠡᠮᠡᠭᠳᠡᠬᠦ ᠪᠣᠯᠣᠨ᠎ᠠ᠃      ᠪᠢᠳᠡ ᠬᠢᠵᠢᠭ ᠲᠠᠢ ᠲᠡᠮᠡᠴᠡᠵᠦ᠂ ᠳᠣᠲᠣᠭᠠᠳᠤ ᠬᠡᠷᠡᠭᠴᠡᠭᠡ ᠶᠢ ᠥᠷᠭᠡᠳᠬᠡᠨ᠂ ᠪᠥᠬᠦ ᠬᠤᠲᠠ ᠶᠢᠨ ᠠᠵᠤ ᠠᠬᠤᠢ ᠶᠢᠨ ᠬᠥᠭᠵᠢᠯᠲᠡ ᠶᠢᠨ ᠲᠣᠭᠲᠠᠭᠤᠨ ᠪᠥᠭᠡᠳ ᠰᠠᠶᠢᠨ ᠪᠠᠶᠢᠳᠠᠯ ᠢ ᠪᠠᠲᠤᠯᠠᠪᠠ᠃ ᠤᠯᠤᠰ ᠤᠨ ᠰᠡᠷᠭᠡᠶᠢᠯᠡᠨ ᠡᠵᠡᠮᠳᠡᠬᠦ ᠲᠦᠷᠦ ᠶᠢᠨ ᠪᠣᠳᠣᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠣᠯᠠᠨ ᠤᠳᠠᠭᠠᠨ ᠤ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠪᠦᠲᠦᠮᠵᠢᠲᠡᠶ ᠰᠢᠢᠳᠪᠦᠷᠢᠯᠡᠵᠦ᠂ ᠢᠯᠠᠩᠭᠤᠶ᠎ᠠ ︽2.15︾ ᠪᠠ ︽9.28︾ ᠤ ᠬᠤᠶᠠᠷ ᠡᠭᠡᠯᠵᠢ ᠶᠢᠨ ᠶᠡᠭᠡ ᠬᠡᠪᠴᠢᠶᠡᠨ ᠤ ᠬᠢᠵᠢᠭ ᠤᠨ ᠪᠠᠶᠢᠳᠠᠯ ᠢ ᠠᠮᠵᠢᠯᠲᠠ ᠲᠠᠢ ᠠᠷᠭᠠᠴᠠᠭᠠᠵᠤ᠂ ᠬᠢᠵᠢᠭ ᠤᠨ ᠪᠠᠶᠢᠳᠠᠯ ᠤᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠤᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠪᠠ᠃ ᠠᠵᠤ ᠠᠬᠤᠢ ᠶᠢ ᠲᠣᠭᠲᠠᠪᠤᠷᠢᠵᠢᠭᠤᠯᠬᠤ 43 ᠵᠣᠷᠪᠤᠰ᠂ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠮᠥᠩᠭᠦᠨ ᠭᠦᠢᠯᠭᠡᠭᠡ ᠪᠠᠷ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ᠂ ᠳᠣᠲᠣᠭᠠᠳᠤ ᠬᠡᠷᠡᠭᠴᠡᠭᠡ ᠶᠢ ᠢᠳᠡᠪᠬᠢᠲᠡᠢ ᠥᠷᠭᠡᠳᠬᠡᠬᠦ ᠵᠡᠷᠭᠡ ᠠᠯᠢ ᠤᠯᠠᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠵᠢᠱᠢᠯᠲᠡ ᠪᠠᠷ ᠪᠦᠬᠦ ᠵᠢᠯ ᠳᠤ ᠨᠡᠶᠢᠳᠡ 90 ᠳ᠋ᠦᠩᠰᠢᠭᠤᠷ ᠲᠥᠭᠦᠷᠢᠭ ᠤᠨ ᠭᠠᠶᠢᠯᠢ ᠶᠢ ᠪᠤᠴᠠᠭᠠᠨ᠂ ᠭᠠᠶᠢᠯᠢ ᠶᠢ ᠬᠥᠩᠭᠡᠯᠡᠵᠦ᠂ ᠰᠦᠢᠳᠬᠡᠯ ᠢ  ᠪᠠᠭᠤᠷᠠᠭᠤᠯᠤᠨ᠂ ᠭᠠᠶᠢᠯᠢ ᠶᠢ ᠬᠤᠶᠢᠰᠢᠯᠠᠭᠤᠯᠵᠤ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠦᠷᠳᠡᠭ ᠢ 7.8 ᠳ᠋ᠦᠩᠰᠢᠭᠤᠷ ᠲᠥᠭᠦᠷᠢᠭ ᠪᠠᠭᠤᠷᠠᠭᠤᠯᠪᠠ᠃ ᠪᠦᠬᠦ ᠵᠢᠯ ᠳᠤ 1055 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠵᠦ᠂ ᠵᠢᠱᠢᠯᠲᠡ ᠪᠠᠷ 1114.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠩᠬ᠎ᠠ ᠤᠳᠠᠭ᠎ᠠ ︽ᠬᠤᠣᠰ ᠮᠢᠩᠭ᠎ᠠ︾ ᠶᠢᠨ ᠬᠠᠷᠠᠯᠲᠠ ᠶᠢ ᠪᠡᠶᠡᠯᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︽ᠬᠤᠶᠠᠷ ᠣᠷᠣᠨᠲᠤ ᠲᠤᠭ᠎ᠠ︾ ᠶᠢᠨ ᠰᠥᠷᠭᠡᠦ ᠨᠡᠮᠡᠭᠳᠡᠯ ᠢ ᠪᠡᠶᠡᠯᠡᠭᠦᠯᠬᠦ ᠪᠣᠯᠣᠨ᠎ᠠ᠃ ᠢᠯᠠᠩᠭᠤᠶ᠎ᠠ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠪᠠᠷ ᠠᠮᠵᠢᠯᠲᠠ ᠲᠠᠢ ᠰᠣᠩᠭᠤᠭᠳᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠠᠯᠪᠠᠨ ᠨᠡᠶᠢᠲᠡᠯᠡᠯ ᠤᠨ ᠱᠠᠲᠤᠨ ᠳᠤ ᠣᠷᠣᠵᠤ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢᠳᠡᠪᠬᠢᠲᠡᠢ ᠦᠷ᠎ᠡ ᠪᠦᠲᠦᠮᠵᠢ ᠣᠯᠵᠤ᠂ ︽2022 ᠴᠢᠨᠠᠷ ᠰᠠᠶᠢᠲᠠᠢ ᠬᠥᠭᠵᠢᠯᠲᠡ ᠶᠢᠨ ᠠᠷᠪᠠᠨ ᠰᠢᠯᠢᠳᠡᠭ ᠬᠤᠳᠠ︾ ᠶᠢᠨ ᠢᠷᠠᠭᠤ ᠠᠯᠳᠠᠷ ᠢ ᠬᠦᠷᠲᠡᠪᠡ᠃        ᠪᠢᠳᠡ ︽ᠣᠷᠣᠶᠢᠯᠠᠬᠤ︾ ᠶᠢ ᠠᠳᠬᠤᠨ᠂ ︽ᠬᠡᠯᠬᠢᠶ᠎ᠡ︾ ᠶᠢ ᠨᠥᠬᠦᠪᠦᠷᠢᠯᠡᠵᠦ᠂ ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ ᠴᠢᠬᠤᠯᠠ ᠠᠬᠢᠯᠲᠠ ᠲᠠᠢ ᠪᠣᠯᠭᠠᠪᠠ᠃ ᠪᠥᠬᠦ ᠤᠯᠤᠰ ᠤᠨ ᠴᠣᠷ ᠤᠨ ᠭᠠᠭᠴᠠ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢᠶᠠᠷ ᠵᠦᠪᠰᠢᠶᠡᠷᠡᠭᠳᠡᠵᠦ᠂ ᠢᠯᠢ ᠶᠢᠨ ᠣᠲᠣ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠰᠢᠩᠭᠡᠨ ᠰᠦ᠂ ᠰᠦᠨ ᠲᠠᠯᠬ᠎ᠠ᠂ ᠣᠶᠤᠨᠴᠢ ᠦᠢᠯᠡᠳᠬᠦ ᠶᠢ ᠪᠡᠶᠡᠴᠢᠯᠡᠨ ᠣᠶᠢᠯᠠᠭᠠᠬᠤ ᠲᠥᠪ᠂ ᠤᠶᠤᠨᠲᠤ ᠮᠠᠯᠵᠢᠯ ᠤᠨ ᠲᠠᠯᠠᠪᠠᠶ ᠵᠡᠷᠭᠡ 4 ᠲᠣᠮᠣ ᠭᠤᠣᠯ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠳᠠᠭᠤᠰᠴᠤ ᠠᠰᠢᠭᠯᠠᠯᠲᠠ ᠳᠤ ᠣᠷᠣᠪᠠ᠃ ᠮᠧᠩ ᠨᠢᠦ ᠶᠢᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠨᠠᠢᠮᠠᠳᠤᠭᠠᠷ ᠬᠤᠭᠤᠴᠠᠭᠠᠨ ᠤ ᠰᠢᠨ᠎ᠡ ᠰᠦ᠂ ᠪᠢᠰᠢᠯᠠᠭ᠂ ᠳᠣᠣᠷ᠎ᠠ ᠳᠤᠯᠠᠭᠠᠨ ᠵᠡᠷᠭᠡ 3 ᠲᠣᠮᠣ ᠦᠢᠯᠡᠳᠪᠦᠷᠢ ᠶᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠶᠢᠰᠦᠳᠦᠭᠡᠷ ᠬᠤᠭᠤᠴᠠᠭᠠᠨ ᠤ ᠰᠦᠨ ᠲᠠᠯᠬ᠎ᠠ ᠶᠢᠨ ᠲᠥᠷᠥᠯ ᠵᠦᠢᠯ ᠢ ᠪᠠᠷᠢᠯᠭ᠎ᠠ ᠡᠬᠢᠯᠡᠭᠦᠯᠦᠨ ᠪᠠᠶᠢᠭᠤᠯᠪᠠ᠃ ᠴᠠᠭᠠᠨ ᠢᠳᠡᠭᠡᠨ ᠤ ᠠᠵᠤ ᠦᠢᠯᠡᠰ ᠤᠨ ᠪᠥᠭᠡᠮᠨᠡᠷᠡᠯ ᠤᠯᠤᠰ ᠤᠨ ᠲᠡᠷᠢᠭᠦᠨ ᠤ ᠦᠶᠯᠡᠳᠬᠦ ᠦᠢᠯᠡᠰ ᠤᠨ ᠪᠥᠭᠡᠮᠨᠡᠷᠡᠯ ᠳᠤ ᠠᠮᠵᠢᠯᠲᠠ ᠲᠠᠢ ᠰᠣᠩᠭᠤᠭᠳᠠᠨ ᠣᠷᠣᠵᠤ᠂ ᠰᠦ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶᠡᠨ ᠤ ᠡᠵᠡᠩᠨᠡᠯᠲᠡ ᠶᠢᠨ ᠣᠷᠣᠯᠭ᠎ᠠ 2200 ᠳ᠋ᠦᠩᠰᠢᠭᠤᠷ ᠲᠥᠭᠦᠷᠢᠭ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 10% ᠨᠡᠮᠡᠭᠳᠡᠨ᠂ ︽ᠳᠤᠮᠳᠠᠳᠤ ᠤᠯᠤᠰ ᠤᠨ ᠰᠦ ᠶᠢᠨ ᠬᠤᠲᠠ︾ ᠶᠢᠨ ᠪᠠᠶᠢᠷᠢ ᠰᠠᠭᠤᠷᠢ ᠨᠠᠩ ᠪᠠᠬᠢᠵᠢᠪᠡ᠃ ᠤᠯᠤᠰ ᠤᠨ ᠢᠨᠲ᠋ᠧᠷ ᠰᠦᠯᠵᠢᠶᠡᠨ ᠤ ᠭᠤᠣᠯᠯᠠᠭᠴᠢ ᠰᠢᠭᠤᠳ ᠬᠤᠯᠪᠤᠯᠲᠠ ᠶᠢᠨ ᠴᠡᠭ᠂ ᠣᠯᠠᠨ ᠤᠯᠤᠰ ᠤᠨ ᠢᠨᠲ᠋ᠧᠷ ᠰᠦᠯᠵᠢᠶᠡᠨ ᠤ ᠲᠤᠭ᠎ᠠ ᠪᠠᠷᠢᠮᠲᠠ ᠶᠢᠨ ᠲᠤᠰᠬᠠᠢ ᠵᠠᠮ ᠢ ᠪᠠᠶᠢᠭᠤᠯᠵᠤ ᠨᠡᠪᠲᠡᠷᠡᠭᠦᠯᠦᠨ᠂ ᠪᠦᠬᠦ ᠤᠯᠤᠰ ᠤᠨ ᠨᠢᠭᠡ ᠴᠤᠭᠴᠠᠵᠢᠭᠤᠯᠤᠭᠰᠠᠨ ᠪᠣᠳᠣᠯᠭ᠎ᠠ ᠶᠢᠨ ᠬᠦᠴᠦᠨ ᠤ ᠰᠦᠯᠵᠢᠶᠡᠨ ᠤ ᠵᠠᠩᠭᠢᠯᠠᠭ᠎ᠠ ᠶᠢᠨ ᠴᠡᠭ ᠤᠨ ᠬᠤᠷᠢᠨᠭᠡᠷ ᠤᠨ ᠲᠤᠭ᠎ᠠ ᠪᠠᠷᠢᠮᠲᠠ ᠶᠢᠨ ᠲᠥᠪ ᠢ ᠡᠬᠢᠯᠡᠨ ᠪᠠᠶᠢᠭᠤᠯᠵᠤ᠂ ᠳᠤᠮᠳᠠᠳᠤ ᠤᠯᠤᠰ ᠤᠨ ᠪᠠᠩᠬᠢ ᠶᠢᠨ ᠶᠡᠷᠦᠩᠬᠡᠢ ᠪᠠᠩᠬᠢ ᠶᠢᠨ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ ᠪᠠᠷᠢᠮᠲᠠ ᠶᠢᠨ ᠲᠥᠪ ᠤᠨ ᠭᠤᠣᠯ ᠴᠣᠭᠴᠠ ᠶᠢ ᠪᠠᠶᠢᠭᠤᠯᠤᠨ ᠳᠠᠭᠤᠰᠬᠠᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ᠂ ᠥᠪᠥᠷ ᠮᠣᠩᠭᠤᠯ ᠤᠨ ᠬᠥᠳᠡᠭᠡ ᠲᠣᠰᠬᠤᠨ ᠤ ᠢᠳᠡᠭᠡᠮᠵᠢ ᠶᠢᠨ ᠬᠤᠷᠰᠢᠶ᠎ᠠ᠂ ᠰᠢᠯᠵᠢᠮᠡᠯ ᠬᠤᠯᠪᠣᠭᠠᠨ ᠤ ᠬᠤᠶᠠᠳᠤᠭᠠᠷ ᠬᠤᠭᠤᠴᠠᠭ᠎ᠠ᠂ ᠴᠠᠬᠢᠯᠭᠠᠨ ᠬᠤᠯᠪᠣᠭᠠᠨ ᠤ ᠬᠤᠶᠠᠳᠤᠭᠠᠷ ᠬᠤᠭᠤᠴᠠᠭ᠎ᠠ ᠵᠡᠷᠭᠡ ᠲᠤᠭ᠎ᠠ ᠪᠠᠷᠢᠮᠲᠠ ᠶᠢᠨ ᠲᠥᠪ ᠵᠢᠴᠢ ᠰᠢᠨ ᠬᠤᠸᠠ ᠰᠠᠨ ᠤ ᠲᠥᠪ ᠲᠤᠷᠰᠢᠯᠲᠠ ᠶᠢᠨ ᠲᠠᠰᠤᠭ ᠵᠡᠷᠭᠡ ᠲᠦᠷᠦᠯ ᠵᠦᠢᠯ ᠢ ᠪᠦᠬᠦ ᠲᠠᠯ᠎ᠠ ᠪᠠᠷ  ᠪᠠᠷᠢᠯᠭ᠎ᠠ ᠡᠬᠢᠯᠡᠭᠦᠯᠵᠦ᠂ ᠬᠤᠸᠠ ᠸᠧᠢ ᠡᠭᠦᠯᠡᠨ ᠤ ᠬᠤᠷᠢᠨᠭᠡᠷ ᠤᠨ ᠲᠤᠭ᠎ᠠ ᠪᠠᠷᠢᠮᠲᠠ ᠶᠢᠨ ᠲᠥᠪ᠂ ᠵᠠᠮ ᠬᠠᠷᠢᠯᠴᠠᠭᠠᠨ ᠤ ᠪᠠᠩᠬᠢ ᠶᠢᠨ ᠲᠤᠭ᠎ᠠ ᠪᠠᠷᠢᠮᠲᠠ ᠶᠢᠨ ᠲᠥᠪ᠂ ᠴᠣᠣ ᠵᠢᠥᠢ ᠪᠢᠶᠠᠨ ᠦᠢᠯᠡᠴᠢᠯᠡᠭᠦᠷ ᠵᠡᠷᠭᠡ ᠲᠦᠷᠦᠯ ᠵᠦᠢᠯ ᠢ ᠭᠡᠷ᠎ᠡ ᠲᠣᠭᠲᠠᠨ ᠨᠠᠶᠢᠳᠠᠪᠤᠷᠢᠵᠢᠭᠤᠯᠵᠤ᠂ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠬᠥᠭᠵᠢᠯᠲᠡ ᠶᠢᠨ ︽ᠲᠦᠷᠭᠡᠨ ᠤ ᠵᠠᠮ︾ ᠳᠤ ᠣᠷᠣᠪᠠ᠃ ᠶᠡᠷᠦᠩᠬᠡᠢ ᠪᠡᠯᠡ ᠣᠷᠤᠭᠤᠯᠤᠯᠲᠠ ᠨᠢ 206 ᠳ᠋ᠦᠩᠰᠢᠭᠤᠷ ᠲᠥᠭᠦᠷᠢᠭ ᠤᠨ ᠵᠥᠩ ᠬᠤᠸᠠᠨ ᠠᠵᠤ ᠦᠢᠯᠡᠰ ᠤᠨ ᠬᠤᠲᠠ ᠶᠢ ᠪᠠᠷᠢᠯᠭ᠎ᠠ ᠡᠬᠢᠯᠡᠭᠦᠯᠦᠨ ᠪᠠᠶᠢᠭᠤᠯᠵᠤ᠂ ᠶᠤᠸᠠᠨ ᠵᠢᠩ ᠣᠶᠤᠨᠴᠢ ᠦᠶᠯᠡᠳᠬᠦ ᠠᠵᠤ ᠦᠢᠯᠡᠰ ᠤᠨ ᠬᠦᠷᠢᠶᠡᠯᠡᠩ ᠪᠥᠬᠦ ᠲᠠᠯ᠎ᠠ ᠪᠠᠷ  ᠪᠠᠷᠢᠯᠭ᠎ᠠ ᠡᠬᠢᠯᠡᠵᠦ᠂ ᠬᠤᠸᠠ ᠶᠣᠣ ᠶᠢᠨ ᠬᠤᠶᠠᠳᠤᠭᠠᠷ ᠬᠤᠭᠤᠴᠠᠭ᠎ᠠ᠂ ᠱᠧᠩ ᠹᠠᠨ ᠤ ᠬᠤᠶᠠᠳᠤᠭᠠᠷ ᠬᠤᠭᠤᠴᠠᠭ᠎ᠠ ᠭᠤᠷᠪᠠᠳᠤᠭᠠᠷ ᠬᠤᠭᠤᠴᠠᠭ᠎ᠠ᠂  ᠳ᠋ᠦᠩ ᠹᠠᠩ ᠴᠠᠬᠢᠯᠭᠠᠨ ᠤ ᠤᠶᠤᠨᠲᠤ ᠡᠨᠧᠷᠭᠢ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠰᠢᠨ᠎ᠡ ᠮᠠᠲ᠋ᠧᠷᠢᠶᠠᠯ ᠪᠠ ᠣᠲᠣ ᠦᠶ᠎ᠡ ᠶᠢᠨ ᠲᠣᠨᠤᠭᠯᠠᠯ ᠦᠶᠯᠡᠳᠬᠦ ᠠᠵᠤ ᠦᠢᠯᠡᠰ ᠲᠠᠰᠤᠷᠠᠯᠲᠠ ᠦᠭᠡᠢ ᠪᠤᠵᠠᠭᠠᠶᠢᠷᠠᠪᠠ᠃ ᠶᠢᠨ ᠳ᠋ᠠ ᠸᠧᠢ ᠶᠢᠨ ᠳᠠᠭᠠᠯᠲᠠ ᠢᠰᠬᠡᠭᠦᠷ Q10 ᠶᠢ ᠥᠷᠭᠡᠳᠬᠡᠨ ᠪᠠᠶᠢᠭᠤᠯᠵᠤ᠂ ᠶᠢᠨ ᠢᠦᠢ ᠭᠦᠩ ᠯᠢ ᠶᠢᠨ ᠡᠩᠬᠦᠷᠡᠢ ᠠᠮᠢᠲᠠᠨ ᠤ ᠸᠠᠺᠼᠢᠨ᠂ ᠬᠤᠸᠠ ᠰᠢ ᠠᠮᠢᠳᠤ ᠪᠣᠳᠠᠰ ᠤᠨ ᠠᠮᠢᠲᠠᠨ ᠤ ᠸᠠᠺᠼᠢᠨ ᠵᠡᠷᠭᠡ ᠲᠥᠷᠥᠯ ᠵᠦᠢᠯ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠵᠤ᠂ ᠶᠢᠨ ᠾᠧ ᠶᠢᠤ ᠪᠧᠨ ᠤ ᠠᠮᠢᠲᠠᠨ ᠤ ᠸᠠᠺᠼᠢᠨ ᠦᠢᠯᠡᠳᠪᠦᠷᠢᠯᠡᠬᠦ ᠰᠠᠭᠤᠷᠢᠨ ᠭᠠᠵᠠᠷ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠲᠤᠷᠰᠢᠨ  ᠦᠢᠯᠡᠳᠪᠦᠷᠢᠯᠡᠵᠦ᠂ ᠪᠥᠸᠧ ᠬᠤᠶ ᠠᠮᠢᠳᠤ ᠪᠣᠳᠠᠰ ᠤᠨ ᠮᠡᠷᠭᠡᠵᠢᠯ ᠤᠨ ᠠᠵᠤ ᠦᠢᠯᠡᠰ ᠤᠨ ᠰᠠᠭᠤᠷᠢᠨ ᠭᠠᠵᠠᠷ᠂ ᠳ᠋ᠠ ᠲᠠᠩ ᠡᠮ ᠤᠨ ᠦᠢᠯᠡᠰ ᠤᠨ ᠡᠷᠡᠭᠦᠯ ᠮᠡᠨᠳᠦ ᠶᠢᠨ ᠠᠵᠤ ᠦᠢᠯᠡᠰ ᠤᠨ ᠬᠦᠷᠢᠶᠡᠯᠡᠩ᠂ ᠶᠢᠨ ᠾᠧ ᠠᠮᠢᠳᠤ ᠪᠣᠳᠠᠰ ᠤᠨ ᠥᠨᠳᠥᠷ ᠦᠷ᠎ᠡ ᠠᠰᠢᠭᠲᠤ ᠰᠢᠷ᠎ᠠ ᠬᠦᠬᠡᠴᠦ ᠡᠳ᠋ ᠵᠡᠷᠭᠡ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠦᠳᠲᠡᠷ ᠲᠦᠷᠭᠡᠨ ᠪᠣᠶᠢᠵᠢᠪᠠ᠃ ᠶᠡᠷᠦᠩᠬᠡᠢ ᠪᠡᠯᠡ ᠣᠷᠣᠭᠤᠯᠤᠯᠲᠠ  ᠨᠢ 118 ᠳ᠋ᠦᠩᠰᠢᠭᠤᠷ ᠲᠥᠭᠦᠷᠢᠭ ᠤᠨ ᠵᠢᠦ ᠲᠠᠢ ᠶᠢᠨ 100 ᠲᠦᠮᠡᠨ ᠲᠣᠨ ᠨᠡᠭᠦᠷᠡᠰᠦ ᠪᠠᠷ ᠡᠲ᠋ᠠ ᠬᠤᠶᠠᠷᠴᠢ ᠠᠯᠺᠣᠣᠯ ᠦᠶᠯᠡᠳᠬᠦ ᠲᠥᠷᠥᠯ ᠵᠦᠢᠯ᠂ ᠶᠡᠷᠦᠩᠬᠡᠢ ᠪᠡᠯᠡ ᠣᠷᠣᠭᠤᠯᠤᠯᠲᠠ ᠨᠢ 48 ᠳ᠋ᠦᠩᠰᠢᠭᠤᠷ ᠲᠥᠭᠦᠷᠢᠭ ᠲᠤ ᠬᠦᠷᠦᠭᠰᠡᠨ ᠰᠢᠦᠢ ᠶᠠᠩ ᠤᠨ ᠤᠰᠤᠲᠥ᠋ᠷᠥᠭᠴᠢ ᠦᠶᠯᠡᠳᠬᠦ ᠲᠥᠷᠥᠯ ᠵᠦᠢᠯ  ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠤᠭᠤᠯᠵᠤ᠂ ᠰᠢᠩ ᠲᠠᠢ ᠶᠢᠨ 30 ᠲᠦᠮᠡᠨ ᠲᠣᠨ BDO᠂ ᠮᠧᠩ ᠯᠢᠶᠠᠨ ᠬᠢᠮᠢ ᠶᠢᠨ ᠠᠵᠤ ᠦᠢᠯᠡᠳᠪᠦᠷᠢ ᠶᠢᠨ 30 ᠲᠦᠮᠡᠨ ᠲᠣᠨ ᠰᠢᠩᠭᠡᠨᠵᠢᠮᠡᠯ ᠬᠡᠢ ᠶᠢ ᠨᠠᠷᠢᠯᠢᠭ ᠡᠳ᠋ᠰᠢᠭᠦᠯᠬᠦ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠴᠢᠯᠠᠭᠤᠨ ᠲᠣᠰᠣ ᠶᠢᠨ ᠬᠥᠬᠡᠬᠤᠲᠠ ᠶᠢᠨ ᠴᠢᠯᠠᠭᠤᠨ ᠲᠣᠰᠣ ᠬᠢᠮᠢ ᠶᠢᠨ ᠺᠣᠮᠫᠠᠨᠢ ᠪᠠ ᠳᠤᠮᠳᠠᠳᠤ ᠤᠯᠤᠰ ᠤᠨ ᠲᠡᠯᠡᠶ ᠶᠢᠨ ᠴᠢᠯᠠᠭᠤᠨ ᠲᠣᠰᠣᠨ ᠤ ᠲᠢᠶᠠᠨ ᠶᠧ ᠬᠢᠮᠢ ᠶᠢᠨ ᠠᠵᠤ ᠦᠢᠯᠡᠳᠪᠦᠷᠢ ᠪᠠᠶᠢᠯᠳᠤᠬᠤ ᠪᠣᠳᠣᠯᠭ᠎ᠠ ᠶᠢᠨ ᠳᠠᠬᠢᠨ ᠵᠣᠬᠢᠶᠠᠨ ᠪᠠᠶᠢᠭᠤᠯᠬᠤ ᠶᠢ ᠬᠡᠷᠡᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ ᠤᠨ ︽ᠡᠨᠧᠷᠭᠢ ᠬᠢᠮᠢ ᠶᠢᠨ ᠠᠵᠤ ᠦᠢᠯᠡᠳᠪᠦᠷᠢ ᠶᠢ ᠨᠢᠭᠡ  ᠴᠤᠭᠴᠠᠵᠢᠭᠤᠯᠤᠨ︾ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠪᠠ᠃ ᠶᠤᠸᠠᠨ ᠵᠢᠩ ᠤᠨ 40 ᠲᠦᠮᠡᠨ ᠺᠢᠯᠣᠸᠠᠲ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠶᠢ ᠤᠷᠢᠳᠠᠪᠡᠷ ᠬᠡᠷᠡᠭᠵᠢᠬᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠲᠢᠶᠠᠨ ᠨᠧᠩ ᠬᠦᠨᠳᠦ ᠠᠵᠤ ᠦᠢᠯᠡᠳᠪᠦᠷᠢ ᠶᠢᠨ 15 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠪᠠ᠃ ᠵᠢᠨᠱᠠᠨ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠥᠷᠭᠡᠳᠬᠡᠨ ᠪᠠᠶᠢᠭᠤᠯᠬᠤ ᠲᠦᠷᠦᠯ ᠵᠦᠢᠯ ᠤᠨ ᠭᠤᠷᠪᠠᠳᠤᠭᠠᠷ ᠨᠣᠮᠧᠷᠲᠤ ᠮᠠᠰᠢᠨ ᠴᠣᠭᠴᠠᠯᠠᠪᠤᠷᠢ ᠶᠢ ᠠᠮᠵᠢᠯᠲᠠ ᠲᠠᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠳ᠋ᠠ ᠲᠠᠩ ᠤᠨ 200 ᠲᠦᠮᠡᠨ ᠺᠢᠯᠣᠸᠠᠲ ᠤᠨ ᠰᠢᠨ᠎ᠡ ᠡᠨᠧᠷᠭᠢ ᠶᠢ ᠨᠡᠶᠢᠯᠡᠭᠦᠯᠵᠦ ᠭᠠᠳᠠᠭᠰᠢ ᠬᠦᠷᠭᠡᠬᠦ ᠲᠦᠷᠦᠯ ᠵᠦᠢᠯ ᠢ ᠪᠦᠬᠦ ᠲᠠᠯ᠎ᠠ ᠪᠠᠷ ᠠᠵᠢᠯ ᠡᠬᠢᠯᠡᠭᠦᠯᠵᠦ᠂ ᠬᠥᠬᠡᠬᠤᠲᠠ ᠶᠢᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢᠨ ᠬᠤᠶᠠᠳᠤᠭᠠᠷ ᠬᠤᠭᠤᠴᠠᠭ᠎ᠠ ᠶᠢ ᠤᠯᠤᠰ ᠤᠨ ᠡᠨᠧᠷᠭᠢ ᠶᠢᠨ ᠲᠣᠪᠴᠢᠶ᠎ᠠ ᠳᠤ ᠮᠡᠳᠡᠭᠦᠯᠦᠨ ᠬᠢᠨᠠᠨ ᠬᠠᠷᠭᠤᠭᠤᠯᠵᠤ᠂ ᠴᠡᠪᠡᠷ ᠡᠨᠧᠷᠭᠢ ᠶᠢᠨ ᠠᠵᠤ ᠦᠢᠯᠡᠰ ᠴᠢᠬᠤᠯᠠ ᠶᠡᠭᠡ ᠬᠥᠭᠵᠢᠯᠲᠡ ᠶᠢᠨ ᠰᠠᠶᠢᠨ ᠠᠵᠠ ᠲᠣᠬᠢᠶᠠᠯ ᠢ ᠤᠭᠲᠤᠨ ᠠᠪᠴᠢᠷᠠᠪᠠ᠃      ᠪᠢᠳᠡ ᠴᠤᠭᠯᠠᠷᠠᠯ ᠢ ᠠᠳᠬᠤᠵᠤ᠂ ᠶᠠᠰᠤ ᠴᠢᠨᠠᠷ ᠢ ᠳᠡᠭᠡᠭᠰᠢᠯᠡᠭᠦᠯᠵᠦ᠂ ᠦᠢᠯᠡᠴᠢᠯᠡᠭᠡᠨ ᠤ  ᠦᠢᠯᠡᠰ ᠤᠨ ᠲᠠᠰ ᠳᠡᠪᠰᠢᠬᠦ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠩᠬᠠᠳᠤᠭᠠᠷ ᠪᠦᠯᠦᠭ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ᠂ ᠤᠯᠤᠰ ᠤᠨ ᠭᠤᠣᠯᠯᠠᠭᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠬᠤᠶᠠᠷ ᠲᠣᠮᠣ ᠪᠠᠷᠠᠭᠠᠨ ᠤ ᠭᠦᠢᠯᠭᠡᠭᠡᠨ ᠤ ᠬᠦᠷᠢᠶᠡᠨ ᠤ ︽ᠤᠯᠤᠰ ᠤᠨ ᠨᠡᠷᠡᠲᠦ ᠲᠡᠮᠳᠡᠭᠲᠦ︾ ᠨᠡᠷ᠎ᠡ ᠶᠢᠨ ᠬᠠᠭᠤᠳᠠᠰᠤ ᠶᠢ ᠠᠮᠵᠢᠯᠲᠠ ᠲᠠᠢ ᠣᠯᠵᠤ᠂ ᠶᠦᠨ ᠳ᠋ᠡ᠂ ᠵᠥᠩ ᠲᠦᠩ ᠵᠡᠷᠭᠡ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠢ ᠱᠦᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠭᠤᠤᠯ ᠴᠣᠭᠴᠠ ᠶᠢ ᠪᠠᠶᠢᠭᠤᠯᠤᠨ ᠳᠠᠭᠤᠰᠬᠠᠵᠤ᠂ ᠶᠤᠸᠠᠨ ᠲᠦᠩ᠂ ᠵᠢᠦ ᠵᠧᠤ ᠲᠦᠩ ᠵᠡᠷᠭᠡ ᠲᠥᠷᠥᠯ ᠵᠦᠢᠯ ᠢ ᠤᠷᠤᠭᠰᠢᠲᠠᠶ ᠠᠬᠢᠭᠤᠯᠵᠤ᠂ ᠬᠤᠸᠠ ᠷᠦᠨ ᠸᠠᠨ ᠰᠢᠶᠠᠩ ᠴᠧᠩ᠂ ᠬᠤᠲᠠ ᠶᠢᠨ ᠡᠮᠦᠨᠡᠬᠢ ᠸᠠᠨ ᠳ᠋ᠠ ᠲᠠᠯᠠᠪᠠᠶ ᠵᠡᠷᠭᠡ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠢ ᠡᠬᠢᠯᠡᠨ ᠪᠠᠶᠢᠭᠤᠯᠵᠤ᠂ ᠪᠥᠬᠦ ᠤᠯᠤᠰ ᠤᠨ ᠬᠤᠶᠠᠳᠤᠭᠠᠷ ᠪᠦᠯᠦᠭ ᠤᠨ ᠬᠤᠲᠠ ᠶᠢᠨ ︽ᠠᠷᠠᠳ ᠲᠤ ᠲᠥᠬᠦᠮ ᠦᠵᠡᠭᠦᠯᠬᠦ‍ ᠨᠢᠭᠡ ᠮᠥᠴᠡ ᠶᠢᠨ ᠠᠮᠢᠳᠤᠷᠠᠯ ᠤᠨ ᠲᠣᠭᠤᠷᠢᠭ︾  ᠤᠨ ᠲᠤᠷᠰᠢᠯᠲᠠ ᠶᠢᠨ ᠭᠠᠵᠠᠷ ᠣᠷᠣᠨ ᠢᠶᠠᠷ ᠠᠮᠵᠢᠯᠲᠠ ᠲᠠᠢ ᠰᠤᠩᠭᠤᠭᠳᠠᠵᠤ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠠᠵᠤ ᠦᠢᠯᠡᠰ ᠲᠤ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠢᠯᠡᠷᠡᠪᠡ᠃ ᠭᠤᠸᠠᠩ ᠹᠠ ᠪᠠᠩᠬᠢ ᠵᠢᠩᠬᠢᠨᠢ ᠪᠠᠷ ᠮᠠᠨ ᠤ ᠬᠤᠲᠠ ᠳᠤ ᠣᠷᠣᠵᠤ ᠰᠠᠭᠤᠪᠠ᠂ ᠡᠸᠦ ᠵᠢᠩ ᠰᠢᠨᠵᠢᠯᠡᠬᠦ ᠤᠬᠠᠭᠠᠨ ᠮᠡᠷᠭᠡᠵᠢᠯ ᠠᠮᠵᠢᠯᠲᠠ ᠲᠠᠢ ᠪᠠᠷ ᠵᠠᠬ᠎ᠠ ᠳᠡᠯᠭᠡᠭᠦᠷ ᠲᠤ ᠭᠠᠷᠴᠤ᠂ ᠥᠪᠥᠷ ᠮᠣᠩᠭᠤᠯ ᠤᠨ ᠬᠥᠬᠡᠬᠤᠲᠠ ᠶᠢᠨ ᠰᠦ ᠶᠢᠨ ᠦᠢᠯᠡᠰ ᠤᠨ ᠠᠷᠠᠯᠵᠢᠶᠠᠨ ᠤ ᠲᠥᠪ ᠪᠠᠶᠢᠭᠤᠯᠤᠭᠳᠠᠨ ᠫᠠᠶᠢᠰᠠ ᠰᠡᠬᠦᠵᠦ᠂ ᠠᠷᠠᠳ ᠤᠨ ᠵᠣᠭᠤᠰ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ ᠠᠩᠬ᠎ᠠ ᠤᠳᠠᠭ᠎ᠠ ᠲᠦᠮᠡᠨ ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠵᠤ᠂ ᠮᠥᠩᠭᠦᠨ ᠭᠦᠢᠯᠭᠡᠭᠡᠨ ᠤ ᠠᠵᠤ ᠦᠢᠯᠡᠰ ᠰᠢᠨ᠎ᠡ ᠬᠥᠭᠵᠢᠯᠲᠡ ᠶᠢᠨ ᠳᠡᠭᠲᠡᠷ ᠲᠤ ᠭᠠᠷᠪᠠ᠃ ᠶᠢᠦ ᠷᠠᠨ ᠮᠠᠯ ᠠᠵᠤ ᠠᠬᠤᠢ ᠶᠢᠨ ᠶᠡᠷᠦᠩᠬᠡᠢ ᠬᠡᠯᠲᠡᠰ ᠪᠣᠯᠤᠨ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ᠂ ᠬᠤᠸᠠ ᠸᠧᠢ᠂ ᠳᠤᠮᠳᠠᠳᠤ ᠤᠯᠤᠰ ᠤᠨ ᠴᠢᠯᠠᠭᠤᠨ ᠲᠣᠰᠤ ᠬᠢᠮᠢ ᠶᠢᠨ ᠠᠵᠤ ᠦᠢᠯᠡᠳᠪᠦᠷᠢ᠂ ᠤᠯᠤᠰ ᠤᠨ ᠡᠨᠧᠷᠭᠢ ᠶᠢᠨ ᠪᠦᠯᠦᠭᠯᠡᠯ᠂ ᠵᠢᠩ ᠳ᠋ᠦᠩ᠂ ᠶᠤᠸᠠᠨ ᠵᠢᠩ᠂ ᠲᠧ ᠯᠠᠢ ᠳ᠋ᠢᠶᠠᠨ᠂ ᠰᠠᠨᠰᠠᠷ ᠤᠨ ᠠᠶᠠᠯᠠᠯ ᠤᠨ ᠵᠢᠷᠭᠤᠳᠤᠭᠠᠷ ᠬᠦᠷᠢᠶᠡᠯᠡᠩ ᠵᠡᠷᠭᠡ ᠣᠷᠣᠨ ᠪᠦᠰᠡ ᠶᠢᠨ ᠶᠡᠷᠦᠩᠬᠡᠢ ᠬᠡᠯᠲᠡᠰ ᠵᠠᠯᠭᠠᠪᠡᠷ ᠰᠠᠭᠤᠷᠢᠰᠢᠵᠤ᠂ ᠶᠡᠷᠦᠩᠬᠡᠢ ᠬᠡᠯᠲᠡᠰ ᠤᠨ ᠠᠵᠤ ᠠᠬᠤᠢ ᠶᠢᠨ ᠲᠥᠪᠯᠡᠷᠡᠯ ᠤᠨ ᠦᠢᠯᠡᠳᠦᠯ ᠡᠬᠢᠯᠡᠨ ᠢᠯᠡᠷᠡᠵᠡᠢ᠃ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠷᠯᠢᠭ ᠢ ᠵᠢᠩᠬᠢᠨᠢ ᠪᠠᠷ ᠨᠡᠭᠡᠭᠡᠵᠦ᠂ ᠮᠠ ᠽᠦᠩ ᠱᠠᠨ ᠠᠭᠤᠯᠠ ᠶᠢᠨ ᠴᠡᠨᠡᠯᠡᠯᠲᠡ ᠶᠢᠨ ᠲᠠᠯᠠᠪᠠᠢ ᠶᠢᠨ ᠬᠤᠶᠠᠳᠤᠭᠠᠷ ᠬᠤᠭᠤᠴᠠᠭ᠎ᠠ ᠠᠰᠢᠭᠯᠠᠯᠲᠠ ᠳᠤ ᠣᠷᠣᠵᠤ᠂ ᠢᠯᠢ ᠶᠢᠨ ᠪᠦᠬᠦ ᠪᠥᠮᠪᠥᠷᠴᠡᠭ ᠤᠨ ᠣᠶᠤᠨᠴᠢ ᠦᠢᠯᠡᠳᠬᠦ ᠠᠵᠤ ᠦᠢᠯᠡᠰ ᠤᠨ ᠬᠦᠷᠢᠶᠡᠯᠡᠩ ᠨᠢ ᠤᠯᠤᠰ ᠤᠨ  ᠵᠢᠭᠤᠯᠴᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠢᠶᠠᠷ ᠰᠣᠩᠭᠤᠭᠳᠠᠵᠤ᠂ ᠮᠧᠩ ᠨᠢᠦ ᠶᠢᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠣᠷᠣᠨ ᠨᠢ ᠤᠯᠤᠰ ᠤᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠢᠶᠠᠷ ᠰᠣᠩᠭᠤᠭᠳᠠᠵᠤ᠂  ᠪᠤᠭᠤᠮᠲᠠ ᠶᠢᠨ ᠬᠠᠭᠤᠴᠢᠨ ᠵᠡᠭᠡᠯᠢ ᠨᠢ ᠲᠦᠷᠦᠭᠦᠦ ᠪᠦᠯᠦᠭ ᠤᠨ ᠤᠯᠤᠰ ᠤᠨ ᠲᠡᠰ ᠤᠨ ᠵᠤᠭᠠᠴᠠᠯ ᠰᠡᠯᠡᠭᠦᠴᠡᠯ ᠤᠨ ᠵᠡᠭᠡᠯᠢ ᠪᠠᠷ ᠦᠨᠡᠯᠡᠭᠳᠡᠵᠦ᠂ ᠰᠢᠨ᠎ᠡ ᠬᠤᠳᠠ ᠲᠣᠭᠤᠷᠢᠭ ᠤᠨ  ᠪᠣᠷᠤᠬᠤᠰᠢᠭᠤ ᠪᠠᠯᠭᠠᠰᠤ ᠨᠢ ᠬᠤᠶᠠᠳᠤᠭᠠᠷ ᠪᠦᠯᠦᠭ ᠤᠨ ᠪᠦᠬᠦ ᠤᠯᠤᠰ ᠤᠨ ᠬᠥᠳᠡᠭᠡ ᠲᠣᠰᠬᠤᠨ ᠤ  ᠵᠢᠭᠤᠯᠴᠢᠯᠠᠯ ᠤᠨ ᠭᠤᠣᠯᠳᠠᠯᠭ᠎ᠠ ᠲᠠᠢ ᠪᠠᠯᠭᠠᠰᠤ ᠪᠠᠷ ᠦᠨᠡᠯᠡᠭᠳᠡᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠨᠡᠩ ᠪᠠᠲᠤᠵᠢᠪᠠ᠃      ᠪᠢᠳᠡ ᠪᠦᠳᠦᠭᠡᠨ ᠪᠠᠶᠢᠭᠤᠯᠤᠯᠲᠠ ᠶᠢ ᠠᠳᠬᠤᠨ᠂ ᠬᠠᠮᠢᠶᠠᠷᠤᠯᠲᠠ ᠶᠢ ᠴᠢᠩᠭᠠᠳᠬᠠᠵᠤ᠂ ᠬᠤᠳᠠ ᠬᠥᠳᠡᠭᠡ ᠶᠢᠨ ᠳᠦᠷᠰᠦ ᠪᠠᠶᠢᠳᠠᠯ ᠦᠷᠭᠦᠯᠵᠢᠯᠡᠨ ᠰᠠᠶᠢᠵᠢᠷᠠᠪᠠ᠃ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠭᠤᠤᠯ ᠴᠣᠭᠴᠠ ᠶᠢᠨ ᠪᠠᠷᠢᠯᠭ᠎ᠠ ᠳᠠᠭᠤᠰᠴᠤ᠂ ᠯᠣᠣ ᠨᠢᠤ ᠸᠠᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠵᠢᠩᠬᠢᠨᠢ ᠪᠠᠷ  ᠪᠠᠷᠢᠯᠭ᠎ᠠ  ᠡᠬᠢᠯᠡᠵᠦ᠂ S43 ᠰᠢᠨ᠎ᠡ ᠨᠢᠰᠬᠡᠯ ᠤᠨ ᠪᠠᠭᠤᠳᠠᠯ ᠤᠨ ᠲᠦᠷᠭᠡᠨ ᠤ ᠵᠠᠮ᠂ S29 ᠬᠥᠬᠡᠬᠤᠲᠠ ᠠᠴᠠ ᠯᠢᠶᠠᠩ ᠴᠧᠩ ᠬᠥᠷᠬᠦ ᠲᠦᠷᠭᠡᠨ ᠤ ᠵᠠᠮ᠂ S311 ᠦᠴᠤᠸᠠᠨ ᠠᠴᠠ ᠶᠠᠩ ᠱᠤ᠋ ᠪᠠ ᠬᠥᠷᠬᠦ᠂ G5901 ᠢᠯᠢ ᠶᠢᠨ ᠣᠲᠣ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠶ ᠶᠢᠨ ᠬᠠᠷᠢᠯᠴᠠᠨ ᠨᠡᠪᠲᠡᠷᠡᠯᠴᠡᠬᠦ᠂ G6 ᠲᠦᠷᠭᠡᠨ ᠤ ᠵᠠᠮ ᠬᠢᠭᠡᠳ ᠵᠡᠭᠦᠨ ᠬᠤᠶᠠᠳᠤᠭᠠᠷ ᠲᠣᠭᠤᠷᠢᠯ ᠵᠠᠮ ᠤᠨ ᠬᠠᠷᠢᠯᠴᠠᠨ ᠨᠡᠪᠲᠡᠷᠡᠯᠴᠡᠬᠦ ᠵᠡᠷᠭᠡ ᠪᠠᠷᠢᠯᠭ᠎ᠠ ᠶᠢ ᠲᠦᠷᠭᠡᠳᠬᠡᠨ ᠠᠬᠢᠭᠤᠯᠵᠤ᠂ S27 ᠬᠥᠬᠡᠬᠤᠲᠠ ᠠᠴᠠ ᠤᠷᠳᠤᠰ ᠬᠥᠷᠬᠦ ᠲᠦᠷᠭᠡᠨ ᠤ ᠵᠠᠮ᠂ ᠬᠥᠬᠡᠬᠤᠲᠠ ᠠᠴᠠ ᠴᠢᠩ ᠱᠦᠢ ᠾᠧ ᠬᠥᠷᠬᠦ ᠲᠦᠷᠭᠡᠨ ᠤ ᠵᠠᠮ ᠤᠨ ᠡᠮᠦᠨᠡᠬᠢ ᠬᠤᠭᠤᠴᠠᠭᠠᠨ ᠤ ᠠᠵᠢᠯ ᠤᠷᠤᠭᠰᠢᠲᠠᠶ ᠶᠠᠪᠤᠭᠳᠠᠵᠤ᠂ ᠣᠷᠣᠨ ᠤ ᠲᠥᠪ ᠬᠤᠲᠠ ᠶᠢᠨ ᠣᠷᠤᠵᠤ ᠭᠠᠷᠬᠤ ︽ᠶᠡᠭᠡ ᠵᠠᠮ︾ ᠢ ᠰᠠᠭᠠᠳ ᠥᠬᠡᠶ ᠨᠡᠪᠲᠡᠷᠡᠭᠦᠯᠬᠦ ᠳᠤ ᠰᠠᠭᠤᠷᠢ ᠲᠠᠯᠪᠢᠪᠠ᠃ ᠠᠷᠠᠳ ᠤᠯᠠᠨ ᠤ ᠠᠩᠬᠠᠷᠤᠯ ᠢ ᠶᠡᠬᠡᠳᠡ ᠲᠠᠲᠠᠭᠰᠠᠨ  ᠭᠤᠷᠪᠠᠳᠤᠭᠠᠷ ᠲᠣᠭᠤᠷᠢᠯ ᠵᠠᠮ᠂ ᠶᠢᠨ ᠬᠠᠢ ᠵᠠᠮ ᠤᠨ ᠵᠡᠭᠦᠨᠰᠢ ᠦᠷᠭᠦᠯᠵᠢᠯᠡᠭᠰᠡᠨ ᠬᠡᠰᠡᠭ ᠤᠨ ᠭᠤᠣᠯ ᠴᠣᠭᠴᠠ ᠶᠢᠨ ᠪᠦᠲᠦᠴᠡ ᠶᠢ ᠪᠦᠬᠦ ᠱᠤᠭᠤᠮ ᠢᠶᠠᠷ ᠨᠡᠪᠲᠡᠷᠡᠭᠦᠯᠵᠦ᠂ ᠪᠠᠶᠠᠨ ᠦᠨᠳᠦᠷ ᠲᠤᠯᠭᠠᠭᠤᠷᠢᠲᠦ ᠵᠠᠮ᠂ ᠶᠢᠨ ᠱᠧᠩ ᠬᠤᠷᠳᠤᠨ ᠤ ᠵᠠᠮ ᠢ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠭᠦᠯᠵᠦ᠂ ᠰᠢᠨᠬᠤᠸᠠ ᠶᠡᠭᠡ ᠵᠡᠭᠡᠯᠢ  ᠶᠢᠨ ᠪᠠᠷᠠᠭᠤᠨᠰᠢ ᠦᠷᠭᠦᠯᠵᠢᠯᠡᠭᠰᠡᠨ ᠬᠡᠰᠡᠭ᠂ ᠤᠷᠳᠤᠰ ᠶᠡᠭᠡ ᠵᠡᠭᠡᠯᠢ  ᠶᠢᠨ ᠪᠠᠷᠠᠭᠤᠨᠰᠢ ᠦᠷᠬᠦᠯᠵᠢᠯᠡᠭᠰᠡᠨ ᠬᠡᠰᠡᠭ ᠵᠡᠷᠭᠡ 30 ᠵᠤᠷᠪᠤᠰ ᠰᠢᠨ᠎ᠡ ᠪᠠᠷ ᠪᠠᠶᠢᠭᠤᠯᠬᠤ ᠪᠠ ᠵᠠᠯᠭᠠᠵᠤ ᠪᠠᠶᠢᠭᠤᠯᠬᠤ ᠵᠠᠮ ᠢ ᠪᠦᠬᠦᠨ ᠢ ᠪᠠᠶᠢᠭᠤᠯᠵᠤ ᠳᠠᠭᠤᠰᠬᠠᠪᠠ᠃ ᠣᠯᠠᠨ ᠵᠢᠯ ᠤᠨ ᠲᠤᠷᠰᠢ ︽ᠲᠦᠭᠵᠢᠷᠡᠭᠡᠳ ᠨᠡᠪᠲᠡᠷᠡᠬᠦ ᠥᠬᠡᠶ︾ ᠪᠠᠶᠢᠭᠰᠠᠨ ᠬᠢᠩᠭᠠᠨ ᠡᠮᠦᠨ᠎ᠡ ᠵᠠᠮ᠂ ᠪᠤᠭᠤᠲᠤ ᠶᠡᠭᠡ ᠵᠡᠭᠡᠯᠢ᠂ ᠦᠬᠠᠶ ᠵᠡᠭᠦᠨ ᠵᠡᠭᠡᠯᠢ ᠵᠡᠷᠭᠡ 27 ︽ᠮᠣᠬᠤᠷ ᠵᠠᠮ︾ ᠢ ᠨᠡᠪᠲᠡᠷᠡᠭᠦᠯᠵᠦ᠂ ᠰᠢᠨᠬᠤᠸᠠ ᠶᠡᠭᠡ ᠵᠡᠭᠡᠯᠢ᠂ ᠶᠡᠭᠡ ᠰᠤᠷᠭᠠᠭᠤᠯᠢ ᠵᠡᠭᠦᠨ ᠵᠡᠭᠡᠯᠢ᠂ ᠪᠸᠢ ᠶᠤᠸᠠᠨ ᠵᠡᠭᠡᠯᠢ ᠵᠡᠷᠭᠡ 7 ᠭᠤᠤᠯᠳᠠᠯᠭ᠎ᠠ ᠲᠠᠢ ᠵᠡᠭᠡᠯᠢ ᠭᠤᠳᠤᠮᠵᠢ ᠶᠢ ᠰᠢᠨᠡᠳᠬᠡᠬᠦ ᠪᠠᠷᠢᠯᠭ᠎ᠠ ᠶᠢ ᠪᠦᠬᠦᠨ ᠢ ᠳᠠᠭᠤᠰᠬᠠᠵᠤ᠂ 140 ᠵᠡᠭᠡᠯᠢ ᠭᠤᠳᠤᠮᠵᠢ ᠶᠢ ᠥᠭᠡᠷᠡᠴᠢᠯᠡᠨ ᠵᠠᠰᠠᠵᠤ᠂ 97 ᠵᠠᠮ ᠤᠨ ᠲᠦᠭᠵᠢᠷᠡᠯ ᠤᠨ ᠴᠡᠭ ᠢ ᠵᠠᠰᠠᠵᠤ᠂ ᠣᠯᠠᠨ ᠲᠦᠮᠡᠨ ᠤ ᠶᠠᠪᠤᠵᠤ ᠰᠠᠭᠤᠬᠤ ᠳᠤ ᠨᠠᠩ ᠲᠥᠬᠦᠮ ᠪᠣᠯᠭᠠᠪᠠ᠃ ᠤᠯᠠᠨ ᠵᠢᠯ ᠲᠥᠯᠥᠪᠵᠢᠭᠦᠯᠦᠭᠰᠡᠨ ᠳ᠋ᠠ ᠲᠠᠩ ᠤᠨ ᠲᠤᠭᠲᠠᠬᠤ ᠰᠢᠶᠠᠨ ᠤ ᠴᠠᠬᠢᠯᠭᠠᠨ ᠭᠠᠷᠭᠠᠬᠤ ᠦᠢᠯᠡᠳᠪᠦᠷᠢ᠂ ᠶᠢᠨ ᠱᠠᠨ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭ᠎ᠠ᠂ ᠵᠢᠰᠢᠶ᠎ᠠ ᠠᠶᠢᠯ ᠤᠨ ᠢᠯᠴᠢ ᠴᠠᠬᠢᠯᠭᠠᠨ ᠤ ᠦᠢᠯᠡᠳᠪᠦᠷᠢ ᠶᠢᠨ ᠭᠤᠷᠪᠠᠨ ᠶᠡᠭᠡ ᠢᠯᠴᠢ ᠶᠢᠨ ᠰᠤᠷᠪᠤᠯᠵᠢ ᠶᠢ ᠬᠥᠬᠡᠬᠤᠲᠠ ᠳᠤ ᠣᠷᠣᠭᠤᠯᠬᠤ ᠪᠠᠷᠢᠯᠭ᠎ᠠ ᠪᠠ ᠲᠣᠭᠲᠠᠬᠤ ᠴᠢᠩ ᠱᠦᠢ ᠾᠧ ᠤᠨ ᠳᠠᠬᠢᠯᠲᠠ ᠤᠰᠤᠨ ᠤ ᠤᠷᠲᠤ ᠬᠤᠭᠤᠯᠠᠶ ᠶᠢᠨ ᠱᠤᠭᠤᠮ ᠤᠨ ᠪᠠᠷᠢᠯᠭ᠎ᠠ ᠶᠢᠨ ᠠᠵᠢᠯ ᠢ ᠡᠬᠢᠯᠡᠭᠦᠯᠪᠡ᠃ ᠵᠠᠩᠭᠢ ᠶᠢᠨ ᠠᠶᠢᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ EOD  ᠭᠠᠵᠠᠷ ᠳᠣᠣᠷᠠᠬᠢ ᠮᠠᠶ᠋ᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠭᠦᠩᠵᠦ ᠶᠢᠨ ᠣᠷᠳᠣᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ᠂ ᠵᠢᠨᠴᠢᠶᠤᠤ ᠶᠢᠨ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠯᠭ᠎ᠠ ᠶᠢᠨ ᠠᠵᠢᠯ ᠢ ᠡᠬᠢᠯᠡᠭᠦᠯᠪᠡ᠃ ᠬᠠᠶᠢᠮᠢᠶᠠᠨ ᠬᠡᠯᠪᠡᠷᠢ ᠶᠢᠨ ᠵᠢᠱᠢᠶ᠎ᠡ ᠦᠵᠡᠭᠦᠯᠬᠦ ᠵᠡᠭᠡᠯᠢ ᠭᠤᠳᠤᠮᠵᠢ 10᠂ ᠵᠢᠱᠢᠶ᠎ᠡ ᠦᠵᠡᠭᠦᠯᠬᠦ ᠬᠤᠷᠢᠶᠠᠯᠠᠯ 8  ᠶᠢ ᠥᠭᠡᠷᠡᠴᠢᠯᠡᠨ ᠪᠠᠶᠢᠭᠤᠯᠵᠤ᠂ ᠬᠠᠶᠢᠮᠢᠶᠠᠨ ᠴᠡᠴᠡᠷᠯᠢᠭ ᠢ 1 ᠶᠢ ᠪᠠᠶᠢᠭᠤᠯᠵᠤ ᠳᠠᠭᠤᠰᠬᠠᠭᠠᠳ ᠤᠯᠤᠰ ᠤᠨ ᠬᠠᠶᠢᠮᠢᠶᠠᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠪᠠᠷ ᠠᠮᠵᠢᠯᠲᠠ ᠲᠠᠢ ᠵᠦᠪᠰᠢᠶᠡᠷᠡᠭᠳᠡᠪᠡ᠃ 392 ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ 8 ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ 10072 ᠢᠵᠢ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠪᠡᠯᠡᠳᠬᠡᠨ ᠴᠤᠭᠯᠠᠭᠤᠯᠪᠠ᠃ 316 ᠬᠠᠷᠮᠠᠨ ᠴᠡᠴᠡᠷᠯᠢᠭ ᠪᠠ ᠨᠡᠶᠢᠭᠡᠮ ᠲᠣᠭᠤᠷᠢᠭ ᠤᠨ ᠵᠤᠭᠠᠴᠠᠯ ᠤᠨ ᠬᠦᠷᠢᠶᠡᠯᠡᠩ ᠢ ᠪᠠᠶᠢᠭᠤᠯᠵᠤ᠂ ᠬᠤᠲᠠ ᠶᠢᠨ ᠨᠣᠭᠤᠭᠠᠨ ᠵᠠᠮ ᠢ 309.2 ᠺᠢᠯᠣᠮᠧᠲᠷ ᠪᠠᠶᠢᠭᠤᠯᠪᠠ᠃ ᠬᠤᠲᠠ ᠶᠢᠨ ᠶᠡᠭᠡ ᠲᠠᠷᠢᠬᠢ 3.0 ᠬᠡᠪ ᠵᠢᠩᠬᠢᠨᠢ ᠪᠠᠷ  ᠠᠰᠢᠭᠯᠠᠯᠲᠠ ᠳᠤ ᠣᠷᠤᠵᠤ᠂ ︽ᠠᠶ ᠴᠢᠩ ᠴᠧᠩ︾ App ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ 160 ᠶᠢ ᠳᠠᠪᠠᠵᠤ᠂ ᠳᠠᠩᠰᠠᠯᠠᠭᠤᠯᠤᠭᠰᠠᠨ ᠬᠡᠷᠡᠭᠯᠡᠭᠴᠢ 122 ᠲᠦᠮᠡ ᠬᠦᠷᠴᠦ᠂ ᠬᠤᠲᠠ ᠶᠢᠨ ᠪᠠᠲᠤᠯᠠᠭ᠎ᠠ ᠶᠢᠨ ᠴᠢᠳᠠᠪᠤᠷᠢ᠂ ᠬᠠᠮᠢᠶᠠᠷᠤᠯᠲᠠ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃ ᠠᠮᠤ ᠪᠤᠳᠠᠭᠠᠨ ᠤ ᠶᠡᠷᠦᠩᠬᠡᠶ ᠤᠨᠠᠯᠲᠠ 36.6 ᠳ᠋ᠦᠩᠰᠢᠭᠤᠷ ᠵᠢᠩ ᠳᠤ ᠬᠦᠷᠪᠡ᠃ ᠢᠯᠢ ᠶᠢᠨ 18 ᠲᠦᠮᠡᠨ ᠰᠠᠭᠠᠯᠢ ᠶᠢᠨ ᠦᠨᠢᠶ᠎ᠡ  ᠶᠢᠨ ᠤᠶᠤᠨᠲᠤ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ᠂ ᠮᠧᠩ ᠨᠢᠦ ᠸᠧᠢ ᠨᠢᠦ ᠮᠠᠯ ᠠᠵᠤ ᠠᠬᠤᠢ ᠶᠢᠨ ᠲᠦᠮᠡᠨ ᠦᠬᠡᠷ ᠤᠨ ᠮᠠᠯᠵᠢᠯ ᠤᠨ ᠲᠠᠯᠠᠪᠠᠶ᠂ ᠱᠧᠩ ᠵᠢᠶᠠᠨ 50 ᠲᠦᠮᠡᠨ ᠰᠠᠭᠠᠯᠢ ᠶᠢᠨ ᠢᠮᠠᠭ᠎ᠠ᠂ ᠴᠢᠩ ᠱᠦᠶ ᠾᠧ ᠤᠨ 5 ᠲᠦᠮᠡᠨ ᠰᠠᠭᠠᠯᠢ ᠶᠢᠨ ᠢᠮᠠᠭ᠎ᠠ ᠵᠡᠷᠭᠡ ᠲᠥᠷᠥᠯ ᠵᠦᠢᠯ ᠤᠨ ᠪᠠᠷᠢᠯᠭ᠎ᠠ ᠶᠢ ᠡᠬᠢᠯᠡᠭᠦᠯᠦᠨ ᠪᠥᠲᠥᠭᠡᠨ ᠪᠠᠶᠢᠭᠤᠯᠵᠤ᠂ 4.1 ᠲᠦᠮᠡᠨ ᠰᠠᠭᠠᠯᠢ ᠶᠢᠨ ᠦᠨᠢᠶ᠎ᠡ ᠶᠢ ᠰᠢᠨ᠎ᠡ ᠪᠠᠷ ᠨᠡᠮᠡᠭᠳᠡᠭᠦᠯᠵᠦ᠂ 5 ᠲᠦᠮᠡᠨ ᠰᠠᠭᠠᠯᠢ ᠶᠢᠨ ᠢᠮᠠᠭ᠎ᠠ ᠲᠡᠵᠢᠭᠡᠪᠡ᠃ ᠵᠧᠩ ᠳ᠋ᠡ ᠢᠳᠡᠭᠡᠨ ᠤ ᠨᠢᠭᠡᠳᠦᠭᠡᠷ ᠬᠤᠭᠤᠴᠠᠭ᠎ᠠ ᠶᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠤᠷᠤᠭᠤᠯᠪᠠ᠃ 37 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠪᠡ᠃ ᠪᠡᠯᠡᠳᠭᠡᠮᠵᠢᠳᠤ ᠢᠳᠡᠰᠢᠨ ᠨᠣᠭᠤᠭ᠎ᠠ ᠶᠢ 1212 ᠮᠥ᠂ ᠵᠠᠳᠠᠭᠠᠶ ᠭᠠᠵᠠᠷ ᠤᠨ ᠢᠳᠡᠰᠢᠨ ᠨᠣᠭᠤᠭ᠎ᠠ ᠶᠢ 1.3 ᠲᠦᠮᠡᠨ ᠮᠥ ᠰᠢᠨ᠎ᠡ ᠪᠠᠷ ᠨᠡᠮᠡᠭᠳᠡᠭᠦᠯᠪᠡ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠶᠡᠬᠡᠪᠡᠷ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠵᠣᠷᠯᠣᠩ ᠤᠨ ᠥᠭᠡᠷᠡᠴᠢᠯᠡᠯᠲᠡ ᠶᠢ 1.7 ᠲᠦᠮᠡᠨ ᠡᠷᠦᠬᠡ ᠪᠡᠶᠡᠯᠡᠭᠦᠯᠪᠡ᠃ ᠤᠪᠤᠭ᠎ᠠ ᠲᠣᠰᠬᠤᠨ ᠤᠯᠤᠰ ᠤᠨ ᠲᠡᠰ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢᠶᠠᠷ ᠦᠨᠡᠯᠡᠭᠳᠡᠵᠦ᠂ ᠤᠰᠤᠨ ᠲᠡᠭᠡᠷᠮ᠎ᠡ᠂ ᠵᠠᠩᠭᠢ ᠶᠢᠨ ᠠᠶᠢᠯ᠂ ᠢᠮᠠᠭᠠᠲᠤ ᠲᠣᠰᠬᠤᠨ ᠵᠡᠷᠭᠡ 57 ᠲᠣᠰᠬᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠭᠤᠶᠤᠵᠢᠭᠤᠯᠤᠯᠳᠠ ᠶᠢᠨ ᠵᠢᠱᠢᠶ᠎ᠡ ᠦᠵᠡᠭᠦᠯᠬᠦ ᠲᠣᠰᠬᠤᠨ ᠢᠶᠠᠷ ᠰᠣᠩᠭᠤᠭᠳᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠡᠯ᠎ᠡ ᠵᠦᠢᠯ ᠤᠨ ᠦᠢᠯᠡᠰ ᠪᠦᠬᠦ ᠲᠠᠯ᠎ᠠ ᠪᠠᠷ ᠬᠥᠭᠵᠢᠪᠡ᠃      ᠪᠢᠳᠡ ᠬᠠᠮᠠᠭᠠᠯᠠᠬᠤ ᠶᠢ ᠠᠳᠬᠤᠨ᠂ ᠵᠠᠰᠠᠬᠤ ᠶᠢ ᠴᠢᠬᠤᠯᠠᠴᠢᠯᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ 3.52 ᠲᠦᠮᠡᠨ ᠡᠷᠦᠬᠡ ᠶᠢᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠡᠭᠦᠷᠭᠡ ᠶᠢ ᠪᠡᠶᠡᠯᠡᠭᠦᠯᠵᠦ᠂ 26 ᠰᠠᠤᠷᠢ ᠨᠡᠭᠦᠷᠡᠰᠦ ᠰᠢᠳᠠᠭᠠᠬᠤ ᠭᠦᠸᠧᠯᠦ ᠶᠢ ᠰᠣᠯᠢᠵᠤ᠂ ᠪᠥᠬᠦ ᠵᠢᠯ ᠤᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ 329 ᠡᠳᠦᠷ ᠲᠤ ᠬᠦᠷᠴᠦ᠂ ᠡᠵᠡᠯᠡᠬᠦ ᠬᠠᠷᠢᠴᠠᠯ ᠨᠢ ᠨᠢᠳᠤᠨᠤᠨ ᠤ ᠬᠢ ᠠᠴᠠ ᠪᠠᠰᠠ 3 ᠵᠠᠭᠤᠨ ᠤ ᠴᠡᠭ ᠳᠡᠭᠡᠭᠰᠢᠯᠡᠨ᠂ ᠤᠯᠤᠰ ᠤᠨ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠬᠤᠲᠠ ᠪᠠᠷ ᠠᠮᠵᠢᠯᠲᠠ ᠲᠠᠢ ᠵᠦᠪᠰᠢᠶᠡᠷᠡᠭᠳᠡᠪᠡ᠃ ᠬᠠᠲᠤᠨ ᠭᠤᠤᠯ ᠤᠨ ᠵᠠᠮ ᠵᠢᠴᠢ ᠲᠠᠩ ᠭᠠᠵᠠᠷ ᠤᠨ ᠣᠷᠣᠨ ᠢ ᠶᠡᠷᠦᠩᠬᠡᠶᠢᠯᠡᠨ ᠵᠠᠰᠠᠬᠤ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ ᠣᠨ ᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠭᠤᠤᠯ ᠳᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠱᠠᠲᠤ ᠦᠶ᠎ᠡ ᠶᠢᠨ ᠴᠢᠨᠠᠷᠲᠠᠶ ᠡᠭᠦᠷᠭᠡ ᠶᠢ ᠪᠡᠶᠡᠯᠡᠭᠦᠯᠪᠡ᠃ ︽ᠣᠶ ᠰᠢᠭᠤᠶ ᠨᠤᠲᠤᠭ ᠪᠡᠯᠴᠢᠭᠡᠷ ᠤᠨ ᠳᠠᠷᠤᠭ᠎ᠠ ᠶᠢᠨ ᠲᠦᠷᠢᠮ︾ ᠤᠨ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠤᠯᠤᠰ ᠤᠨ ᠨᠤᠲᠤᠭ ᠳᠡᠪᠢᠰᠬᠡᠷ ᠢ 53.8 ᠲᠦᠮᠡᠨ ᠮᠥ ᠨᠣᠭᠤᠭᠠᠷᠠᠭᠤᠯᠵᠤ᠂ 83 ᠲᠦᠮᠡᠨ ᠮᠥ ᠡᠯᠡᠰᠦ ᠶᠢ ᠵᠠᠰᠠᠪᠠ᠃ ᠭᠤᠤᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠴᠠᠬᠢᠯᠠᠭᠤᠷ ᠴᠢᠯᠠᠭᠤ ᠦᠢᠯᠡᠳᠪᠦᠷᠢᠯᠡᠬᠦ ᠴᠢᠳᠠᠪᠤᠷᠢ ᠶᠢ 7.5 ᠲᠦᠮᠡᠨ ᠲᠣᠨ᠂ ᠲᠡᠮᠦᠷ ᠤᠨ ᠬᠠᠶᠢᠯᠤᠰᠢ ᠦᠢᠯᠡᠳᠪᠦᠷᠢᠯᠡᠬᠦ ᠴᠢᠳᠠᠪᠤᠷᠢ ᠶᠢ 6 ᠲᠦᠮᠡᠨ ᠲᠣᠨ ᠰᠢᠭᠰᠢᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠦᠢᠯᠡᠳᠪᠦᠷᠢ ᠶᠢ 14 ᠰᠢᠨ᠎ᠡ ᠪᠠᠷ ᠨᠡᠮᠡᠭᠳᠡᠭᠦᠯᠪᠡ᠃ ᠠᠮᠢ ᠠᠬᠤᠶ ᠣᠷᠴᠢᠨ ᠲᠤᠭᠤᠷᠢᠨ ᠤ ᠶᠠᠮᠤᠨ ᠤ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠥᠲᠥᠭᠡᠨ ᠪᠠᠶᠢᠭᠤᠯᠤᠯᠲᠠ ᠶᠢᠨ ᠨᠡᠷᠡᠰ ᠲᠤ ᠠᠮᠵᠢᠯᠲᠠ ᠲᠠᠢ ᠰᠣᠩᠭᠤᠭᠳᠠᠪᠠ᠃      ᠪᠢᠳᠡ ᠪᠣᠳᠠᠲᠤ ᠶᠠᠪᠤᠳᠠᠯ ᠢ ᠠᠳᠬᠤᠨ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠤ ᠠᠮᠢᠳᠤᠷᠠᠯ ᠢ ᠰᠠᠶᠢᠵᠢᠷᠠᠭᠤᠯᠪᠠ᠃ ᠥᠪᠥᠷ ᠮᠣᠩᠭᠤᠯ ᠤᠨ ᠬᠤᠷᠢᠨᠭᠡᠷ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠲᠦᠷᠭᠡᠪᠴᠢᠯᠡᠨ ᠪᠠᠶᠢᠭᠤᠯᠵᠤ᠂ 3.17 ᠲᠦᠮᠡᠨ ᠣᠶᠤᠲᠠᠨ ᠬᠥᠬᠡᠬᠤᠲᠠ ᠳᠤ ᠦᠯᠡᠳᠡᠵᠦ ᠠᠵᠢᠯ ᠣᠯᠵᠤ ᠦᠢᠯᠡᠰ ᠴᠣᠭᠴᠠᠯᠠᠨ᠂ ᠤᠯᠤᠰ ᠤᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠲᠥᠷᠥᠯ  ᠵᠦᠢᠯ  ᠢᠶᠠᠷ ᠠᠮᠵᠢᠯᠲᠠ ᠲᠠᠢ ᠵᠦᠪᠰᠢᠶᠡᠷᠡᠭᠳᠡᠪᠡ᠃ ᠳᠤᠮᠳᠠᠳᠤ ᠪᠠᠭ᠎ᠠ ᠰᠤᠷᠭᠠᠭᠤᠯᠢ ᠶᠢᠨ ᠬᠡᠤᠬᠡᠳ ᠤᠨ ᠴᠡᠴᠡᠷᠯᠢᠭ ᠢ 20 ᠪᠠᠶᠢᠭᠤᠯᠵᠤ᠂ 1.28 ᠲᠦᠮᠡᠨ ᠰᠤᠷᠤᠭᠴᠢ ᠶᠢᠨ ᠣᠷᠣ ᠶᠢ ᠰᠢᠨ᠎ᠡ ᠪᠠᠷ ᠨᠡᠮᠡᠭᠳᠡᠭᠦᠯᠵᠦ᠂ 63 ᠰᠤᠷᠭᠠᠨ ᠬᠥᠮᠦᠵᠢᠯ ᠤᠨ ᠪᠦᠯᠦᠭᠯᠡᠯ ᠢ ᠵᠣᠬᠢᠶᠠᠨ ᠪᠠᠶᠢᠭᠤᠯᠵᠤ᠂ 17 ᠳᠤᠮᠳᠠᠳᠤ ᠪᠠᠭ᠎ᠠ ᠰᠤᠷᠭᠠᠭᠤᠯᠢ ᠪᠠ 9 ᠶᠡᠭᠡ ᠳᠡᠭᠡᠳᠦ ᠰᠤᠷᠭᠠᠭᠤᠯᠢ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠥᠷᠨᠢᠭᠦᠯᠪᠡ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠳᠠᠨ ᠤ ᠣᠷᠣᠨ ᠲᠤᠭ᠎ᠠ ᠶᠢ 2600 ᠰᠢᠨ᠎ᠡ ᠪᠠᠷ ᠨᠡᠮᠡᠭᠳᠡᠭᠦᠯᠵᠦ᠂ ᠡᠵᠡᠯᠡᠨ ᠬᠡᠷᠡᠭᠯᠡᠭᠰᠡᠨ ᠪᠠᠭᠰᠢ ᠶᠢᠨ ᠣᠷᠣᠨ ᠲᠤᠭ᠎ᠠ ᠶᠢ 2011 ᠢᠯᠭᠠᠷᠠᠭᠤᠯᠤᠨ ᠬᠤᠷᠢᠶᠠᠵᠤ ᠠᠪᠤᠪᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠦᠷᠢᠶᠡᠯᠡᠩ ᠲᠣᠭᠤᠷᠢᠭ  ᠪᠠᠷᠢᠯᠭ᠎ᠠ ᠡᠬᠢᠯᠡᠬᠦ ᠨᠦᠬᠦᠴᠡᠯ ᠢ ᠪᠦᠷᠢᠯᠳᠦᠭᠦᠯᠪᠡ᠃ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ ᠨᠢᠭᠡᠳᠦᠭᠡᠷ ᠬᠤᠭᠤᠴᠠᠭ᠎ᠠ᠂ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠤᠷᠢᠶ᠎ᠠ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡ ᠰᠤᠪᠢᠯᠠᠯᠲᠠ ᠶᠢᠨ ᠲᠥᠪ ᠤᠨ ᠲᠥᠷᠥᠯ ᠵᠦᠢᠯ ᠤᠨ ᠭᠤᠤᠯ ᠴᠣᠭᠴᠠ ᠶᠢ ᠪᠠᠶᠢᠭᠤᠯᠤᠨ ᠳᠠᠭᠤᠰᠬᠠᠵᠤ᠂ 2 ︽ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ︾ ᠶᠢ ᠰᠦᠯᠵᠢᠶᠡᠨ ᠳᠤ ᠭᠠᠷᠭᠠᠨ ᠠᠵᠢᠯᠯᠠᠭᠤᠯᠵᠤ᠂ ᠤᠯᠤᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠬᠢᠭᠡᠳ ᠴᠢᠨᠠᠷ ᠰᠠᠶᠢᠲᠠᠶ ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ  ᠢᠶᠠᠷ ᠠᠮᠵᠢᠯᠲᠠ  ᠲᠠᠢ ᠵᠦᠪᠰᠢᠶᠡᠷᠡᠭᠳᠡᠪᠡ᠃  ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠥᠷᠲᠡᠭᠡ ᠴᠡᠭ ᠢ 85 ᠪᠠᠶᠢᠭᠤᠯᠵᠤ᠂ ᠤᠯᠤᠰ ᠤᠨ 2022 ᠣᠨ ᠤ ᠭᠡᠷ ᠪᠦᠯᠢ ᠪᠠ ᠨᠡᠶᠢᠭᠡᠮ ᠲᠣᠭᠤᠷᠢᠭ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠷᠥᠯ ᠵᠦᠢᠯ ᠤᠨ ᠲᠤᠷᠰᠢᠯᠲᠠ ᠶᠢᠨ ᠬᠤᠲᠠ᠂ ᠤᠯᠤᠰ ᠤᠨ ᠬᠤᠪᠢ ᠬᠥᠮᠦᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠤᠷᠢᠳᠠᠪᠠᠷ ᠬᠡᠷᠡᠭᠵᠢᠭᠦᠯᠬᠦ ᠬᠤᠲᠠ  ᠪᠠᠷ ᠠᠮᠵᠢᠯᠲᠠ ᠲᠠᠢ ᠰᠤᠩᠭᠤᠭᠳᠠᠪᠠ᠃ ᠲᠦᠷᠦᠭᠦᠦ ᠪᠦᠯᠦᠭ ᠤᠨ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠬᠤᠲᠠ ᠪᠠᠷ ᠠᠮᠵᠢᠯᠲᠠ ᠲᠠᠢ ᠰᠤᠩᠭᠤᠭᠳᠠᠪᠠ᠃ ᠤᠯᠤᠰ ᠤᠨ ᠢᠳᠡᠭᠡᠨ ᠤ ᠠᠶᠤᠯᠭᠦᠶ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠵᠤ ᠮᠤᠵᠢ ᠶᠢᠨ ᠲᠡᠰ ᠤᠨ ᠠᠩᠬᠠᠨ ᠤ ᠰᠢᠯᠭᠠᠷᠠᠭᠤᠯᠤᠯᠲᠠ ᠰᠢᠯᠭᠠᠨ ᠬᠤᠷᠢᠶᠠᠬᠤ ᠶᠢ ᠠᠮᠵᠢᠯᠲᠠ ᠲᠠᠢ ᠦᠩᠭᠡᠷᠡᠪᠡ᠃ ︽12345︾ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ  ᠵᠢᠯᠤᠭᠤᠳᠤᠨ ᠲᠣᠬᠢᠷᠠᠭᠤᠯᠬᠤ ᠲᠥᠪ ︽2022 ᠣᠨ ᠤ ᠠᠷᠪᠠᠨ ᠰᠢᠯᠢᠳᠡᠭ ᠬᠠᠯᠠᠮᠰᠢᠯ ᠤᠲᠠᠰᠤᠨ ᠤ ᠦᠯᠢᠭᠡᠷ ᠵᠢᠱᠢᠶ᠎ᠡ︾᠂ ︽ᠲᠤᠰᠬᠠᠢ ᠮᠡᠷᠭᠡᠵᠢᠯ ᠤᠨ ᠬᠢᠷᠢ ᠲᠦᠪᠰᠢᠨ ᠤ ᠳᠡᠭᠡᠭᠰᠢᠯᠡᠯᠲᠡ ᠶᠢᠨ ᠦᠯᠢᠬᠡᠷ ᠵᠢᠱᠢᠶ᠎ᠡ︾ ᠬᠤᠶᠠᠷ ᠲᠣᠮᠤ ᠱᠠᠩᠨᠠᠯ ᠢ ᠬᠦᠷᠲᠡᠪᠡ᠃ ᠪᠥᠬᠦ ᠤᠯᠤᠰ ᠤᠨ 60 ᠬᠤᠲᠠ ᠶᠢᠨ ᠲᠠᠰ ᠤᠨ ᠬᠠᠮ ᠵᠠᠭᠤᠴᠢᠯᠠᠭᠤᠷ ᠤᠨ ᠲᠥᠪ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠲᠤ ᠰᠣᠩᠭᠤᠭᠳᠠᠪᠠ᠃ ᠪᠦᠬᠦ ᠵᠢᠯ ᠳᠤ ᠭᠠᠷᠤᠭᠰᠠᠨ ᠡᠷᠡᠭᠦᠦ ᠶᠢᠨ ᠬᠡᠷᠡᠭ 60% ᠪᠠᠷ ᠳᠣᠷᠣᠭᠰᠢᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠬᠥᠮᠦᠨ ᠤ ᠲᠤᠭ᠎ᠠ 21% ᠪᠠᠷ ᠳᠣᠷᠣᠭᠰᠢᠯᠠᠪᠠ᠃ ᠨᠡᠯᠢᠶᠡᠳ ᠶᠡᠭᠡ ᠠᠴᠠ ᠳᠡᠭᠡᠭᠰᠢ ᠦᠢᠯᠡᠳᠪᠦᠷᠢᠯᠡᠯ ᠤᠨ ᠠᠶᠤᠯᠭᠦᠶ ᠶᠢᠨ ᠠᠳᠡᠯ ᠭᠠᠷᠤᠭᠰᠠᠨ ᠦᠭᠡᠢ᠃ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ᠂ ᠬᠤᠶᠠᠷ ᠢ ᠬᠦᠷᠢᠶᠡᠯᠡᠬᠦ ᠬᠠᠷᠠᠭᠠᠯᠵᠠᠨ ᠬᠠᠯᠠᠮᠵᠢᠯᠠᠬᠤ ᠵᠡᠷᠭᠡ ᠠᠵᠢᠯ ᠴᠥᠮ ᠰᠢᠨ᠎ᠡ ᠲᠠᠪᠰᠢᠯᠳᠠ ᠲᠠᠢ ᠪᠤᠯᠵᠤ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠲᠤᠭ᠎ᠠ ᠪᠦᠷᠢᠳᠬᠡᠯ ᠪᠠᠶᠢᠴᠠᠭᠠᠯᠲᠠ᠂ ᠰᠣᠨᠢᠨ ᠮᠡᠳᠡᠭᠡ ᠷᠠᠳᠢᠣ᠋ ᠲᠧᠯᠸᠢᠰ᠂ ᠲᠠᠩᠰᠠ ᠡᠪᠬᠡᠮᠡᠯ ᠭᠠᠵᠠᠷ ᠣᠷᠣᠨ ᠤ ᠣᠶᠢᠯᠠᠯᠭ᠎ᠠ᠂ ᠭᠠᠵᠠᠷ ᠬᠥᠳᠡᠯᠦᠯᠲᠡ ᠴᠠᠭ ᠠᠭᠤᠷ ᠵᠡᠷᠭᠡ ᠠᠵᠢᠯ ᠦᠢᠯᠡᠰ ᠴᠥᠮ ᠰᠢᠨ᠎ᠡ ᠳᠡᠭᠡᠭᠰᠢᠯᠡᠯᠲᠡ ᠲᠠᠢ ᠪᠤᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠂ ᠨᠠᠰᠤᠲᠠᠶᠢᠴᠤᠳ ᠤᠨ ᠠᠵᠢᠯ ᠤᠨ ᠵᠥᠪᠯᠡᠯ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠵᠡᠷᠭᠡ ᠵᠣᠬᠢᠶᠠᠨ ᠪᠠᠶᠢᠭᠤᠯᠤᠯᠲᠠ ᠴᠥᠮ ᠰᠢᠨ᠎ᠡ ᠠᠭᠤᠷ ᠠᠮᠢᠰᠬᠤᠯ ᠲᠠᠢ ᠪᠣᠯᠪᠠ᠃      ᠲᠥᠯᠥᠭᠡᠯᠡᠭᠴᠢᠳ ᠡ︕ ᠡᠨᠡ ᠨᠢᠭᠡ ᠵᠢᠯ ᠤᠨ ᠠᠮᠵᠢᠯᠲᠠ ᠶᠢ ᠡᠷᠭᠢᠴᠡᠭᠦᠯᠬᠦ ᠳᠤ᠂  ᠦᠨᠳᠦᠰᠦᠨ ᠠᠴᠠ ᠨᠢ ᠬᠡᠯᠡᠪᠡᠯ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠪᠣᠯᠤᠭᠰᠠᠨ ᠤ ᠬᠤᠪᠢ ᠳᠤ ᠵᠢᠯᠣᠭᠤ ᠶᠢ ᠠᠳᠬᠤᠨ ᠠᠶᠠᠨ ᠢ ᠵᠢᠯᠤᠭᠤᠳᠤᠭᠰᠠᠨ ᠳᠤ ᠪᠤᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠵᠥᠪ ᠣᠨᠣᠪᠴᠢᠲᠠᠢ ᠤᠳᠤᠷᠢᠳᠴᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠳᠤ ᠪᠤᠢ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠪᠦᠲᠦᠮᠵᠢᠲᠡᠢ ᠬᠢᠨᠠᠯᠲᠠ ᠲᠠᠯᠪᠢᠵᠤ᠂ ᠬᠦᠴᠦᠲᠡᠢ ᠳᠡᠮᠵᠢᠭᠰᠡᠨ ᠳᠤ ᠪᠤᠢ᠂ ᠪᠦᠬᠦ ᠬᠤᠳᠠ ᠶᠢᠨ ᠥᠷᠭᠡᠨ ᠤᠯᠠᠨ ᠺᠠᠳ᠋ᠷ ᠤᠯᠠᠨ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠦᠴᠢᠷ ᠢ ᠲᠤᠭᠤᠯᠤᠭᠰᠠᠨ ᠳᠤ ᠪᠣᠢ᠃ ᠠᠳᠡ᠂ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠡᠯ᠎ᠡ ᠠᠵᠢᠯ ᠲᠦᠷᠦᠯ᠂ ᠡᠯ᠎ᠡ ᠹᠷᠣᠨᠲ ᠲᠤ ᠰᠢᠷᠭᠠᠭᠤ ᠬᠠᠲᠠᠭᠤᠵᠢᠯᠲᠠᠢ ᠲᠡᠮᠡᠴᠡᠵᠦ ᠪᠠᠶᠢᠭ᠎ᠠ ᠪᠦᠳᠦᠭᠡᠨ ᠪᠠᠶᠢᠭᠤᠯᠤᠭᠴᠢᠳ᠂ ᠬᠤᠪᠢ ᠨᠡᠮᠡᠷᠢ ᠦᠵᠡᠭᠦᠯᠦᠭᠰᠡᠳ᠂ ᠬᠥᠬᠡᠬᠤᠲᠠ ᠶᠢᠨ ᠬᠥᠭᠵᠢᠯᠲᠡ ᠶᠢ ᠬᠠᠯᠠᠮᠵᠢᠯᠠᠵᠤ ᠂ ᠳᠡᠮᠵᠢᠵᠦ᠂ ᠣᠷᠣᠯᠴᠠᠭᠰᠠᠨ ᠪᠦᠬᠦ ᠨᠥᠬᠦᠳ᠂ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠠᠮᠵᠢᠯᠲᠠ ᠪᠠᠨ ᠳ᠋ᠦᠩᠨᠡᠬᠦ ᠶᠢᠨ ᠵᠡᠷᠭᠡᠪᠡᠷ ᠠᠵᠢᠯ ᠤᠨ ᠳᠤᠮᠳᠠ ᠴᠥᠭᠡᠨ ᠪᠤᠰᠤ ᠬᠦᠴᠢᠷᠳᠡᠯ ᠠᠰᠠᠭᠤᠳᠠᠯ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠣᠯᠵᠤ ᠬᠠᠷᠠᠯ᠎ᠠ᠃ ᠨᠢᠭᠡ ᠳᠤ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠᠰᠠ ᠲᠡᠶᠢᠮᠦ ᠶᠡᠭᠡ ᠪᠢᠰᠢ᠂ ᠨᠡᠮᠡᠭᠳᠡᠯ ᠤᠨ ᠬᠤᠷᠳᠤᠴᠠ ᠪᠠᠰᠠ ᠲᠡᠶᠢᠮᠦ ᠲᠦᠷᠭᠡᠨ ᠪᠢᠰᠢ᠂ ᠬᠤᠳᠠ ᠶᠢᠨ ᠥᠷᠢᠰᠥᠯᠳᠦᠬᠦ ᠬᠦᠴᠦᠨ᠂ ᠨᠥᠯᠥᠭᠡᠯᠡᠬᠦ ᠬᠦᠴᠦᠨ᠂ ᠳᠠᠶᠢᠴᠢᠯᠠᠬᠤ ᠬᠦᠴᠦᠨ ᠨᠢ ᠣᠷᠣᠨ ᠤ ᠲᠥᠪ ᠬᠤᠲᠠ ᠶᠢᠨ ᠪᠠᠶᠢᠷᠢ ᠰᠠᠭᠤᠷᠢ ᠲᠠᠢ ᠵᠣᠬᠢᠴᠠᠬᠤ ᠦᠭᠡᠢ ᠪᠠᠶᠢᠨ᠎ᠠ︔ ᠬᠤᠶᠠᠷ ᠲᠤ᠂ ᠠᠵᠤ ᠦᠢᠯᠡᠰ ᠤᠨ ᠰᠠᠭᠤᠷᠢ ᠮᠦᠨ ᠯᠠᠪᠳᠠᠭᠤᠨ ᠪᠢᠰᠢ᠂ ᠬᠡᠯᠬᠢᠶ᠎ᠡ ᠶᠢ ᠤᠷᠲᠤᠳᠬᠠᠭᠰᠠᠨ ᠢᠶᠠᠷ ᠬᠦᠷᠦᠯᠴᠡᠬᠦ ᠦᠭᠡᠢ᠂ ᠪᠦᠭᠡᠮᠨᠡᠷᠡᠯ ᠤᠨ ᠦᠢᠯᠡᠳᠦᠯ ᠴᠢᠩᠭ᠎ᠠ ᠪᠢᠰᠢ᠂ ᠠᠵᠤ ᠦᠢᠯᠡᠰ ᠤᠨ ᠳᠡᠭᠡᠳᠦ ᠳᠡᠰᠴᠢᠯᠡᠭᠰᠡᠨ᠂ ᠤᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ︔ ᠭᠤᠷᠪᠠ ᠳᠤ᠂ ᠬᠦᠨᠳᠦ ᠶᠡᠭᠡ ᠠᠶᠤᠯ ᠲᠦᠭᠰᠢᠭᠦᠷᠢ  ᠥᠷᠢᠰᠥᠯᠳᠦᠭᠡᠨ ᠢ ᠠᠷᠭᠠᠴᠠᠭᠠᠬᠤ ᠴᠢᠳᠠᠪᠤᠷᠢ  ᠪᠠᠨ ᠴᠢᠩᠭᠠᠳᠬᠠᠬᠤ ᠴᠢᠬᠤᠯᠠᠲᠠᠢ ᠪᠠᠶᠢᠨ᠎ᠠ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠦᠨᠳᠦᠰᠦᠨ ᠱᠠᠲᠤᠨ ᠤ ᠵᠠᠰᠠᠯᠲᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠳᠤᠲᠠᠭᠤᠳᠠᠯ ᠢ ᠲᠦᠷᠭᠡᠨ ᠨᠥᠬᠦᠪᠥᠷᠢᠯᠡᠬᠦ ᠴᠢᠬᠤᠯᠠᠲᠠᠢ ᠪᠠᠶᠢᠨ᠎ᠠ︔ ᠲᠦᠷᠪᠡ ᠳᠤ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠰᠤᠷᠭᠠᠨ ᠬᠥᠮᠦᠵᠢᠯ᠂  ᠡᠮᠴᠢᠯᠡᠭᠡ᠂ ᠣᠷᠣᠨ ᠰᠠᠭᠤᠴᠠ᠂ ︽ᠨᠠᠰᠤᠲᠠᠨ ᠨᠢᠯᠬᠠᠰ︾ ᠵᠡᠷᠭᠡ ᠬᠦᠷᠢᠶᠡᠨ ᠳᠤ ᠪᠠᠰᠠ ᠪᠦᠲᠦᠴᠡ ᠨᠢ ᠲᠡᠩᠴᠡᠭᠦᠷᠢ ᠦᠭᠡᠢ᠂ ᠬᠠᠩᠭᠠᠯᠭ᠎ᠠ ᠨᠢ ᠭᠦᠢᠴᠡᠳ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ︔ ᠡᠭᠦᠨ ᠠᠴᠠ ᠭᠠᠳᠠᠨ᠎ᠠ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠺᠠᠳ᠋ᠷ ᠤᠨ ᠰᠤᠷᠲᠠᠯ ᠢ ᠬᠤᠪᠢᠷᠠᠭᠤᠯᠬᠤ ᠵᠡᠷᠭᠡ ᠲᠠᠯ᠎ᠠ ᠪᠠᠷ ᠪᠠᠰᠠ ᠴᠥᠭᠡᠨ ᠪᠤᠰᠤ ᠲᠦᠭᠵᠢᠷᠡᠯ ᠪᠠ ᠬᠠᠷᠰᠢ ᠰᠠᠭᠠᠳ ᠣᠷᠣᠰᠢᠵᠤ ᠪᠠᠶᠢᠨ᠎ᠠ᠃ ᠡᠲᠡᠭᠡᠷ ᠠᠰᠠᠭᠤᠳᠠᠯ ᠢ ᠪᠢᠳᠡ ᠨᠠᠷᠢᠨ ᠬᠢᠨᠠᠮᠠᠭᠠᠶ ᠰᠤᠳᠤᠯᠤᠨ ᠵᠠᠳᠠᠯᠵᠤ᠂ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠠᠪᠴᠤ᠂ ᠨᠢᠭᠡ ᠶᠢ ᠠᠩᠬᠠᠷᠪᠠᠯ ᠨᠢᠭᠡ ᠶᠢ ᠡᠷᠭᠢᠯᠡᠵᠦ᠂ ᠨᠢᠭᠡ ᠶᠢ ᠡᠷᠭᠢᠯᠡᠪᠡᠯ ᠨᠢᠭᠡ ᠶᠢ ᠪᠦᠲᠦᠭᠡᠵᠦ᠂ ᠣᠷᠣᠨ ᠤ ᠲᠥᠪ ᠬᠤᠲᠠ ᠳᠤ ᠡᠳᠦᠷ ᠪᠦᠷᠢ ᠰᠢᠨ᠎ᠡ ᠬᠤᠪᠢᠷᠠᠯᠲᠠ ᠲᠠᠢ ᠪᠣᠯᠭᠠᠵᠤ ᠂ ᠠᠷᠠᠳ ᠣᠯᠠᠨ ᠳᠤ ᠵᠢᠯ ᠪᠦᠷᠢ ᠰᠢᠨ᠎ᠡ ᠪᠣᠳᠠᠲᠤ ᠠᠰᠢᠭ ᠬᠦᠷᠲᠡᠭᠡᠬᠦ ᠬᠡᠷᠡᠭᠲᠡᠶ᠃      ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠ      ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ᠢ 6 %  ᠠᠴᠠ ᠳᠡᠭᠡᠭᠰᠢ ᠨᠡᠮᠡᠭᠳᠡᠭᠦᠯᠦᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠢ 8 % ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10 % ᠠᠴᠠ ᠳᠡᠭᠡᠭᠰᠢ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 8 % ᠣᠷᠴᠢᠮ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 5% ᠠᠴᠠ ᠳᠡᠭᠡᠭᠰᠢ ᠨᠡᠮᠡᠭᠳᠡᠭᠦᠯᠦᠨ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 6 % ᠠᠴᠠ ᠳᠡᠭᠡᠭᠰᠢ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠠᠴᠠ  ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠡᠭᠦᠷᠭᠡ ᠶᠢ ᠪᠡᠶᠡᠯᠡᠭᠦᠯᠦᠨ᠎ᠡ᠃      ᠳᠡᠭᠡᠷ᠎ᠡ ᠳᠤᠷᠠᠳᠤᠭᠰᠠᠨ ᠬᠠᠷᠠᠯᠲᠠ ᠶᠢ ᠲᠤᠭᠲᠠᠭᠠᠭᠰᠠᠨ ᠨᠢ᠂ ᠤᠯᠤᠰ᠂ ᠥᠪᠡᠷᠲᠡᠭᠡᠨ ᠵᠠᠰᠠᠬᠤ ᠣᠷᠣᠨ ᠤ ︽ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠰᠠᠶᠢᠵᠢᠷᠠᠬᠤ ᠶᠢ ᠠᠬᠢᠭᠤᠯᠵᠤ᠂ ᠳᠣᠲᠣᠭᠠᠳᠤ ᠬᠡᠷᠡᠭᠴᠡᠭᠡ ᠶᠢ ᠢᠳᠡᠪᠬᠢᠲᠡᠢ ᠥᠷᠭᠡᠳᠬᠡᠬᠦ︾ ᠵᠡᠷᠭᠡ ᠠᠯᠢ ᠣᠯᠠᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠰᠢᠭᠲᠠᠢ ᠲᠠᠯ᠎ᠠ ᠣᠲᠣ ᠶᠠᠭ ᠪᠦᠲᠦᠮᠵᠢᠲᠡᠶ ᠪᠠᠳᠠᠷᠠᠵᠤ ᠪᠠᠶᠢᠬᠤ ᠳᠤ ᠰᠠᠭᠤᠷᠢᠯᠠᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠣᠷᠣᠨ ᠤ ᠲᠥᠪ ᠢ ᠬᠦᠴᠦᠷᠬᠡᠭᠵᠢᠭᠦᠯᠬᠦ︾ ᠢᠨᠵᠧᠨᠧᠷᠢᠩ ᠢ ᠬᠡᠷᠡᠭᠵᠢᠬᠦᠯᠬᠦ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠴᠢᠬᠤᠯᠠ ᠶᠡᠭᠡ ᠠᠵᠠ ᠲᠣᠬᠢᠶᠠᠯ ᠳᠤ ᠰᠠᠭᠤᠷᠢᠯᠠᠪᠠ︔ ᠮᠠᠨ ᠤ ᠬᠤᠲᠠ ᠶᠢᠨ ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ ᠤᠨ ᠭᠤᠣᠯᠳᠠᠯᠭ᠎ᠠ ᠲᠠᠢ ᠲᠥᠷᠥᠯ ᠵᠦᠢᠯ ᠵᠠᠯᠭᠠᠪᠡᠷ ᠦᠢᠯᠡᠳᠪᠦᠷᠢᠯᠡᠯ ᠤᠨ ᠴᠢᠳᠠᠪᠤᠷᠢ ᠪᠠᠨ ᠪᠠᠳᠠᠷᠠᠭᠤᠯᠬᠤ ᠬᠤᠭᠤᠴᠠᠭᠠᠨ ᠳᠤ ᠣᠷᠣᠭᠰᠠᠨ ᠳᠤ ᠰᠠᠭᠤᠷᠢᠯᠠᠪᠠ︔ ᠪᠦᠬᠦ ᠬᠤᠳᠠ ᠶᠢᠨ ᠥᠷᠭᠡᠨ ᠤᠯᠠᠨ ᠺᠠᠳ᠋ᠷ ᠤᠯᠠᠨ ᠲᠦᠮᠡᠨ ᠣᠶᠢᠷ᠎ᠠ ᠶᠢᠨ ᠵᠢᠯ ᠤᠨ ᠲᠤᠷᠰᠢ ᠭᠠᠯ ᠹᠷᠣᠨᠲ ᠲᠤ ᠡᠷᠡᠯᠬᠡᠭᠯᠡᠨ ᠲᠡᠮᠡᠴᠡᠵᠦ ᠲᠦᠷᠦᠭᠦᠯᠡᠬᠦ ᠪᠠᠷ ᠴᠢᠷᠮᠠᠶᠢᠬᠤ᠂ ᠨᠤᠭᠤᠷᠠᠰᠢ ᠦᠭᠡᠢ ᠲᠡᠮᠡᠴᠡᠬᠦ ᠠᠵᠢᠯ ᠬᠢᠵᠦ ᠦᠢᠯᠡᠰ ᠪᠣᠰᠬᠠᠬᠤ ᠬᠠᠯᠠᠭᠤᠨ ᠤᠷᠮ᠎ᠠ ᠰᠡᠳᠬᠢᠯᠭᠡ ᠪᠠᠨ ᠳᠠᠪᠲᠠᠨ ᠪᠣᠯᠪᠠᠰᠤᠷᠠᠭᠤᠯᠤᠭᠰᠠᠨ ᠳᠤ ᠰᠠᠭᠤᠷᠢᠯᠠᠪᠠ᠃ ᠳᠡᠭᠡᠷᠡᠬᠢ ᠬᠠᠷᠠᠯᠲᠠ ᠪᠣᠯ ᠯᠠᠪᠳᠠᠭᠤᠨ ᠮᠥᠷᠲᠡᠭᠡᠨ ᠪᠠᠰᠠ ᠢᠳᠡᠪᠬᠢᠲᠡᠢ ᠶᠤᠮ᠂ ᠪᠢᠳᠡ ᠳᠠᠷᠤᠯᠲᠠ ᠨᠡᠮᠡᠵᠦ ᠡᠷᠡᠯᠬᠡᠭᠯᠡᠨ ᠤᠷᠤᠭᠰᠢᠯᠠᠵᠤ᠂ ᠬᠠᠲᠠᠭᠤ ᠪᠡᠷᠬᠡᠰᠢᠶᠡᠯ ᠢ ᠢᠯᠠᠨ ᠳᠠᠪᠠᠳᠠᠭ ᠯᠠ ᠶᠤᠮ ᠪᠣᠯ ᠯᠠᠪᠲᠠᠢ ᠪᠡᠶᠡᠯᠡᠭᠦᠯᠵᠦ ᠴᠢᠳᠠᠨ᠎ᠠ᠃      2023 ᠣᠨ ᠳᠤ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄      ︵ᠨᠢᠭᠡ︶ ᠠᠵᠤ ᠠᠬᠤᠢ ᠶᠢᠨ ᠠᠵᠢᠯᠯᠠᠭᠠᠨ ᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠤᠨ᠎ᠠ      ᠣᠷᠣᠨ ᠤ ᠲᠥᠪ ᠢ ᠬᠦᠴᠦᠷᠬᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠤᠳᠠᠯ ᠦᠭᠡᠢ ᠨᠡᠶᠢᠲᠡᠯᠡᠨ ᠬᠡᠷᠡᠭᠵᠢᠭᠦᠯᠬᠦ ᠪᠠᠷ ᠪᠠᠶᠢᠭ᠎ᠠ ︽ᠬᠥᠬᠡᠬᠤᠲᠠ ᠶᠢᠨ ᠣᠷᠣᠨ ᠤ ᠲᠥᠪ ᠢ ᠬᠦᠴᠦᠷᠭᠡᠭᠵᠢᠬᠦᠯᠬᠦ ᠢᠨᠵᠧᠨᠧᠷᠢᠩ ᠢ ᠬᠡᠷᠡᠭᠵᠢᠭᠦᠯᠬᠦ ᠶᠢ ᠳᠡᠮᠵᠢᠵᠦ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ᠤᠨ ᠵᠦᠢᠯ ᠨᠢᠭᠡᠪᠦᠷᠢ᠂ ᠵᠤᠷᠪᠤᠰ ᠨᠢᠭᠡᠪᠦᠷᠢ ᠨᠢ ᠴᠥᠮ ᠮᠠᠨ ᠳᠤ ᠲᠣᠬᠢᠷᠠᠭᠤᠯᠤᠨ ᠲᠣᠭᠲᠠᠭᠠᠭᠰᠠᠨ ︽ᠵᠢᠩᠭᠢᠨᠢ ᠶᠠᠭᠤᠮ᠎ᠠ︾᠂ ︽ᠰᠠᠶᠢᠨ ᠶᠠᠭᠤᠮ᠎ᠠ︾ ᠪᠣᠯᠣᠨ᠎ᠠ᠃ ᠪᠢᠳᠡ ︽ᠡᠬᠢᠯᠡᠯᠲᠡ ᠪᠣᠯ ᠲᠠᠷᠤᠢ ᠰᠢᠪᠲᠤᠯᠤᠯᠲᠠ︾ ᠶᠢᠨ ᠡᠷᠴᠢ ᠵᠣᠷᠢᠭ ᠢ ᠪᠠᠳᠠᠷᠠᠭᠤᠯᠵᠤ᠂ ᠬᠥᠬᠡᠬᠤᠲᠠ ᠶᠢ ᠬᠥᠭᠵᠢᠯᠲᠡ ᠶᠢᠨ ᠴᠢᠳᠠᠪᠬᠢ ᠲᠠᠰ ᠪᠥᠬᠦ ᠲᠠᠯ᠎ᠠ ᠪᠠᠷ  ᠳᠡᠭᠡᠭᠰᠢᠯᠡᠭᠰᠡᠨ ︽ᠪᠣᠳᠠᠲᠤ ᠬᠦᠴᠦᠨ ᠤ ᠬᠤᠲᠠ︾᠂ ᠠᠵᠤ ᠦᠢᠯᠡᠰ ᠤᠨ ᠪᠥᠭᠡᠮᠨᠡᠷᠡᠯ ᠤᠨ ᠳᠠᠪᠠᠭᠤᠯᠢᠭ ᠢᠶᠠᠷ ᠲᠣᠪᠣᠶᠢᠮ᠎ᠠ ︽ᠬᠥᠭᠵᠢᠯᠲᠡ ᠶᠢᠨ ᠬᠤᠲᠠ︾᠂ ᠬᠤᠲᠠ ᠶᠢᠨ ᠴᠢᠨᠠᠷ ᠴᠢᠨᠰᠠᠭ᠎ᠠ ᠢᠯᠡᠳᠲᠡ ᠳᠡᠭᠡᠭᠰᠢᠯᠡᠭᠰᠡᠨ ︽ᠦᠵᠡᠰᠬᠦᠯᠡᠩᠲᠦ ᠰᠠᠶᠢᠬᠠᠨ ᠬᠤᠲᠠ︾᠂ ᠰᠢᠨ᠎ᠡ ᠶᠢ ᠡᠭᠦᠳᠬᠦ ᠬᠥᠳᠡᠯᠭᠡᠭᠴᠢ ᠬᠦᠴᠦᠨ ᠥᠷᠨᠢᠭᠦᠨ ᠨᠡᠮᠡᠭᠳᠡᠭᠰᠡᠨ ︽ᠠᠮᠢᠵᠢᠷᠠᠯ ᠤᠨ ᠬᠦᠴᠦᠨ ᠲᠠᠢ ᠬᠤᠲᠠ︾ ᠪᠠ ᠵᠠᠯᠠᠭᠤᠴᠤᠳ ᠬᠦᠰᠡᠵᠦ ᠰᠠᠨᠠᠭᠰᠠᠨ᠂ ᠨᠠᠰᠤᠲᠠᠶᠢᠴᠤᠳ ᠠᠮᠤᠷ ᠠᠮᠤᠭᠤᠯᠠᠩ ︽ᠵᠣᠯ ᠵᠢᠷᠭᠠᠯᠲᠤ ᠬᠤᠲᠠ︾ ᠪᠣᠯᠭᠠᠨ ᠪᠦᠲᠦᠭᠡᠨ ᠪᠠᠶᠢᠭᠤᠯᠬᠤ ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠭᠤᠣᠯᠳᠠᠯᠭ᠎ᠠ ᠲᠠᠢ ᠠᠩᠬᠠᠷᠤᠨ᠎ᠠ︔ ︽ᠳᠡᠯᠡᠬᠡᠢ ᠶᠢᠨ ᠰᠦ ᠶᠢᠨ ᠬᠤᠲᠠ︾ ᠶᠢ ᠪᠦᠲᠦᠭᠡᠨ ᠪᠠᠶᠢᠭᠤᠯᠬᠤ᠂ ︽ᠳᠤᠮᠳᠠᠳᠤ ᠤᠯᠤᠰ ᠤᠨ ᠡᠭᠦᠯᠡᠨ ᠬᠥᠨᠳᠡᠢ︾ ᠶᠢ ᠴᠣᠭᠴᠠᠯᠠᠬᠤ᠂ ᠲᠡᠷᠢᠭᠦᠨ ᠤ ᠦᠶᠯᠡᠳᠬᠦ ᠦᠢᠯᠡᠰ ᠤᠨ ᠪᠦᠭᠡᠮᠨᠡᠷᠡᠯ ᠢ ᠪᠣᠶᠢᠵᠢᠭᠤᠯᠬᠤ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠤ ᠦᠢᠯᠡᠰ ᠤᠨ ᠠᠭᠤᠰᠤᠯᠴᠠᠨ ᠦᠢᠯᠡᠳᠦᠯᠴᠡᠬᠦ ᠶᠢ ᠠᠬᠢᠭᠤᠯᠬᠤ᠂ ᠶᠡᠷᠦᠩᠬᠡᠢ ᠬᠡᠯᠲᠡᠰ ᠤᠨ ᠠᠵᠤ ᠠᠬᠤᠢ ᠶᠢ ᠬᠥᠭᠵᠢᠭᠦᠯᠬᠦ ᠵᠡᠷᠭᠡ ᠵᠠᠩᠭᠢᠯᠠᠭ᠎ᠠ ᠶᠢᠨ ᠵᠦᠢᠯᠡᠰ ᠢ ᠭᠤᠣᠯᠳᠠᠯᠭ᠎ᠠ ᠲᠠᠢ ᠠᠩᠬᠠᠷᠤᠨ᠎ᠠ︔ ᠲᠦᠷᠭᠡᠨ ᠤ ᠲᠡᠮᠦᠷ ᠵᠠᠮ ᠤᠨ ᠬᠦᠢᠰᠦ ᠬᠤᠲᠠ ᠶᠢ ᠪᠦᠲᠦᠭᠡᠨ ᠪᠠᠶᠢᠭᠤᠯᠬᠤ᠂ ᠰᠢᠨ᠎ᠡ ᠨᠢᠰᠬᠡᠯ ᠤᠨ ᠪᠠᠭᠤᠳᠠᠯ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠶᠢ ᠴᠤᠭᠴᠠᠯᠠᠬᠤ᠂ ᠲᠦᠷᠭᠡᠨ ᠤ ᠵᠠᠰᠠᠮᠠᠯ ᠵᠠᠮ ᠤᠨ ᠲᠣᠣᠷ ᠢ ᠪᠠᠶᠢᠭᠤᠯᠬᠤ᠂ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ᠂ ᠬᠤᠲᠠ ᠶᠢᠨ ᠰᠠᠭᠤᠷᠢ ᠪᠠᠲᠤᠯᠠᠭ᠎ᠠ ᠶᠢᠨ ᠴᠢᠳᠠᠮᠵᠢ ᠶᠢ ᠴᠢᠩᠭᠠᠷᠠᠭᠤᠯᠬᠤ ᠵᠡᠷᠭᠡ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠭᠤᠣᠯᠳᠠᠯᠭ᠎ᠠ ᠲᠠᠢ ᠠᠩᠬᠠᠷᠤᠨ᠎ᠠ︔ ᠬᠤᠲᠠ ᠶᠢᠨ ᠲᠥᠯᠦᠪᠵᠢᠭᠦᠯᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠢᠷᠢ ᠲᠦᠪᠰᠢᠨ ᠢ ᠳᠡᠭᠡᠭᠰᠢᠯᠡᠭᠦᠯᠬᠦ᠂ ᠴᠢᠨᠠᠷ ᠰᠠᠶᠢᠲᠠᠢ ᠡᠮᠴᠢᠯᠡᠭᠡ ᠰᠤᠷᠭᠠᠨ ᠬᠥᠮᠦᠵᠢᠯ ᠢ ᠬᠥᠭᠵᠢᠭᠦᠯᠬᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠵᠡᠷᠭᠡ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠲᠠ ᠶᠢ ᠪᠦᠲᠦᠭᠡᠨ ᠪᠠᠶᠢᠭᠤᠯᠬᠤ ᠡᠭᠦᠷᠭᠡ ᠶᠢ ᠭᠤᠣᠯᠳᠠᠯᠭ᠎ᠠ ᠲᠠᠢ ᠠᠩᠬᠠᠷᠤᠨ᠎ᠠ︔ ᠬᠢᠨᠠᠨ ᠵᠥᠪᠰᠢᠶᠡᠷᠡᠬᠦ ᠡᠷᠬᠡ ᠮᠡᠳᠡᠯ ᠢ ᠳᠣᠷᠣᠭᠰᠢ ᠪᠠᠭᠤᠯᠭᠠᠬᠤ᠂ ᠰᠢᠨ᠎ᠡ ᠶᠢ ᠡᠭᠦᠳᠬᠦ ᠲᠤᠯᠭᠠᠭᠤᠷᠢᠯᠠᠯ ᠢ ᠴᠢᠩᠭᠠᠳᠬᠠᠬᠤ᠂ ᠭᠠᠵᠠᠷ ᠬᠡᠷᠡᠭᠯᠡᠬᠦ ᠴᠠᠬᠢᠯᠭᠠᠨ ᠬᠡᠷᠡᠭᠯᠡᠬᠦ ᠡᠨᠧᠷᠭᠢ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠬᠤ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠬᠤ ᠵᠡᠷᠭᠡ  ᠬᠦᠴᠦᠨ ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠭᠤᠣᠯᠳᠠᠯᠭ᠎ᠠ ᠲᠠᠢ ᠠᠩᠬᠠᠷᠴᠤ᠂ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ ᠂ ᠵᠣᠷᠢᠭᠲᠠᠢ ᠪᠠᠷ ᠲᠤᠷᠰᠢᠵᠤ᠂ ᠥᠪᠡᠷᠲᠡᠭᠡᠨ ᠵᠠᠰᠠᠬᠤ ᠣᠷᠣᠨ ᠤ ᠲᠤᠰᠠᠯᠠᠬᠤ ᠬᠦᠴᠦᠨ᠂ ᠲᠦᠯᠬᠢᠬᠦ ᠬᠦᠴᠦᠨ ᠢ ᠦᠨᠡᠨᠬᠦ ᠣᠷᠣᠨ ᠤ ᠲᠥᠪ ᠤᠨ ᠲᠣᠰ ᠪᠡᠶ᠎ᠡ ᠶᠢᠨ ᠬᠥᠭᠵᠢᠯᠲᠡ ᠶᠢᠨ ᠬᠥᠳᠡᠯᠭᠡᠭᠦ ᠬᠦᠴᠦᠨ᠂ ᠠᠮᠢᠵᠢᠷᠠᠯ ᠤᠨ ᠬᠦᠴᠦᠨ ᠪᠣᠯᠭᠠᠨ ᠬᠤᠪᠢᠷᠠᠭᠤᠯᠵᠤ᠂ ᠡᠯ᠎ᠡ ᠵᠦᠢᠯ ᠤᠨ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠰᠠᠶᠢᠲᠤᠷ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ 3 ᠠᠴᠠ 5 ᠵᠢᠯ ᠤᠨ ᠬᠤᠭᠤᠴᠠᠭᠠᠨ ᠳᠤ ᠣᠷᠣᠨ ᠤ ᠲᠥᠪ ᠤᠨ ︽ᠲᠤᠭ᠎ᠠ︾ ᠠᠴᠠ ︽ᠴᠢᠨᠠᠷ︾ ᠤᠨ ᠢᠯᠡᠷᠬᠡᠢ ᠬᠤᠪᠢᠷᠠᠯᠲᠠ ᠶᠢ ᠪᠡᠶᠡᠯᠡᠭᠦᠯᠦᠨ᠎ᠡ᠃      ᠲᠦᠷᠦᠯ ᠵᠦᠢᠯ ᠢ ᠴᠢᠩᠭ᠎ᠠ ᠠᠩᠬᠠᠷᠤᠨ᠎ᠠ᠃ ᠭᠤᠣᠯᠳᠠᠯᠭ᠎ᠠ ᠲᠠᠢ ᠲᠦᠷᠦᠯ ᠵᠦᠢᠯ ᠢ 1100 ᠠᠴᠠ ᠳᠡᠭᠡᠭᠰᠢ ᠬᠡᠷᠡᠭᠵᠢᠭᠦᠯᠵᠦ᠂ 1200 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ  ᠪᠡᠶᠡᠯᠡᠭᠦᠯᠦᠨ᠎ᠡ ᠂ ᠡᠭᠦᠨ ᠳᠤ 100 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠦᠷᠦᠯ ᠵᠦᠢᠯ 10᠂ 50 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠦᠷᠦᠯ ᠵᠦᠢᠯ 30᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠦᠷᠦᠯ ᠵᠦᠢᠯ 154᠃ ᠲᠦᠷᠦᠯ ᠵᠦᠢᠯ ᠢ ᠠᠳᠬᠤᠬᠤ ᠶᠢ ᠪᠦᠬᠦ ᠬᠤᠲᠠ ᠶᠢᠨ ︽ᠲᠡᠷᠢᠭᠦᠨ ᠢᠨᠵᠧᠨᠧᠷᠢᠩ︾ ᠪᠣᠯᠭᠠᠬᠤ ᠶᠢ ᠪᠠᠷᠢᠮᠲᠠᠯᠠᠵᠤ᠂ ︽ᠲᠦᠷᠦᠯ ᠵᠦᠢᠯ ᠢ ᠲᠡᠷᠢᠭᠦᠨ ᠳᠤ ᠲᠠᠯᠪᠢᠬᠤ᠂ ᠲᠦᠷᠦᠯ ᠵᠦᠢᠯ ᠢᠶᠠᠷ ᠭᠤᠣᠯ ᠪᠣᠯᠭᠠᠬᠤ︾ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠴᠢᠬᠤᠯᠠ ᠶᠡᠭᠡ ᠲᠦᠷᠦᠯ ᠵᠦᠢᠯ ᠢ ᠳᠠᠭᠠᠭᠠᠴᠢᠯᠠᠭᠤᠯᠬᠤ᠂ ᠲᠣᠬᠢᠷᠠᠭᠤᠯᠬᠤ᠂ ᠪᠠᠲᠤᠯᠠᠬᠤ ᠲᠣᠭᠲᠠᠴᠠ ᠶᠢ ᠪᠠᠶᠢᠭᠤᠯᠵᠤ᠂ ᠡᠪᠦᠯ ᠤᠨ ᠤᠯᠠᠷᠢᠯ ᠳᠤ ᠭᠠᠷ ᠭᠦᠢᠴᠡᠳᠬᠡᠯ ᠢ ᠱᠠᠯᠠᠪᠳᠠᠭᠤᠯᠵᠤ᠂ ᠬᠠᠪᠤᠷ ᠡᠬᠢᠯᠡᠮᠡᠭᠴᠡ ᠠᠵᠢᠯ ᠡᠬᠢᠯᠡᠭᠦᠯᠵᠦ᠂ ᠪᠦᠬᠦ ᠵᠢᠯ ᠳᠤ ᠪᠦᠲᠦᠭᠡᠨ ᠪᠠᠶᠢᠭᠤᠯᠤᠯᠲᠠ ᠶᠢ ᠠᠳᠬᠤᠵᠤ᠂ ᠪᠦᠬᠦ ᠬᠤᠲᠠ ᠳᠤ ︽ᠲᠦᠷᠦᠯ ᠵᠦᠢᠯ ᠢ ᠶᠡᠬᠡᠪᠡᠷ ᠠᠳᠬᠤᠵᠤ᠂ ᠶᠡᠭᠡ ᠲᠦᠷᠦᠯ ᠵᠦᠢᠯ ᠢ ᠠᠳᠬᠤᠬᠤ︾ ᠬᠦᠷ ᠬᠥᠭᠵᠢᠶᠡᠨ ᠲᠠᠢ ᠪᠦᠲᠦᠭᠡᠨ ᠪᠠᠶᠢᠭᠤᠯᠤᠯᠲᠠ ᠶᠢᠨ ᠠᠭᠤᠷ ᠠᠮᠢᠰᠬᠤᠯ ᠢ ᠦᠷᠭᠦᠯᠵᠢᠯᠡᠨ ᠪᠤᠢ ᠪᠣᠯᠭᠠᠨ᠎ᠠ᠃      ᠬᠤᠳᠠᠯᠳᠤᠭᠠᠴᠢᠨ ᠤᠷᠢᠬᠤ ᠠᠵᠢᠯ ᠢ ᠠᠳᠬᠤᠨ᠎ᠠ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 400 ᠠᠴᠠ ᠳᠡᠭᠡᠭᠰᠢ ᠣᠷᠣᠭᠤᠯᠵᠤ ᠠᠪᠴᠢᠷᠠᠨ᠂ 500 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ︽ᠪᠦᠭᠦᠳᠡ ᠣᠯᠠᠨ ᠢᠶᠠᠷ ᠢᠶᠠᠨ ᠬᠤᠳᠠᠯᠳᠤᠭᠠᠴᠢᠨ ᠤᠷᠢᠬᠤ︾ ᠲᠣᠭᠲᠠᠴᠠ ᠶᠢ ᠬᠡᠷᠡᠭᠵᠢᠭᠦᠯᠵᠦ᠂ ᠬᠤᠳᠠᠯᠳᠤᠭᠠᠴᠢᠳ ᠤᠨ ᠡᠪᠯᠡᠯ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ᠂ ᠬᠡᠯᠬᠢᠶᠡᠨ ᠤ ᠡᠵᠡᠨ ᠠᠵᠤ ᠠᠬᠤᠶᠢᠯᠠᠯ ᠵᠡᠷᠭᠡ ᠶᠢᠨ ᠦᠢᠯᠡᠳᠦᠯ ᠢ ᠪᠠᠳᠠᠷᠠᠭᠤᠯᠤᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠡᠶᠢᠨ ᠤ ᠲᠠᠯᠠᠪᠤᠷ ᠲᠤ ︽ᠨᠠᠢᠮᠠᠨ ᠠᠷᠰᠢ ᠲᠡᠯᠡᠶ ᠭᠡᠲᠦᠯᠬᠦ ᠳᠤ ᠥᠪᠡᠷ ᠥᠪᠡᠷ ᠤᠨ ᠴᠢᠳᠠᠪᠤᠷᠢ ᠪᠠᠨ ᠪᠦᠷᠢᠨ ᠢᠯᠡᠷᠡᠭᠦᠯᠬᠦ︾ ᠬᠡᠷᠡᠭᠲᠡᠢ᠃ ︽ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ︾ ᠤᠨ ᠲᠣᠭᠤᠷᠢᠨ ᠳᠤ᠂ ᠪᠡᠭᠡᠵᠢᠩ ᠲᠢᠶᠠᠨᠵᠢᠨ ᠡᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ ᠭᠠᠵᠠᠷ ᠣᠷᠣᠨ ᠢ ᠴᠢᠩᠭ᠎ᠠ ᠠᠩᠬᠠᠷᠴᠤ᠂ ᠳᠡᠯᠡᠬᠡᠢ ᠶᠢᠨ 500 ᠬᠦᠴᠦᠷᠬᠡᠭ᠂ ᠠᠵᠢᠯ ᠲᠦᠷᠦᠯ ᠤᠨ ᠳᠠᠭᠠᠭᠤᠯᠤᠭᠴᠢ᠂ ᠰᠲ᠋ᠣᠺ ᠤᠨ ᠵᠠᠬ᠎ᠠ ᠳᠤ ᠭᠠᠷᠤᠭᠰᠠᠨ ᠺᠣᠮᠫᠠᠨᠢ᠂ ︽ᠭᠠᠭᠴᠠ ᠡᠪᠡᠷᠲᠦ ᠠᠮᠢᠲᠠᠨ︾ ᠵᠡᠷᠭᠡ ᠠᠵᠤ ᠠᠬᠤᠶᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠷ ᠲᠠᠭᠠᠨ ᠵᠢᠷᠤᠭ ᠢ ᠠᠳᠬᠤᠵᠤ᠂ ᠭᠠᠷ ᠲᠠᠭᠠᠨ ᠲᠣᠳᠤᠷᠬᠠᠢ ᠬᠠᠭᠤᠳᠠᠰᠤ ᠶᠢ ᠠᠳᠬᠤᠵᠤ᠂ ᠬᠠᠨᠳᠤᠯᠭᠠᠲᠤ ᠴᠢᠨᠠᠷ ᠲᠠᠢ ᠬᠤᠳᠠᠯᠳᠤᠭᠠᠴᠢᠨ ᠤᠷᠢᠵᠤ᠂ ᠤᠨᠢᠨ ᠳᠡᠭᠡᠷ᠎ᠡ  ᠨᠢ ᠬᠤᠳᠠᠯᠳᠤᠭᠠᠴᠢᠨ ᠤᠷᠢᠬᠤ ᠬᠡᠷᠡᠭᠲᠡᠢ᠃ ᠬᠦᠴᠦᠨ ᠵᠦᠢᠯ ᠨᠢ ᠲᠦᠷᠦᠯ ᠵᠦᠢᠯ ᠢ ᠳᠠᠭᠠᠵᠤ᠂ ᠦᠢᠯᠡᠴᠢᠯᠡᠭᠡ ᠨᠢ ᠲᠦᠷᠦᠯ ᠵᠦᠢᠯ ᠢᠶᠠᠷ ᠭᠤᠣᠯᠳᠠᠭᠤᠯᠬᠤ ᠶᠢ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠤ ᠨᠥᠬᠦᠴᠡᠯ ᠪᠦᠷᠢᠯᠳᠦᠭᠦᠯᠦᠨ ᠥᠭᠴᠦ᠂ ᠬᠤᠳᠠᠯᠳᠤᠭᠠᠴᠢᠨ ᠤᠷᠢᠬᠤ ᠲᠦᠷᠦᠯ ᠵᠦᠢᠯ ᠢ ︽ᠨᠢᠭᠡ ᠶᠢ ᠲᠣᠭᠲᠠᠭᠠᠪᠠᠯ ᠨᠢᠭᠡ ᠶᠢ ᠨᠠᠶᠢᠳᠠᠪᠤᠷᠢᠵᠢᠭᠤᠯᠵᠤ᠂ ᠨᠢᠭᠡ ᠶᠢ ᠨᠠᠶᠢᠳᠠᠪᠤᠷᠢᠵᠢᠭᠤᠯᠪᠠᠯ ᠨᠢᠭᠡ ᠶᠢ ᠪᠦᠲᠦᠭᠡᠵᠦ᠂ ᠨᠢᠭᠡ ᠶᠢ ᠪᠦᠲᠦᠭᠡᠪᠡᠯ ᠨᠢᠭᠡ  ᠪᠦᠯᠦᠭ ᠢ ᠳᠠᠶᠢᠴᠢᠯᠠᠬᠤ︾ ᠶᠢ ᠪᠠᠲᠤᠯᠠᠨ᠎ᠠ᠃      ᠣᠷᠴᠢᠨ ᠨᠦᠬᠦᠴᠡᠯ ᠢ ᠰᠢᠯᠢᠳᠡᠭᠵᠢᠬᠦᠯᠦᠨ᠎ᠡ᠃ ᠲᠡᠷᠢᠭᠦᠨ ᠵᠡᠷᠭᠡ ᠶᠢᠨ ᠪᠠᠷᠢᠮᠵᠢᠶ᠎ᠠ ᠲᠠᠢ ᠬᠠᠷᠢᠴᠠᠭᠤᠯᠵᠤ᠂ ᠲᠡᠷᠢᠭᠦᠨ ᠤ ᠬᠢ ᠠᠴᠠ ᠰᠤᠷᠤᠯᠴᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠤᠨ ᠶᠡᠷᠦᠩᠬᠡᠶᠢᠯᠡᠭᠰᠡᠨ ᠦᠨᠡᠯᠡᠯᠲᠡ ᠶᠢᠨ ᠨᠡᠷᠡᠰ ᠤᠨ ᠵᠢᠭᠰᠠᠭᠠᠯᠲᠠ ᠳᠤ ᠪᠥᠬᠦ ᠣᠷᠣᠨ ᠳᠤ ︽ ᠡᠮᠦᠨ᠎ᠡ ᠨᠢ ᠣᠷᠤᠵᠤ︾᠂ ᠪᠥᠬᠦ ᠤᠯᠤᠰ ᠲᠤ ︽ᠣᠷᠣᠨ ᠳᠡᠪᠰᠢᠬᠦ ᠪᠠᠷ ᠴᠢᠷᠮᠠᠶᠢᠬᠤ︾ ᠶᠢ ᠲᠦᠯᠬᠢᠨ ᠠᠬᠢᠭᠤᠯᠤᠨ᠎ᠠ᠃ ᠠᠵᠤ ᠠᠬᠤᠶᠢᠯᠠᠯ ᠨᠡᠭᠡᠭᠡᠨ ᠡᠷᠬᠢᠯᠡᠬᠦ ᠳᠤ ᠲᠤᠶᠢᠯ ᠤᠨ ᠲᠦᠬᠦᠮ ᠬᠢᠨᠠᠨ ᠵᠦᠪᠰᠢᠶᠡᠷᠡᠯᠲᠡ ᠶᠢ ᠶᠡᠬᠡᠪᠡᠷ ᠬᠡᠷᠡᠭᠵᠢᠭᠦᠯᠵᠦ᠂ ᠠᠵᠤ ᠠᠬᠤᠶᠢᠯᠠᠯ ᠨᠡᠭᠡᠭᠡᠨ ᠡᠷᠬᠢᠯᠡᠬᠦ ᠳᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ᠂ ᠨᠢᠭᠡ ᠴᠣᠩᠬᠤ ᠪᠠᠷ ᠨᠡᠶᠢᠳᠡᠮ ᠭᠦᠢᠴᠡᠳᠬᠡᠬᠦ᠂ ᠬᠠᠭᠠᠰ ᠡᠳᠦᠷ ᠲᠤ ᠬᠦᠢᠴᠡᠳᠬᠡᠵᠦ ᠳᠠᠭᠤᠰᠬᠠᠬᠤ᠂ ᠥᠪᠡᠷ ᠤᠨ ᠦᠷᠳᠡᠭ ᠦᠭᠡᠢ ᠪᠠᠶᠢᠬᠤ︾ ᠶᠢ ᠪᠡᠶᠡᠯᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ 4.5 ᠲᠦᠮᠡ ᠰᠢᠨ᠎ᠡ ᠪᠠᠷ ᠨᠡᠮᠡᠭᠳᠡᠭᠦᠯᠵᠦ᠂ 15% ᠪᠠᠷ ᠨᠡᠮᠡᠭᠳᠡᠭᠦᠯᠦᠨ᠎ᠡ ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠤᠯᠠᠨ ᠨᠡᠶᠢᠲᠡ ᠶᠢᠨ ᠦᠢᠯᠡᠴᠢᠯᠡᠭᠡ ᠪᠠ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠦᠷᠢᠶᠡᠨ ᠳᠤ ᠣᠷᠣᠬᠤ ᠶᠢ ᠲᠡᠮᠵᠢᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠦᠭᠵᠢᠯᠲᠡ ᠶᠢᠨ ᠳᠠᠯᠳᠠ ᠬᠦᠴᠦᠨ ᠢ ᠬᠦᠭᠵᠢᠭᠡᠨ᠎ᠡ᠃ ︽ᠠᠵᠤ ᠠᠬᠤᠶᠢᠯᠠᠯ ᠳᠤ ᠣᠷᠣᠵᠤ ᠬᠠᠪᠰᠤᠷᠤᠨ ᠲᠡᠳᠬᠦᠬᠦ︾ ᠪᠠᠶᠢᠩᠭᠤ ᠶᠢᠨ ᠠᠵᠢᠯᠯᠠᠭ᠎ᠠ ᠶᠢ ᠥᠷᠨᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠮᠠᠨ ᠤ ᠬᠤᠲᠠ ᠶᠢᠨ ᠨᠡᠶᠢᠲᠡᠯᠡᠭᠰᠡᠨ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠬᠤ ︽ ᠠᠯᠢ ᠣᠯᠠᠨ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠠᠬᠢᠨ ᠨᠢᠭᠡ ᠪᠦᠯᠦᠭ ᠠᠵᠤ ᠠᠬᠤᠶᠢᠯᠠᠯ ᠢ ᠳᠡᠮᠵᠢᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠠᠭ ᠲᠤᠨᠢ ᠲᠣᠬᠢᠷᠠᠭᠤᠯᠤᠨ ᠨᠡᠶᠢᠲᠡᠯᠡᠨ᠎ᠡ᠃ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠳᠣᠲᠤᠨᠤ ᠪᠦᠭᠡᠳ ᠴᠡᠪᠡᠷ ᠬᠠᠷᠢᠴᠠᠭ᠎ᠠ ᠶᠢ ᠪᠠᠶᠢᠭᠤᠯᠵᠤ᠂ ᠵᠠᠰᠠᠭ ᠤᠨ ᠣᠷᠳᠣᠨ ᠳᠠᠭᠤᠳᠠᠪᠠᠯ ᠵᠠᠪᠠᠯ ᠬᠠᠷᠢᠭᠤ ᠦᠭᠴᠦ᠂ ᠤᠴᠢᠷ ᠦᠭᠡᠢ ᠪᠣᠯ ᠬᠠᠷᠰᠢᠯᠠᠬᠤ ᠦᠭᠡᠢ ᠪᠠᠶᠢᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠡᠳᠬᠢᠯ ᠢ ᠲᠠᠶᠢᠪᠤᠰᠢᠷᠠᠭᠤᠯᠵᠤ᠂ ᠰᠠᠨᠠᠭ᠎ᠠ ᠠᠮᠤᠷ ᠬᠥᠭᠵᠢᠭᠦᠯᠬᠦ ᠪᠠᠷ ᠴᠢᠷᠮᠠᠶᠢᠨ᠎ᠠ᠃      ︵ᠬᠤᠶᠠᠷ︶ ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ ᠢ ᠰᠢᠨᠲᠠᠷᠠᠰᠢ ᠦᠭᠡᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ      ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠦᠭᠡᠮᠨᠡᠷᠡᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂  ᠭᠤᠣᠯᠳᠠᠯᠭ᠎ᠠ ᠲᠠᠢ ᠲᠥᠷᠥᠯ ᠵᠦᠢᠯ ᠢ 94 ᠶᠢ ᠬᠡᠷᠡᠭᠵᠢᠬᠦᠯᠦᠨ᠎ᠡ᠃ ᠢᠯᠢ ᠶᠢᠨ ᠤᠳᠤ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠰᠢᠩᠭᠡᠨ ᠰᠦ ᠶᠢᠨ ᠭᠤᠷᠪᠠᠳᠤᠭᠠᠷ ᠬᠤᠭᠤᠴᠠᠭᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠰᠦᠨ ᠲᠠᠯᠬ᠎ᠠ ᠶᠢᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠢᠰᠢᠯᠠᠭ ᠤᠨ ᠦᠢᠯᠡᠳᠪᠦᠷᠢᠯᠡᠯ ᠤᠨ ᠲᠠᠰᠤᠭ ᠢ ᠪᠠᠶᠢᠭᠤᠯᠵᠤ᠂ 18 ᠲᠦᠮᠡᠨ ᠰᠠᠭᠠᠯᠢ ᠶᠢᠨ ᠦᠨᠢᠶ᠎ᠡ ᠶᠢᠨ ᠣᠶᠤᠨᠲᠤ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠮᠧᠩ ᠨᠢᠦ ᠶᠢᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠶᠢᠰᠦᠳᠦᠭᠡᠷ ᠬᠤᠭᠤᠴᠠᠭᠠᠨ ᠤ ᠰᠦᠨ ᠲᠠᠯᠬ᠎ᠠ ᠶᠢᠨ ᠲᠥᠷᠥᠯ ᠵᠦᠢᠯ ᠢ ᠪᠥᠬᠦ ᠲᠠᠯ᠎ᠠ ᠪᠠᠷ ᠪᠠᠶᠢᠭᠤᠯᠤᠨ ᠳᠠᠭᠤᠰᠬᠠᠵᠤ᠂ ᠵᠧᠩ ᠶᠤᠸᠠᠨ ᠤ 4 ᠲᠦᠮᠡᠨ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠱᠧᠩ ᠮᠦ ᠳᠣᠣᠷ᠎ᠠ ᠳᠤᠯᠠᠭᠠᠨ ᠤ ᠡᠳᠦᠷ ᠲᠤ 500 ᠲᠣᠨ ᠴᠠᠭᠠᠨ ᠢᠳᠡᠭᠡᠨ ᠦᠢᠯᠡᠳᠪᠦᠷᠢᠯᠡᠬᠦ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ︔ ᠱᠧᠩ ᠵᠢᠶᠠᠨ ᠤ 50 ᠲᠦᠮᠡᠨ ᠰᠠᠭᠠᠯᠢ ᠶᠢᠨ ᠢᠮᠠᠭ᠎ᠠ᠂ ᠴᠢᠩ ᠱᠦᠢ ᠾᠧ ᠤᠨ 5 ᠲᠦᠮᠡᠨ ᠰᠠᠭᠠᠯᠢ ᠶᠢᠨ ᠢᠮᠠᠭ᠎ᠠ᠂ ᠵᠢᠶᠠ ᠭᠦᠸᠧ ᠯᠦᠩ ᠭᠦᠩᠹᠦ᠋ ᠼᠠᠢ ᠲᠠᠰ ᠠᠴᠠ ᠳᠠᠪᠠᠭᠰᠠᠨ ᠲᠥᠪ ᠲᠣᠭᠤᠭᠠᠨ ᠭᠡᠷ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠤᠭᠤᠯᠤᠨ᠎ᠠ︔ ᠵᠧᠩ ᠳ᠋ᠠ ᠢᠳᠡᠭᠡᠨ ᠤ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠵᠤ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ︽ᠨᠡᠷ᠎ᠡ ᠶᠢᠨ ᠬᠠᠭᠤᠳᠠᠰᠤ︾ ᠶᠢ ᠨᠠᠩ ᠭᠢᠯᠠᠶᠢᠯᠭᠠᠨ᠎ᠠ᠃      ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠦᠭᠡᠮᠨᠡᠷᠡᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠢ 49 ᠶᠢ ᠬᠡᠷᠡᠭᠵᠢᠬᠦᠯᠦᠨ᠎ᠡ᠃ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ᠂ ᠥᠪᠥᠷ ᠮᠣᠩᠭᠤᠯ ᠤᠨ ᠬᠥᠳᠡᠭᠡ ᠲᠣᠰᠬᠤᠨ ᠤ ᠢᠳᠡᠭᠡᠮᠵᠢ ᠶᠢᠨ ᠬᠤᠷᠰᠢᠶ᠎ᠠ ᠵᠡᠷᠭᠡ ᠶᠢᠨ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢᠨ ᠲᠥᠪ ᠤᠨ ᠭᠤᠣᠯ ᠴᠣᠭᠴᠠ ᠶᠢᠨ ᠠᠵᠢᠯ ᠢ ᠳᠠᠭᠤᠰᠬᠠᠵᠤ᠂ ᠳᠤᠮᠳᠠᠳᠤ ᠤᠯᠤᠰ ᠤᠨ ᠪᠠᠩᠬᠢ ᠶᠢᠨ ᠶᠡᠷᠦᠩᠬᠡᠢ ᠪᠠᠩᠬᠢ ᠶᠢᠨ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ ᠪᠠᠷᠢᠮᠲᠠ ᠶᠢᠨ ᠲᠥᠪ ᠢ ᠠᠰᠢᠭᠯᠠᠯᠲᠠ ᠳᠤ ᠣᠷᠤᠭᠤᠯᠬᠤ ᠶᠢ ᠠᠬᠢᠭᠤᠯᠤᠨ᠎ᠠ︔ ᠰᠢᠯᠵᠢᠮᠡᠯ ᠬᠤᠯᠪᠣᠭᠠᠨ ᠤ ᠬᠤᠶᠠᠳᠤᠭᠠᠷ ᠬᠤᠭᠤᠴᠠᠭ᠎ᠠ ᠪᠠ ᠴᠠᠬᠢᠯᠭᠠᠨ ᠬᠤᠯᠪᠣᠭᠠᠨ ᠤ ᠬᠤᠶᠠᠳᠤᠭᠠᠷ ᠬᠤᠭᠤᠴᠠᠭᠠᠨ ᠤ ᠲᠤᠭ᠎ᠠ ᠪᠠᠷᠢᠮᠲᠠ ᠶᠢᠨ ᠲᠥᠪ᠂ ᠰᠢᠨ ᠬᠤᠸᠠ ᠰᠠᠨ ᠤ ᠲᠥᠪ ᠲᠤᠷᠰᠢᠯᠲᠠ ᠶᠢᠨ ᠲᠠᠰᠤᠭ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠬᠤᠸᠠ ᠸᠧᠢ ᠡᠭᠦᠯᠡᠨ ᠤ ᠬᠤᠷᠢᠨᠭᠡᠷ ᠤᠨ ᠲᠤᠭ᠎ᠠ ᠪᠠᠷᠢᠮᠳᠠ ᠶᠢᠨ ᠲᠥᠪ᠂ ᠵᠠᠮ ᠬᠠᠷᠢᠯᠴᠠᠭᠠᠨ ᠤ ᠪᠠᠩᠬᠢ ᠶᠢᠨ ᠲᠤᠭ᠎ᠠ ᠪᠠᠷᠢᠮᠲᠠ ᠶᠢᠨ ᠲᠥᠪ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠲᠤᠭ᠎ᠠ ᠪᠠᠷᠢᠮᠲᠠ ᠶᠢᠨ ᠲᠥᠪ᠂ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠪᠠᠷᠠᠭᠤᠨ ᠣᠷᠣᠨ ᠤ ᠪᠤᠳᠤᠬᠤ ᠬᠦᠴᠦᠨ ᠤ ᠲᠥᠪ᠂ ᠴᠣᠣ ᠵᠢᠥᠢ ᠪᠢᠶᠠᠨ ᠦᠢᠯᠡᠴᠢᠯᠡᠭᠦᠷ᠂ ᠪᠢᠩ ᠰᠢᠩ ᠰᠢᠨᠵᠢᠯᠡᠬᠦ ᠤᠬᠠᠭᠠᠨ ᠮᠡᠷᠭᠡᠵᠢᠯ ᠤᠨ ᠥᠪᠥᠷ ᠮᠣᠩᠭᠤᠯ ᠳᠠᠬᠢ ᠰᠢᠨ᠎ᠡ ᠬᠡᠯᠪᠡᠷᠢ ᠶᠢᠨ ᠪᠤᠳᠤᠬᠤ ᠬᠦᠴᠦᠨ ᠤ ᠰᠠᠭᠤᠷᠢᠨ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ︔ ᠯᠢᠶᠠᠨ ᠰᠢᠶᠠᠩ ᠲᠤᠭ᠎ᠠ ᠪᠣᠳᠣᠯᠭ᠎ᠠ ᠶᠢᠨ ᠠᠵᠤ ᠦᠢᠯᠡᠰ ᠤᠨ ᠬᠦᠷᠢᠶᠡᠯᠡᠩ᠂ ᠠᠯᠢ ᠶᠢᠨ  ᠤᠶᠤᠨᠲᠤ ᠪᠣᠳᠣᠯᠭ᠎ᠠ ᠶᠢᠨ ᠲᠥᠪ᠂ ᠳᠤᠮᠳᠠᠳᠤ ᠤᠯᠤᠰ ᠤᠨ ᠡᠬᠢ ᠪᠠᠶᠠᠯᠢᠭ ᠤᠨ ᠳᠠᠭᠠᠭᠤᠯᠢ ᠤᠳᠤᠨ ᠤ ᠬᠡᠷᠡᠭᠯᠡᠭᠡᠨ ᠤ ᠲᠥᠪ᠂ ᠥᠪᠥᠷ ᠮᠣᠩᠭᠤᠯ ᠤᠨ ᠲᠣᠮᠣ ᠳ᠋ᠠᠶᠢᠲ᠋ᠠ ᠶᠢᠨ ᠠᠷᠠᠯᠵᠢᠶᠠᠨ ᠤ ᠲᠥᠪ ᠵᠡᠷᠭᠡ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠡᠷ᠎ᠡ ᠨᠢᠳᠡᠷ ᠲᠡᠭᠡᠨ ᠨᠡᠶᠢᠴᠡᠭᠰᠡᠨ ᠤᠯᠤᠰ ᠤᠨ ︽ᠵᠡᠭᠦᠨ ᠪᠡᠶ᠎ᠡ ᠶᠢᠨ ᠲᠤᠭ᠎ᠠ ᠶᠢ ᠪᠠᠷᠠᠭᠤᠨ ᠪᠡᠶ᠎ᠡ ᠳᠤ ᠪᠣᠲᠤᠬᠤ︾ ᠢᠨᠵᠧᠨᠧᠷᠢᠩ ᠤᠨ ᠤᠮᠠᠷᠠᠲᠤ ᠶᠢᠨ ᠪᠣᠳᠣᠯᠭ᠎ᠠ ᠶᠢᠨ ᠬᠦᠴᠦᠨ ᠤ ᠲᠥᠪ ᠢ ᠪᠠᠶᠢᠭᠤᠯᠤᠨ᠎ᠠ᠃      ᠰᠢᠨ᠎ᠡ ᠮᠠᠲ᠋ᠧᠷᠢᠶᠠᠯ ᠪᠠ ᠤᠳᠤ ᠦᠶ᠎ᠡ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠪᠦᠭᠡᠮᠨᠡᠷᠡᠯ ᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠢ 52 ᠢ ᠬᠡᠷᠡᠭᠵᠢᠬᠦᠯᠦᠨ᠎ᠡ᠃ ᠰᠢᠨ ᠬᠤᠸᠠᠨ ᠤ 10 ᠲᠦᠮᠡᠨ ᠲᠣᠨ ᠮᠥᠬᠦᠯᠢᠭᠲᠦ ᠴᠠᠬᠢᠭᠤᠷ᠂ ᠰᠢᠨ ᠬᠤᠸᠠᠨ ᠤ 1 ᠲᠦᠮᠡᠨ ᠲᠣᠨ ᠡᠯᠧᠺᠲᠷᠣᠨ ᠤ ᠲᠠᠰ ᠤᠨ ᠣᠯᠠᠨ ᠲᠠᠯᠠᠰᠲᠤ ᠴᠠᠬᠢᠭᠤᠷ᠂ ᠵᠦᠩ ᠬᠤᠸᠠᠨ ᠯᠢᠩ ᠰᠢᠶᠠᠨ ᠬᠠᠭᠠᠰ ᠳᠠᠮᠵᠢᠭᠤᠯᠤᠭᠴᠢ ᠶᠢᠨ ᠬᠤᠶᠠᠳᠤᠭᠠᠷ ᠬᠤᠭᠤᠴᠠᠭ᠎ᠠ᠂ ᠵᠦᠩ ᠵᠢᠩ ᠤᠨ ᠥᠨᠳᠥᠷ ᠴᠢᠳᠠᠪᠬᠢᠲᠤ ᠨᠡᠭᠦᠷᠡᠰᠦᠨ ᠰᠢᠷᠬᠡᠭᠯᠢᠭ ᠵᠢᠴᠢ ᠤᠰᠤᠲᠥ᠋ᠷᠥᠭᠴᠢ ᠬᠡᠢ ᠶᠢᠨ ᠯᠣᠩᠬᠤ᠂ ᠶᠤᠸᠠᠨ ᠵᠢᠩ ᠤᠨ ᠣᠶᠤᠨᠴᠢ ᠦᠢᠯᠡᠳᠬᠦ ᠠᠵᠤ ᠦᠢᠯᠡᠰ ᠤᠨ ᠬᠦᠷᠢᠶᠡᠯᠡᠩ᠂ ᠺᠠᠢ ᠸᠧ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠲᠥᠷᠥᠯ ᠵᠦᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ︔ ᠵᠧᠩ ᠲᠠᠢ ᠶᠢᠨ ᠤᠶᠤᠨᠴᠢ  ᠦᠢᠯᠡᠳᠬᠦ ᠦᠢᠯᠡᠰ᠂ ᠬᠤᠸᠠ ᠶᠣᠣ ᠶᠢᠨ ᠭᠤᠷᠪᠠᠳᠤᠭᠠᠷ ᠬᠤᠭᠤᠴᠠᠭ᠎ᠠ᠂ ᠹᠦ᠋ ᠮᠢᠩ ᠤᠨ ᠭᠡᠷᠡᠯ ᠴᠡᠨᠡᠭ ᠤᠨ ᠤᠶᠤᠨᠴᠢ ᠦᠢᠯᠡᠳᠬᠦ ᠠᠵᠤ ᠦᠢᠯᠡᠰ ᠤᠨ ᠬᠦᠷᠢᠶᠡᠯᠡᠩ᠂ ᠲᠢᠶᠠᠨ ᠬᠤᠤ ᠶᠢᠨ 60 ᠲᠦᠮᠡᠨ ᠲᠣᠨ ᠤ ᠰᠢᠯ ᠰᠢᠷᠬᠡᠭ ᠦᠢᠯᠡᠳᠬᠦ᠂ ᠭᠦᠸᠧ ᠵᠢᠶᠠ ᠶᠢᠨ ᠨᠠᠨᠤᠮᠧᠲᠷ ᠤᠨ ᠴᠠᠬᠢᠭᠤᠷ ᠨᠡᠭᠦᠷᠡᠰᠦᠲᠥ᠋ᠷᠥᠭᠴᠢ ᠶᠢᠨ ᠪᠢᠯᠢᠭ ᠲᠤᠶᠢᠯ ᠤᠨ ᠮᠠᠲ᠋ᠧᠷᠢᠶᠠᠯ᠂ ᠵᠦᠩ ᠯᠢ ᠶᠢᠨ ᠭᠤᠷᠪᠠᠳᠤᠭᠠᠷ ᠬᠤᠭᠤᠴᠠᠭ᠎ᠠ᠂ ᠱᠧᠩ ᠹᠠᠨ ᠤ ᠳᠥᠷᠪᠡᠳᠦᠭᠡᠷ ᠬᠤᠭᠤᠴᠠᠭ᠎ᠠ ᠵᠡᠷᠭᠡ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠰᠢᠨ᠎ᠡ ᠮᠠᠲ᠋ᠧᠷᠢᠶᠠᠯ ᠪᠠ ᠤᠳᠤ ᠦᠶ᠎ᠡ ᠶᠢᠨ ᠲᠣᠨᠣᠭᠯᠠᠯ ᠦᠢᠯᠡᠳᠬᠦ ᠠᠵᠤ ᠦᠢᠯᠡᠰ ᠢ ᠪᠦᠬᠦ ᠤᠯᠤᠰ ᠲᠤ ᠣᠷᠣᠨ ᠪᠠᠶᠢᠷᠢ ᠲᠠᠢ ᠪᠣᠯᠭᠠᠨ᠎ᠠ᠃      ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠦᠭᠡᠮᠨᠡᠷᠡᠯ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠢ 32 ᠢ ᠬᠡᠷᠡᠭᠵᠢᠬᠦᠯᠦᠨ᠎ᠡ᠃ ᠪᠦᠸᠧ ᠬᠤᠶ ᠴᠤᠸᠠᠩ ᠰᠢᠨ ᠤ ᠠᠮᠢᠳᠤ ᠪᠣᠳᠠᠰ ᠤᠨ ᠮᠡᠷᠭᠡᠵᠢᠯ ᠤᠨ ᠠᠵᠤ ᠦᠢᠯᠡᠰ ᠤᠨ ᠰᠠᠭᠤᠷᠢᠨ ᠭᠠᠵᠠᠷ᠂ ᠶᠢᠨ ᠾᠧ ᠠᠮᠢᠳᠤ ᠪᠣᠳᠠᠰ ᠤᠨ ᠥᠨᠳᠥᠷ ᠦᠷ᠎ᠡ ᠠᠰᠢᠭᠲᠤ ᠰᠢᠷ᠎ᠠ ᠬᠦᠬᠡᠴᠦ ᠡᠳ᠋᠂ ᠺᠧ ᠲᠦᠸᠧ ᠤᠨ ᠢᠳᠡᠭᠡᠨ ᠤ ᠠᠰᠢᠭᠲᠤ ᠪᠠᠺᠲ᠋ᠧᠷᠢ᠂ ᠳ᠋ᠠ ᠲᠠᠩ ᠡᠮ ᠤᠨ ᠦᠢᠯᠡᠰ ᠤᠨ ᠡᠷᠡᠭᠦᠯ ᠮᠡᠨᠳᠦ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠤᠨ᠎ᠠ︔ ᠱᠤᠸᠠᠩ ᠴᠢ ᠡᠮ ᠤᠨ ᠦᠢᠯᠡᠰ ᠤᠨ ᠠᠮᠢᠳᠤ ᠪᠣᠳᠠᠰ ᠤᠨ ᠣᠶᠤᠨᠴᠢ ᠦᠢᠯᠡᠳᠬᠦ ᠠᠵᠤ ᠦᠢᠯᠡᠰ ᠤᠨ ᠬᠦᠷᠢᠶᠡᠯᠡᠩ᠂ ᠶᠢᠨ ᠢᠦᠢ ᠶᠢᠨ ᠮᠠᠯ ᠳᠤ ᠬᠡᠷᠡᠭᠯᠡᠬᠦ ᠸᠠᠺᠼᠢᠨ ᠤ ᠣᠶᠤᠨᠴᠢ ᠦᠢᠯᠡᠳᠬᠦ ᠵᠢᠱᠢᠶ᠎ᠡ ᠦᠵᠡᠭᠦᠯᠬᠦ ᠦᠢᠯᠡᠳᠪᠦᠷᠢ᠂ ᠢ ᠳ᠋ᠦᠸᠧ ᠯᠢ ᠶᠢᠨ ᠠᠮᠢᠳᠤ ᠪᠣᠳᠠᠰ ᠤᠨ ᠢᠰᠬᠡᠭᠦᠷ ᠤᠨ ᠨᠠᠶᠢᠷᠠᠯᠭ᠎ᠠ᠂ ᠵᠦᠩ ᠮᠦ ᠠᠮᠢᠳᠤ ᠪᠣᠳᠠᠰ ᠤᠨ ᠲᠣᠮᠣ ᠴᠠᠭᠠᠷᠢᠭᠲᠤ ᠯᠠᠺᠲ᠋ᠤᠨ᠂ ᠫᠦ᠋ ᠽᠧ ᠠᠮᠢᠳᠤ ᠪᠣᠳᠠᠰ ᠤᠨ ᠤᠯᠤᠰ ᠤᠨ ᠠᠰᠢᠭᠲᠤ ᠪᠠᠺᠲ᠋ᠧᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠮᠣᠩᠭᠤᠯ ᠡᠮ ᠤᠨ ᠨᠠᠶᠢᠷᠠᠯᠭ᠎ᠠ ᠶᠢᠨ ᠲᠥᠪ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠢ ᠪᠥᠬᠦ ᠣᠷᠣᠨ᠂ ᠪᠥᠬᠦ ᠤᠯᠤᠰ ᠲᠤ ᠨᠡᠷ᠎ᠡ ᠠᠯᠳᠠᠷ ᠲᠠᠢ ᠪᠣᠯᠭᠠᠨ᠎ᠠ᠃      ᠣᠳᠣ ᠦᠶ᠎ᠡ ᠶᠢᠨ ᠬᠢᠮᠢ ᠶᠢᠨ ᠠᠵᠤ ᠦᠢᠯᠡᠰ ᠤᠨ ᠪᠦᠭᠡᠮᠨᠡᠷᠡᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠢ 19 ᠶᠢ ᠬᠡᠷᠡᠭᠵᠢᠬᠦᠯᠦᠨ᠎ᠡ᠃ ᠰᠢᠦᠢ ᠶᠠᠩ ᠤᠨ 300 ᠲᠦᠮᠡᠨ ᠲᠣᠨ ᠬᠡᠦᠷᠰᠢᠭᠦᠯᠬᠦ ᠵᠢᠴᠢ ᠤᠰᠤᠲᠥ᠋ᠷᠥᠭᠴᠢ ᠦᠢᠯᠡᠳᠬᠦ᠂ ᠵᠢᠦ ᠲᠠᠢ ᠶᠢᠨ 100 ᠲᠦᠮᠡᠨ ᠲᠣᠨ ᠨᠡᠭᠦᠷᠡᠰᠦ ᠪᠠᠷ ᠡᠲ᠋ᠠ ᠬᠤᠶᠠᠷᠴᠢ ᠠᠯᠺᠣᠣᠯ ᠦᠢᠯᠡᠳᠬᠦ᠂ ᠳᠤᠮᠳᠠᠳᠤ ᠤᠯᠤᠰ ᠤᠨ ᠴᠢᠯᠠᠭᠤᠨ ᠲᠣᠰᠤᠨ ᠤ ᠬᠥᠬᠡᠬᠤᠲᠠ ᠶᠢᠨ ᠴᠢᠯᠠᠭᠤᠨ ᠲᠣᠰᠤ ᠬᠢᠮᠢ ᠶᠢᠨ ᠺᠤᠮᠫᠠᠨᠢ ᠶᠢᠨ 500 ᠲᠦᠮᠡᠨ ᠲᠣᠨ ᠲᠣᠰᠣ ᠪᠣᠯᠪᠠᠰᠤᠷᠠᠭᠤᠯᠬᠤ ᠵᠡᠷᠭᠡ ᠲᠦᠷᠦᠯ ᠵᠦᠢᠯ ᠦᠢᠯᠡᠳᠪᠦᠷᠢᠯᠡᠯ ᠢᠶᠠᠨ ᠪᠡᠶᠡᠯᠡᠭᠦᠯᠵᠦ ᠦᠷ᠎ᠡ ᠠᠰᠢᠭ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ︔ ᠰᠠᠨ ᠯᠢᠶᠠᠨ ᠬᠢᠮᠢ ᠶᠢᠨ ᠠᠵᠤ ᠦᠢᠯᠡᠳᠪᠦᠷᠢ ᠶᠢᠨ ᠴᠠᠬᠢᠯᠠᠭᠤᠷ ᠴᠢᠯᠠᠭᠤᠨ ᠵᠤᠤᠬ᠎ᠠ ᠶᠢ ᠨᠡᠭᠦᠯᠭᠡᠬᠦ ᠮᠡᠷᠭᠡᠵᠢᠯ ᠤᠨ ᠥᠭᠡᠷᠡᠴᠢᠯᠡᠯᠲᠡ᠂ ᠲᠢᠶᠠᠨ ᠲᠠᠢ ᠬᠢᠮᠢ ᠶᠢᠨ ᠠᠵᠤ ᠦᠢᠯᠡᠳᠪᠦᠷᠢ ᠶᠢᠨ ᠲᠡᠰ ᠳᠡᠪᠰᠢᠭᠦᠯᠦᠨ ᠦᠭᠡᠷᠡᠴᠢᠯᠡᠬᠦ ᠵᠡᠷᠭᠡ ᠲᠦᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠤᠭᠤᠯᠤᠨ᠎ᠠ︔ ᠰᠢᠩ ᠲᠠᠢ ᠶᠢᠨ 30 ᠲᠦᠮᠡᠨ ᠲᠣᠨ BDO ᠂ ᠮᠧᠩ ᠯᠢᠶᠠᠨ ᠬᠢᠮᠢ ᠶᠢᠨ ᠠᠵᠤ ᠦᠢᠯᠡᠳᠪᠦᠷᠢ ᠶᠢᠨ 30 ᠲᠦᠮᠡᠨ ᠲᠣᠨ ᠰᠢᠩᠭᠡᠨᠵᠢᠭᠦᠯᠦᠭᠰᠡᠨ ᠬᠡᠢ ᠶᠢ ᠨᠠᠷᠢᠯᠢᠭ ᠡᠳ᠋ᠰᠢᠭᠦᠯᠬᠦ ᠵᠡᠷᠭᠡ ᠲᠥᠷᠥᠯ ᠵᠦᠢᠯ ᠢ ᠲᠦᠷᠭᠡᠳᠬᠡᠨ ᠪᠦᠲᠦᠭᠡᠨ ᠪᠠᠶᠢᠭᠤᠯᠤᠨ᠎ᠠ︔ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠥᠬᠡᠬᠤᠲᠠ ᠶᠢᠨ ᠴᠢᠯᠠᠭᠤᠨ ᠲᠣᠰᠤ ᠬᠢᠮᠢ ᠶᠢᠨ ᠠᠵᠤ ᠦᠢᠯᠡᠳᠪᠦᠷᠢ ᠶᠢᠨ ᠪᠥᠭᠡᠭᠡᠨᠡᠷᠡᠯ ᠮᠧᠲ᠋ᠠᠨᠠᠯ ᠢ ᠲᠠᠰ ᠳᠡᠪᠰᠢᠭᠦᠯᠦᠨ ᠥᠭᠡᠷᠡᠴᠢᠯᠡᠬᠦ᠂ ᠰᠢᠩ ᠲᠠᠢ ᠶᠢᠨ ᠪᠦᠲ᠋ᠢᠷᠤᠯᠠᠺᠲ᠋ᠤᠨ ᠵᠡᠷᠭᠡ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠳᠡᠭᠡᠳᠦ ᠳᠡᠰᠴᠢᠯᠡᠭᠰᠡᠨ᠂ ᠣᠯᠠᠨ ᠡᠰᠢᠵᠢᠭᠰᠡᠨ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠰᠢᠨ᠎ᠡ ᠵᠠᠮ ᠢ ᠨᠡᠭᠡᠭᠡᠨ᠎ᠡ᠃      ᠴᠡᠪᠡᠷ ᠡᠨᠧᠷᠭᠢ ᠶᠢᠨ ᠠᠵᠤ ᠦᠢᠯᠡᠰ ᠤᠨ  ᠪᠦᠭᠡᠮᠨᠡᠷᠡᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠢ 42 ᠢ ᠬᠡᠷᠡᠭᠵᠢᠬᠦᠯᠦᠨ᠎ᠡ᠃ ᠳ᠋ᠠ ᠲᠠᠩ ᠤᠨ 200 ᠲᠦᠮᠡᠨ ᠺᠢᠯᠣᠸᠠᠲ ᠤᠨ ᠰᠢᠨ᠎ᠡ ᠡᠨᠧᠷᠭᠢ ᠶᠢ ᠨᠡᠶᠢᠯᠡᠭᠦᠯᠵᠦ ᠭᠠᠳᠠᠭᠰᠢ ᠬᠦᠷᠭᠡᠬᠦ᠂ ᠴᠢᠩ ᠱᠦᠢ ᠾᠧ ᠤᠨ ᠯᠢᠶᠠᠨ ᠡᠾᠧ ᠰᠢᠨ᠎ᠡ ᠡᠨᠧᠷᠭᠢ ᠶᠢᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ᠂ ᠬᠥᠬᠡᠬᠤᠲᠠ ᠶᠢᠨ ᠢᠯᠴᠢ ᠴᠠᠬᠢᠯᠭᠠᠨ ᠤ ᠦᠢᠯᠡᠳᠪᠦᠷᠢ ᠶᠢᠨ ᠠᠮᠢᠳᠤᠯᠢᠭ ᠴᠢᠨᠠᠷᠲᠠᠢ ᠥᠭᠡᠷᠡᠴᠢᠯᠡᠯᠲᠡ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ ︔ ᠵᠢᠨᠱᠠᠨ ᠴᠠᠬᠢᠯᠭᠠᠨ ᠤ ᠦᠢᠯᠡᠳᠪᠦᠷᠢ ᠶᠢᠨ ᠭᠤᠷᠪᠠᠳᠤᠭᠠᠷ ᠬᠤᠭᠤᠴᠠᠭ᠎ᠠ᠂ ᠬᠥᠬᠡᠬᠤᠲᠠ ᠶᠢᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠬᠤᠶᠠᠳᠤᠭᠠᠷ ᠬᠤᠭᠤᠴᠠᠭ᠎ᠠ᠂ ᠵᠦᠩ ᠳ᠋ᠢᠶᠠᠨ ᠴᠦ᠋ ᠨᠧᠩ ᠲᠤᠰᠠᠭᠠᠷ ᠬᠠᠮᠲᠤᠪᠠᠷ ᠡᠳ᠋ᠯᠡᠬᠦ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ︔ ᠴᠢᠩ ᠱᠦᠢ ᠾᠧ ᠤᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢ ᠤᠯᠤᠰ ᠤᠨ ᠲᠥᠯᠦᠪᠵᠢᠭᠦᠯᠭᠡ ᠳᠤ ᠣᠷᠣᠭᠤᠯᠬᠤ ᠶᠢ ᠠᠬᠢᠭᠤᠯᠤᠨ᠎ᠠ︔ ᠭᠠᠨ ᠹᠧᠩ ᠯᠢᠲ᠋ᠢ ᠶᠢᠨ ᠦᠢᠯᠡᠰ ᠤᠨ 10GW ᠯᠢᠲ᠋ᠢ ᠶᠢᠨ ᠳ᠋ᠢᠶᠠᠨ ᡂᠢ᠂ ᠰᠠᠨ ᠢ ᠬᠦᠨᠳᠦ ᠠᠵᠤ ᠦᠢᠯᠡᠳᠪᠦᠷᠢ ᠶᠢᠨ ᠰᠢᠨ᠎ᠡ ᠡᠨᠧᠷᠭᠢ ᠶᠢᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠵᠡᠷᠭᠡ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠵᠤ᠂ ᠪᠥᠬᠦ ᠣᠷᠣᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠪᠣᠶ ᠪᠣᠯᠭᠠᠨ᠎ᠠ᠃      ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ︽ᠭᠤᠣᠯ ᠳᠠᠶᠢᠨ ᠤ ᠲᠠᠯᠠᠪᠤᠷ︾ ᠪᠣᠯᠤᠨ᠎ᠠ᠂ ᠪᠢᠳᠡ ᠭᠤᠣᠯ ᠠᠵᠢᠯ ᠢ ᠠᠳᠬᠤᠬᠤ᠂ ᠰᠠᠭᠤᠷᠢ ᠶᠢ ᠴᠢᠩᠭᠠᠳᠬᠠᠬᠤ᠂ ᠦᠷ᠎ᠡ ᠠᠰᠢᠭ ᠢ ᠳᠡᠭᠡᠭᠰᠢᠯᠡᠭᠦᠯᠬᠦ ᠪᠠᠷ ᠳᠠᠮᠵᠢᠭᠤᠯᠵᠤ᠂ ᠬᠦᠷᠢᠶᠡᠯᠡᠩ ᠲᠣᠭᠤᠷᠢᠭ ᠢ ᠦᠨᠡᠨᠬᠦ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠳᠤ ︽ᠲᠦᠷᠦᠭᠦᠯᠡᠭᠦᠯᠵᠦ᠂ ᠭᠤᠣᠯ ᠳᠦᠷᠢ ᠶᠢ ᠲᠣᠭᠯᠠᠭᠤᠯᠤᠨ᠎ᠠ︾᠃ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠰᠦ ᠶᠢᠨ ᠦᠢᠯᠡᠰ᠂ ᠰᠢᠨ᠎ᠡ ᠮᠠᠲ᠋ᠧᠷᠢᠶᠠᠯ᠂ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ᠂ ᠠᠮᠢᠳᠤ ᠪᠣᠳᠠᠰ ᠤᠨ ᠡᠮ ᠡᠮᠨᠡᠯᠭᠡ᠂ ᠮᠡᠳᠡᠭᠡ ᠵᠠᠩᠭᠢ ᠶᠢᠨ ᠮᠡᠷᠭᠡᠵᠢᠯ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 1450 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ 30% ᠪᠠᠷ ᠨᠡᠮᠡᠭᠳᠡᠭᠦᠯᠦᠨ᠎ᠡ᠃ ᠵᠢᠨᠴᠢᠶᠤᠤ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠲᠡᠷᠢᠭᠦᠨ ᠤ ᠴᠠᠬᠢᠭᠤᠷ ᠤᠨ ᠮᠠᠲ᠋ᠧᠷᠢᠶᠠᠯ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠵᠢᠴᠢ ᠣᠷᠭᠠᠨᠢᠭ ᠰᠢᠨ᠎ᠡ ᠮᠠᠲ᠋ᠧᠷᠢᠶᠠᠯ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 1100 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ 28% ᠪᠠᠷ ᠨᠡᠮᠡᠭᠳᠡᠭᠦᠯᠦᠨ᠎ᠡ᠃ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠤᠭᠤᠷᠢᠭ ᠠᠮᠢᠳᠤ ᠪᠣᠳᠠᠰ ᠤᠨ ᠡᠮ ᠡᠮᠨᠡᠯᠭᠡ᠂ ᠰᠢᠨ᠎ᠡ ᠮᠠᠲ᠋ᠧᠷᠢᠶᠠᠯ ᠪᠠ ᠲᠣᠨᠤᠭᠯᠠᠯ ᠦᠢᠯᠡᠳᠬᠦ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠢ 565 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ 23% ᠪᠠᠷ ᠨᠡᠮᠡᠭᠳᠡᠭᠦᠯᠦᠨ᠎ᠡ᠃ ᠲᠤᠭᠲᠠᠬᠤ ᠴᠢᠩ ᠱᠦᠢ ᠾᠧ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠴᠡᠪᠡᠷ ᠡᠨᠧᠷᠭᠢ᠂ ᠣᠳᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 400 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ 30% ᠪᠠᠷ ᠨᠡᠮᠡᠭᠳᠡᠭᠦᠯᠦᠨ᠎ᠡ᠃ ᠴᠡᠯᠡᠭᠡᠷ ᠲᠠᠯ᠎ᠠ  ᠶᠢᠨ ᠰᠦ ᠶᠢᠨ ᠦᠢᠯᠡᠰ ᠤᠨ ᠨᠡᠭᠡᠭᠡᠯᠳᠡ ᠶᠢᠨ ᠲᠣᠭᠤᠷᠢᠭ ᠰᠦ ᠶᠢᠨ ᠦᠢᠯᠡᠰ ᠵᠢᠴᠢ ᠳᠡᠭᠡᠳᠦ ᠲᠤᠤᠷᠠᠳᠤ ᠤᠷᠤᠰᠬᠠᠯ  ᠤᠨ ᠢᠵᠢ ᠪᠦᠷᠢᠳᠦᠭᠦᠯᠬᠦ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠦᠷᠳᠡᠭ ᠢ 363 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ 33% ᠪᠠᠷ ᠨᠡᠮᠡᠭᠳᠡᠭᠦᠯᠦᠨ᠎ᠡ᠃ ᠬᠤᠷᠢᠨᠭᠡᠷ ᠤᠨ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠰᠦ ᠶᠢᠨ ᠦᠢᠯᠡᠰ ᠪᠣᠯᠤᠨ ᠪᠣᠬᠢᠷᠲᠤᠯ ᠥᠬᠡᠶ ᠢᠳᠡᠭᠡᠨ ᠢ ᠡᠳ᠋ᠰᠢᠭᠦᠯᠬᠦ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 220 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ 38% ᠪᠠᠷ ᠨᠡᠮᠡᠭᠳᠡᠭᠦᠯᠦᠨ᠎ᠡ᠃ ᠬᠤᠷᠢᠨᠭᠡᠷ ᠰᠢᠨ᠎ᠡ ᠲᠣᠭᠤᠷᠢᠭ ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ᠂ ᠲᠤᠮᠤ ᠳ᠋ᠠᠶᠢᠲ᠋ᠠ ᠶᠢᠨ ᠲᠦᠷᠦᠯ ᠵᠦᠢᠯ ᠢ ᠪᠠᠶᠢᠷᠢᠯᠠᠭᠤᠯᠬᠤ ᠵᠡᠷᠭᠡ ᠲᠠᠯ᠎ᠠ ᠪᠠᠷ ᠬᠤᠰᠢᠭᠤᠴᠢ ᠪᠤᠯᠵᠤ᠂ ᠣᠷᠣᠵᠤ ᠰᠠᠭᠤᠭᠰᠠᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢ 115 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ 11% ᠪᠠᠷ ᠨᠡᠮᠡᠭᠳᠡᠭᠦᠯᠦᠨ᠎ᠡ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠭᠠᠶᠢᠯᠢ  ᠶᠢᠨ ᠪᠠᠲᠤᠯᠠᠭᠠᠨ ᠤ ᠡᠳ᠋ᠰᠢᠭᠦᠯᠭᠡ᠂ ᠭᠠᠶᠢᠯᠢ ᠶᠢᠨ ᠪᠠᠲᠤᠯᠠᠭᠠᠨ ᠤ ᠪᠠᠷᠠᠭ᠎ᠠ ᠭᠦᠢᠯᠭᠡᠭᠡ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠲᠤᠭ᠎ᠠ ᠶᠢ 70 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ 75% ᠪᠠᠷ ᠨᠡᠮᠡᠭᠳᠡᠭᠦᠯᠦᠨ᠎ᠡ᠃ ᠰᠠᠨᠰᠠᠷ ᠤᠨ ᠠᠶᠠᠯᠠᠯ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠰᠠᠨᠰᠠᠷ ᠤᠨ ᠠᠶᠠᠯᠠᠯ ᠤᠨ ᠲᠣᠨᠣᠭᠯᠠᠯ᠂ ᠴᠡᠷᠢᠭ ᠠᠷᠠᠳ ᠤᠨ ᠬᠡᠷᠡᠭᠯᠡᠭᠡ ᠶᠢ ᠤᠶᠠᠯᠳᠤᠭᠤᠯᠬᠤ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠦᠷᠳᠡᠭ ᠢ 65 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ 30% ᠪᠠᠷ ᠨᠡᠮᠡᠭᠳᠡᠭᠦᠯᠦᠨ᠎ᠡ᠃      ︵ᠭᠤᠷᠪᠠ︶ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠳᠡᠭᠡᠳᠦ ᠲᠡᠰ ᠤᠨ  ᠠᠭᠤᠰᠤᠯᠴᠠᠭᠰᠠᠨ ᠬᠦᠭᠵᠢᠯᠲᠡ ᠶᠢ ᠠᠬᠢᠭᠤᠯᠤᠨ᠎ᠠ      ᠬᠡᠷᠡᠭᠯᠡᠭᠡ ᠶᠢ ᠬᠦᠭᠵᠢᠭᠡᠬᠦ ᠶᠢ ᠠᠳᠬᠤᠨ᠎ᠠ᠃ ᠣᠷᠣᠨ ᠪᠦᠰᠡ ᠶᠢᠨ ᠣᠲᠣ ᠦᠶ᠎ᠡ ᠶᠢᠨ ᠬᠡᠷᠡᠭᠯᠡᠭᠡᠨ ᠤ ᠲᠥᠪ ᠢ ᠪᠠᠶᠢᠭᠤᠯᠬᠤ ᠶᠢᠨ ᠲᠣᠭᠤᠷᠢᠨ ᠳᠤ᠂ ᠵᠥᠩ ᠱᠠᠨ ᠵᠠᠮ᠂ ᠰᠢᠯᠢᠨ ᠡᠮᠦᠨ᠎ᠡ ᠵᠠᠮ᠂ ᠵᠡᠭᠦᠨ ᠠᠶᠠᠨᠴᠢᠳ ᠤᠨ ᠥᠷᠲᠡᠭᠡ᠂ ᠣᠯᠠᠨ ᠤᠯᠤᠰ ᠤᠨ ᠠᠷᠠᠯᠵᠢᠶᠠᠨ ᠤ ᠲᠣᠮᠣ ᠠᠰᠠᠷ᠂ ᠮᠣᠶᠢᠯ ᠬᠤᠲᠠ ᠵᠡᠷᠭᠡ ᠬᠤᠳᠠᠯᠳᠤᠭᠠᠨ ᠤ ᠲᠣᠭᠤᠷᠢᠭ ᠤᠨ ᠲᠠᠰ ᠳᠡᠪᠰᠢᠬᠦ ᠶᠢ ᠠᠬᠢᠭᠤᠯᠤᠨ᠎ᠠ᠃ ᠵᠢᠶᠠ ᠵᠢᠶᠠ ᠶᠤᠸᠠᠢ᠂ ᠵᠧᠨ ᠬᠤᠸᠠ ᠵᠡᠷᠭᠡ ᠲᠣᠮᠣ ᠬᠡᠯᠪᠡᠷᠢ ᠶᠢᠨ ᠬᠡᠯᠬᠢᠶᠡᠵᠢᠭᠰᠡᠨ ᠬᠡᠲᠦ ᠳᠡᠯᠭᠡᠭᠦᠷ 10 ᠶᠢ ᠰᠢᠨ᠎ᠡ ᠪᠠᠷ ᠨᠡᠮᠡᠭᠳᠡᠭᠦᠯᠵᠦ᠂ ᠯᠢ ᠺᠧ᠂ ᠢ ᠲᠤᠸᠠᠨ ᠾᠦᠸᠧ ᠵᠡᠷᠭᠡ ᠲᠦᠷᠦᠯ ᠲᠡᠮᠳᠡᠭᠲᠦ ᠲᠦᠳᠡ ᠳᠡᠯᠭᠡᠭᠦᠷ ᠢ 200 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠬᠤᠲᠠ ᠶᠢᠨ ᠳᠥᠷᠪᠡᠨ ᠲᠣᠭᠤᠷᠢᠭ ᠲᠤ ︽ᠠᠷᠠᠳ ᠲᠤ ᠲᠥᠬᠦᠮ ᠦᠵᠡᠭᠦᠯᠬᠦ‍ ᠨᠢᠭᠡ ᠮᠥᠴᠡ ᠶᠢᠨ ᠠᠮᠢᠳᠤᠷᠠᠯ ᠤᠨ ᠲᠣᠭᠤᠷᠢᠭ︾ ᠢ 10 ᠢ ᠪᠠᠶᠢᠭᠤᠯᠵᠤ᠂ ᠠᠷᠠᠳ ᠲᠤ ᠠᠰᠢᠭ ᠬᠦᠷᠲᠡᠭᠡᠬᠦ ᠢᠳᠡᠰᠢᠨ ᠨᠣᠭᠤᠭ᠎ᠠ ᠶᠢᠨ ᠳᠡᠯᠭᠡᠭᠦᠷ ᠢ 100 ᠠᠴᠠ ᠳᠡᠭᠡᠭᠰᠢ ᠪᠠᠶᠢᠷᠢᠰᠢᠭᠤᠯᠤᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠬᠡᠷᠡᠭᠯᠡᠭᠡ ᠶᠢᠨ ᠠᠭᠤᠰᠤᠯᠴᠠᠯ ᠢ ᠲᠦᠷᠭᠡᠳᠬᠡᠵᠦ᠂ ᠮᠧᠲᠷᠤ᠋ ᠶᠢᠨ ᠠᠵᠤ ᠠᠬᠤᠶ᠂ ᠰᠦᠯᠵᠢᠶᠡᠨ ᠣᠳᠣ ᠶᠢᠨ ᠠᠵᠤ ᠠᠬᠤᠶ ᠶᠢ ᠢᠳᠡᠪᠬᠢᠲᠡᠶ ᠬᠥᠭᠵᠢᠭᠦᠯᠵᠦ᠂ ᠨᠠᠩ ᠣᠯᠠᠨ ᠴᠠᠭ ᠤᠨ ᠤᠷᠤᠰᠬᠠᠯ ᠤᠨ ᠰᠥᠨᠢ ᠶᠢᠨ ᠵᠠᠬ᠎ᠠ ᠳᠡᠯᠭᠡᠭᠦᠷ᠂ ᠠᠷᠤ ᠠᠪᠳᠠᠷ᠎ᠠ ᠶᠢᠨ ᠴᠤᠭᠯᠠᠭ᠎ᠠ ᠮᠠᠶᠢᠮᠠᠶ ᠵᠡᠷᠭᠡ ᠰᠢᠨ᠎ᠡ ᠬᠡᠯᠪᠡᠷᠢ ᠶᠢᠨ ᠬᠡᠷᠡᠭᠯᠡᠭᠡᠨ ᠤ ᠲᠠᠯᠠᠪᠤᠷ ᠢ ᠨᠡᠭᠡᠭᠡᠨ ᠬᠥᠭᠵᠢᠭᠦᠯᠵᠦ᠂ ᠡᠯ᠎ᠡ ᠵᠦᠢᠯ ᠤᠨ ᠪᠣᠷᠣᠯᠠᠭᠤᠯᠭ᠎ᠠ ᠶᠢ ᠠᠬᠢᠭᠤᠯᠬᠤ ᠨᠠᠶᠢᠷ᠂ ᠰᠣᠶᠣᠯ ᠤᠨ ᠨᠠᠶᠢᠷ᠂ ᠠᠮᠲᠠᠲᠤ ᠢᠳᠡᠭᠡᠨ ᠤ ᠨᠠᠶᠢᠷ ᠤᠨ ᠠᠵᠢᠯᠯᠠᠭ᠎ᠠ ᠶᠢ ᠡᠷᠭᠢᠯᠡᠨ᠂ ᠣᠷᠣᠨ ᠤ ᠲᠥᠪ ᠤᠨ ᠬᠡᠷᠡᠭᠯᠡᠭᠡ ᠶᠢᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠵᠤ᠂ ᠬᠤᠲᠠ ᠶᠢᠨ ᠠᠮᠢᠳᠤᠷᠠᠯ ᠤᠨ ᠬᠦᠭ ᠠᠮᠢᠰᠬᠤᠯ ᠢ ᠤᠯᠠᠮ ᠠᠴᠠ ᠤᠯᠠᠮ ᠬᠥᠭᠵᠢᠭᠡᠨ ᠲᠠᠢ ᠪᠣᠯᠭᠠᠨ᠎ᠠ᠃      ᠪᠠᠷᠠᠭᠠᠨ ᠤ ᠭᠦᠢᠯᠭᠡᠭᠡ ᠶᠢᠨ ᠲᠡᠰ ᠢ ᠳᠡᠭᠡᠭᠰᠢᠯᠡᠭᠦᠯᠬᠦ ᠶᠢ ᠠᠳᠬᠤᠨ᠎ᠠ᠃ ᠬᠥᠬᠡᠬᠤᠲᠠ ᠶᠢᠨ ᠠᠷᠠᠯᠵᠢᠶ᠎ᠠ  ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ᠂ ᠤᠯᠤᠰ ᠤᠨ ᠭᠤᠣᠯᠯᠠᠭᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠬᠤᠶᠠᠷ ᠬᠡᠰᠡᠭ ︽ᠠᠯᠲᠠᠨ ᠦᠰᠦᠭᠲᠦ ᠫᠠᠶᠢᠰᠠ︾ ᠶᠢ ᠰᠠᠶᠢᠲᠤᠷ ᠬᠡᠷᠡᠭᠯᠡᠵᠦ᠂ ᠡᠬᠡ ᠬᠠᠭᠤᠷᠠᠶ ᠶᠢᠨ ᠭᠠᠷᠠᠮ ᠤᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ᠂ ᠪᠥᠬᠦ ᠤᠯᠤᠰ ᠤᠨ ᠬᠠᠩᠭᠠᠯᠭ᠎ᠠ ᠶᠢᠨ ᠬᠡᠯᠬᠢᠶᠡᠰᠦ ᠶᠢᠨ ᠰᠢᠨ᠎ᠡ ᠶᠢ ᠡᠭᠦᠳᠬᠦ ᠪᠠ ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠲᠠ ᠶᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠦᠨ᠎ᠡ᠃ ᠢ ᠱᠦᠨ᠂ ᠶᠤᠸᠠᠨ ᠲᠦᠩ᠂ ᠵᠢᠦ ᠵᠧᠤ ᠲᠦᠩ ᠵᠡᠷᠭᠡ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠪᠠᠶᠢᠭᠤᠯᠤᠨ ᠡᠵᠡᠩᠨᠡᠵᠦ᠂ ᠵᠦᠩ ᠨᠥᠩ ᠯᠢᠶᠠᠨ᠂ ᠮᠢᠩ ᠫᠢᠨ ᠹᠦ᠋᠂ ᠵᠦᠩ ᠯᠢᠶᠠᠩ ᠠᠷᠠᠯᠵᠢᠶ᠎ᠠ ᠵᠡᠷᠭᠡ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠳᠤ ᠦᠢᠯᠡᠴᠢᠯᠡᠭᠰᠡᠨ᠂ ᠪᠡᠭᠡᠵᠢᠩ ᠲᠢᠶᠠᠨᠵᠢᠨ ᠾᠧᠪᠸᠢ ᠳᠤ ᠬᠠᠨᠳᠤᠭᠤᠯᠤᠭᠰᠠᠨ᠂ ᠪᠥᠬᠦ ᠤᠯᠤᠰ ᠢ ᠨᠦᠯᠦᠭᠡᠯᠡᠭᠰᠡᠨ ᠣᠷᠣᠨ ᠪᠦᠰᠡ ᠶᠢᠨ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠤᠨ᠎ᠠ᠃      ᠰᠣᠶᠣᠯ ᠲᠠᠮᠢᠷ ᠵᠢᠭᠤᠯᠴᠢᠯᠠᠯ ᠤᠨ ᠠᠭᠤᠰᠤᠯᠴᠠᠯ ᠢ ᠠᠳᠬᠤᠨ᠎ᠠ᠃ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠤᠷᠰᠢᠯᠭ᠎ᠠ ᠪᠠᠨ ᠳ᠋ᠦᠩᠨᠡᠵᠦ᠂ ᠳᠤᠲᠠᠭᠤᠳᠠᠯ ᠢ ᠴᠢᠩᠭ᠎ᠠ ᠠᠩᠬᠠᠷᠴᠤ᠂ ᠡᠨᠡᠬᠦ ︽ᠠᠯᠲᠠᠨ ᠦᠰᠦᠭᠲᠦ ᠫᠠᠶᠢᠰᠠ︾ ᠶᠢ ᠤᠯᠬᠤ ᠪᠠᠷ ᠴᠢᠷᠮᠠᠶᠢᠨ᠎ᠠ᠃ ᠲᠡᠦᠬᠡ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠵᠤ᠂ ᠤᠷᠳᠤ ᠴᠠᠭᠠᠨ ᠬᠡᠷᠡᠮ᠂ ᠬᠠᠳᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠵᠡᠷᠭᠡ ᠲᠦᠷᠦᠯ ᠵᠦᠢᠯ ᠢ ᠬᠡᠷᠡᠭᠵᠢᠭᠦᠯᠦᠨ᠎ᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ︽ᠨᠢᠭᠡ ᠪᠦᠰᠡ ᠨᠢᠭᠡ ᠵᠠᠮ︾ ᠤᠨ ᠳᠡᠯᠡᠬᠡᠶ ᠶᠢᠨ ᠱᠤᠭᠤᠮᠠᠯ ᠤᠨ ᠴᠡᠴᠡᠷᠯᠢᠭ ᠪᠠ ᠲᠢᠶᠠᠨ ᠵᠢᠶᠤᠤ᠂ ᠸᠠᠨ ᠾᠧ᠂ ᠴᠡᠯᠡᠭᠡᠷ ᠲᠠᠯ᠎ᠠ᠂ ᠴᠢᠩ ᠱᠦᠶ ᠾᠧ ᠵᠡᠷᠭᠡ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠬᠥᠬᠡᠬᠤᠲᠠ ᠶᠢᠨ  ᠮᠠᠷᠠᠽᠤᠨ ᠤᠷᠤᠯᠳᠤᠭᠠᠨ᠂ ᠬᠥᠬᠡᠬᠤᠲᠠ ᠶᠢᠨ ᠮᠣᠷᠢᠨ ᠮᠡᠷᠭᠡᠵᠢᠯ ᠤᠨ ᠤᠷᠤᠯᠳᠤᠭᠠᠨ᠂ ᠮᠠ ᠽᠦᠩ ᠱᠠᠨ ᠠᠭᠤᠯᠠ ᠶᠢᠨ ᠮᠥᠰᠥ ᠴᠠᠰᠤᠨ ᠤ ᠤᠯᠠᠷᠢᠯ ᠵᠡᠷᠭᠡ ᠣᠨᠴᠠᠯᠢᠭᠲᠤ ᠪᠡᠶ᠎ᠡ ᠶᠢᠨ ᠲᠠᠮᠢᠷ ᠤᠨ ᠲᠥᠷᠥᠯ ᠲᠡᠮᠳᠡᠭᠲᠦ ᠶᠢ ᠪᠤᠶᠢᠵᠢᠭᠤᠯᠤᠨ᠎ᠠ᠃ ︽ᠤᠮᠠᠷᠠᠲᠤ ᠬᠡᠰᠡᠭ ᠤᠨ ᠴᠡᠯᠡᠭᠡᠷ ᠲᠠᠯ᠎ᠠ︾᠂ ︽ᠡᠮᠦᠨᠡᠲᠦ ᠬᠡᠰᠡᠭ ᠤᠨ ᠬᠠᠲᠤᠨ ᠭᠤᠣᠯ ᠤᠨ ᠪᠤᠯᠤᠩ︾ ᠬᠤᠶᠠᠷ ᠶᠡᠭᠡ ᠤᠨᠴᠠᠯᠢᠭᠳᠤ ᠵᠢᠭᠤᠯᠴᠢᠯᠠᠯ ᠤᠨ ᠪᠦᠰᠡ ᠶᠢ ᠪᠤᠶ ᠪᠣᠯᠭᠠᠵᠤ᠂ ᠬᠠᠳᠠᠭ ᠤᠨ ᠦᠨᠳᠦᠷᠯᠢᠭ ᠮᠠᠯᠵᠢᠯ ᠤᠨ ᠲᠠᠯᠠᠪᠠᠶ ᠶᠢᠨ ᠵᠢᠭᠤᠯᠴᠢᠯᠠᠯ ᠤᠨ ᠣᠷᠣᠨ ᠤ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠨᠠᠭᠤᠷ ᠤᠨ ᠰᠢᠯᠢ ᠥᠨᠳᠥᠷ ᠠᠭᠤᠯᠠ ᠶᠢᠨ ᠲᠠᠯ᠎ᠠ ᠨᠤᠲᠤᠭ ᠤᠨ ᠵᠢᠭᠤᠯᠴᠢᠯᠠᠯ᠂ ᠷᠠᠰᠢᠶᠠᠨᠲᠤ ᠰᠢᠯᠢ ᠵᠢᠦ ᠯᠦᠩ ᠸᠠᠨ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ 8 ︽ᠴᠡᠯᠡᠭᠡᠷ ᠲᠠᠯ᠎ᠠ ᠰᠣᠶᠣᠯ ᠤᠨ ᠵᠢᠭᠤᠯᠴᠢᠯᠠᠯ ᠤᠨ ᠵᠢᠵᠢᠭ ᠪᠠᠯᠭᠠᠰᠤ︾ ᠶᠢ ᠡᠬᠢᠯᠡᠨ ᠪᠥᠲᠥᠭᠡᠨ ᠪᠠᠶᠢᠭᠤᠯᠵᠤ᠂ ᠯᠣᠣ ᠨᠢᠦ ᠸᠠᠨ ᠤ ᠬᠠᠲᠤᠨ ᠭᠤᠤᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ ᠤ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠳᠥᠯᠭᠢᠨ ᠠᠬᠢᠭᠤᠯᠵᠤ᠂ ᠤᠯᠤᠰ ᠤᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ︽ᠴᠡᠯᠡᠭᠡᠷ ᠲᠠᠯ᠎ᠠ ᠶᠢᠨ ᠰᠣᠶᠣᠯ︾ ᠤᠨ ᠲᠦᠷᠦᠯ ᠲᠡᠮᠳᠡᠭᠲᠦ ᠶᠢ ᠪᠦᠲᠦᠭᠡᠬᠦ ᠪᠠ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠠᠵᠤ ᠦᠢᠯᠡᠳᠪᠦᠷᠢ ᠶᠢᠨ ᠵᠢᠭᠤᠯᠴᠢᠯᠠᠯ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠬᠤᠪᠢ  ᠶᠢᠨ ᠮᠠᠰᠢᠨ ᠢᠶᠠᠷ ᠵᠤᠭᠠᠴᠠᠬᠤ ᠵᠢᠭᠤᠯᠴᠢᠯᠠᠯ᠂ ︽ᠡᠭᠦᠯᠡᠨ ᠳᠡᠭᠡᠷᠡᠬᠢ ᠵᠢᠭᠤᠯᠴᠢᠯᠠᠯ︾ ᠵᠡᠷᠭᠡ ᠲᠦᠷᠦᠯ ᠵᠦᠢᠯ ᠢ ᠶᠡᠬᠡᠪᠡᠷ ᠨᠡᠭᠡᠭᠡᠨ ᠬᠥᠭᠵᠢᠭᠦᠯᠵᠦ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠴᠡᠭ ᠤᠳ ᠢ ᠬᠤᠯᠪᠤᠨ ᠱᠤᠭᠤᠮ ᠪᠤᠯᠭᠠᠵᠤ᠂ ᠱᠤᠭᠤᠮ ᠤᠳ ᠢ ᠬᠤᠯᠪᠤᠨ ᠪᠦᠰᠡ ᠪᠣᠯᠭᠠᠵᠤ ᠬᠥᠬᠡᠬᠤᠲᠠ ᠶᠢ ᠪᠦᠬᠦ ᠣᠷᠣᠨ ᠤ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠭᠠᠵᠠᠷ ᠪᠣᠯᠭᠠᠬᠤ ᠪᠠᠷ ᠪᠠᠷᠠᠬᠤ ᠦᠭᠡᠢ᠂ ᠨᠡᠩ ᠴᠤ ᠬᠥᠮᠦᠨ ᠪᠦᠬᠦᠨ ᠤ ᠬᠦᠰᠡᠨ ᠰᠠᠨᠠᠬᠤ ᠵᠢᠭᠤᠯᠴᠢᠯᠠᠯ ᠤᠨ ᠬᠠᠷᠠᠯᠲᠠᠲᠤ ᠭᠠᠵᠠᠷ ᠪᠣᠯᠭᠠᠨ᠎ᠠ᠃      ᠶᠡᠷᠦᠩᠬᠡᠶ ᠬᠡᠯᠲᠡᠰ ᠤᠨ ᠴᠤᠭᠯᠠᠷᠠᠯ ᠢ ᠠᠳᠬᠤᠨ᠎ᠠ᠃ ᠶᠢᠦ ᠷᠠᠨ ᠮᠠᠯ ᠠᠵᠤ ᠠᠬᠤᠶ ᠶᠢᠨ ᠶᠡᠷᠦᠩᠬᠡᠶ ᠬᠡᠯᠲᠡᠰ ᠤᠨ ᠰᠠᠭᠤᠷᠢᠨ ᠭᠠᠵᠠᠷ ᠪᠠ ᠤᠯᠤᠰ ᠤᠨ ᠤᠮᠠᠷᠠᠲᠤ ᠶᠢᠨ ᠡᠨᠧᠷᠭᠢ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠰᠢᠨ᠎ᠡ ᠡᠨᠧᠷᠭᠢ ᠶᠢᠨ ᠤᠮᠠᠷᠠᠲᠤ ᠶᠢᠨ ᠰᠤᠳᠤᠯᠭᠠᠨ ᠤ ᠲᠥᠪ ᠵᠡᠷᠭᠡ ᠣᠷᠣᠨ ᠪᠦᠰᠡ ᠶᠢᠨ ᠶᠡᠷᠦᠩᠬᠡᠶ ᠬᠡᠯᠲᠡᠰ ᠤᠨ ᠰᠠᠭᠤᠷᠢᠨ ᠭᠠᠵᠠᠷ ᠢ  ᠲᠦᠷᠭᠡᠳᠬᠡᠨ ᠪᠠᠶᠢᠭᠤᠯᠵᠤ᠂ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ᠂ ᠵᠧᠩ ᠲᠠᠢ ᠪᠦᠯᠦᠭᠯᠡᠯ᠂ ᠰᠠᠨ ᠰᠢᠶᠠ ᠪᠦᠯᠦᠭᠯᠡᠯ᠂ ᠳ᠋ᠦᠩ ᠹᠠᠩ ᠴᠠᠬᠢᠯᠭᠠᠨ ᠵᠡᠷᠭᠡ ᠣᠷᠣᠨ ᠪᠦᠰᠡ ᠶᠢᠨ ᠶᠡᠷᠦᠩᠬᠡᠶ ᠬᠡᠯᠲᠡᠰ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠶᠡᠷᠦᠩᠬᠡᠶ ᠬᠡᠯᠲᠡᠰ ᠤᠨ ᠠᠵᠤ ᠠᠬᠤᠶᠢᠯᠠᠯ ᠤᠨ ᠠᠵᠤ ᠦᠢᠯᠡᠰ ᠢ ᠲᠥᠪᠯᠡᠷᠡᠭᠦᠯᠬᠦ᠂ ᠬᠡᠷᠡᠭᠯᠡᠭᠡ ᠶᠢ ᠲᠠᠰ ᠳᠡᠪᠰᠢᠭᠦᠯᠬᠦ᠂ ᠴᠢᠳᠠᠪᠤᠷᠢᠲᠠᠨ ᠢ ᠴᠤᠭᠯᠠᠭᠤᠯᠬᠤ ᠵᠡᠷᠭᠡ ᠲᠠᠯ᠎ᠠ ᠪᠠᠷ ᠬᠢ ᠲᠣᠪᠤᠶᠢᠮ᠎ᠠ ᠳᠠᠪᠠᠭᠤᠯᠢᠭ ᠢ ᠪᠠᠳᠠᠷᠠᠭᠤᠯᠤᠨ᠂ ᠣᠷᠣᠨ ᠤ ᠲᠥᠪ ᠤᠨ ᠶᠡᠷᠦᠩᠬᠡᠶ ᠬᠡᠯᠲᠡᠰ ᠤᠨ ᠠᠵᠤ ᠠᠬᠤᠶ ᠶᠢᠨ ᠵᠥᠭᠡᠯᠡᠨ ᠪᠣᠳᠠᠲᠤ ᠬᠦᠴᠦᠨ᠂ ᠥᠷᠢᠰᠦᠯᠳᠦᠬᠦ ᠬᠦᠴᠦᠨ᠂ ᠳᠠᠶᠢᠴᠢᠯᠠᠬᠤ ᠬᠦᠴᠦᠨ ᠢ ᠳᠡᠭᠡᠭᠰᠢᠯᠡᠭᠦᠯᠦᠨ᠎ᠡ᠃      ︵ᠲᠦᠷᠪᠡ︶ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠦᠷᠭᠦᠯᠵᠢᠯᠡᠨ ᠨᠡᠮᠡᠭᠳᠡᠭᠦᠯᠦᠨ᠎ᠡ      ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠳᠡᠯᠭᠡᠬᠦ ᠬᠦᠴᠦᠨ ᠢ ᠴᠢᠩᠭᠠᠳᠬᠠᠨ᠎ᠠ᠃ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠠᠰᠢᠭᠯᠠᠯᠲᠠ ᠳᠤ ᠣᠷᠤᠬᠤ ᠶᠢ ᠠᠬᠢᠭᠤᠯᠵᠤ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠦ ᠶᠢᠨ ᠦᠢᠯᠡᠰ ᠤᠨ ᠳᠡᠭᠡᠳᠦ ᠰᠤᠷᠭᠠᠭᠤᠯᠢ ᠶᠢ ᠡᠬᠢᠯᠡᠨ ᠪᠠᠶᠢᠭᠤᠯᠵᠤ᠂ ᠤᠯᠤᠰ ᠤᠨ ᠲᠠᠰ ᠤᠨ ᠰᠦ ᠶᠢᠨ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠲᠥᠪ ᠢ ᠡᠭᠦᠳᠦᠨ ᠪᠠᠶᠢᠭᠤᠯᠵᠤ᠂ ᠤᠯᠤᠰ ᠤᠨ ᠲᠠᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠥᠪ ᠢ ᠥᠨᠳᠦᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠤᠨ᠎ᠠ᠃ ᠰᠠᠨᠰᠠᠷ ᠤᠨ ᠠᠶᠠᠯᠠᠯ ᠤᠨ ᠵᠢᠷᠭᠤᠳᠤᠭᠠᠷ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠤᠯᠤᠰ ᠤᠨ ᠲᠠᠰ ᠤᠨ ᠲᠡᠵᠢᠭᠡᠯ ᠡᠪᠡᠰᠦᠨ ᠤ ᠤᠳᠤᠮᠰᠢᠯ ᠤᠨ ᠡᠬᠢ ᠪᠠᠶᠠᠯᠢᠭ ᠢ ᠬᠠᠳᠠᠭᠠᠯᠠᠨ ᠠᠰᠢᠭᠯᠠᠬᠤ ᠰᠢᠰᠲ᠋ᠧᠮᠵᠢ ᠶᠢ ᠪᠣᠶ ᠪᠣᠯᠭᠠᠵᠤ᠂ ᠤᠯᠤᠰ ᠤᠨ ᠡᠪᠡᠰᠦ ︵ᠦᠷ᠎ᠡ︶ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠡᠭᠦᠳᠦᠨ ᠪᠠᠶᠢᠭᠤᠯᠤᠨ᠎ᠠ᠃ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠥᠯ ᠵᠦᠢᠯ ᠤᠨ ︽ᠵᠠᠷᠯᠠᠯ ᠨᠡᠶᠢᠲᠡᠯᠡᠵᠦ ᠬᠤᠰᠢᠭᠤᠷᠠᠨ ᠠᠵᠢᠯᠯᠠᠬᠤ︾ ᠲᠣᠭᠲᠠᠴᠠ ᠶᠢ ᠶᠡᠬᠡᠪᠡᠷ ᠬᠡᠷᠡᠭᠵᠢᠭᠦᠯᠵᠦ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠳᠤᠯᠤᠯᠲᠠ ᠶᠢ 40 ᠵᠦᠢᠯ ᠠᠴᠠ ᠳᠡᠭᠡᠭᠰᠢ ᠬᠡᠷᠡᠭᠵᠢᠭᠦᠯᠵᠦ᠂ ᠪᠦᠬᠦ ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ 10% ᠠᠴᠠ ᠳᠡᠭᠡᠭᠰᠢ ᠨᠡᠮᠡᠭᠳᠡᠭᠦᠯᠦᠨ᠎ᠡ᠃ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠮᠣ ᠵᠠᠬ᠎ᠠ ᠳᠡᠯᠭᠡᠭᠦᠷ ᠢ ᠰᠠᠶᠢᠲᠤᠷ ᠠᠰᠢᠭᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ 30 ᠶᠢ ᠪᠤᠶᠢᠵᠢᠭᠤᠯᠵᠤ᠂ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠲᠤᠭ᠎ᠠ ᠶᠢ 10% ᠠᠴᠠ ᠳᠡᠭᠡᠭᠰᠢ ᠨᠡᠮᠡᠭᠳᠡᠭᠦᠯᠦᠨ᠎ᠡ᠃ ᠥᠪᠥᠷ ᠮᠣᠩᠭᠤᠯ ᠤᠨ ᠬᠤᠷᠢᠨᠭᠡᠷ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ︽ᠨᠢᠰᠦᠯᠲᠡ ᠶᠢᠨ ᠭᠠᠵᠠᠷ ᠠᠴᠠ ᠴᠢᠳᠠᠪᠤᠷᠢᠲᠠᠨ ᠣᠷᠣᠭᠤᠯᠬᠤ︾ ᠵᠠᠭᠪᠤᠷ ᠢ ᠬᠠᠶᠢᠨ ᠰᠦᠪᠡᠭᠴᠢᠯᠡᠵᠦ᠂ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ 100 ᠠᠴᠠ ᠳᠡᠭᠡᠭᠰᠢ ᠣᠷᠣᠭᠤᠯᠤᠨ ᠠᠪᠴᠢᠷᠠᠵᠤ ᠬᠦᠮᠦᠵᠢᠬᠦᠯᠦᠨ᠂ ᠪᠥᠬᠦ ᠣᠷᠣᠨ ᠤ ᠴᠢᠳᠠᠪᠤᠷᠢᠲᠠᠨ ᠤ ᠲᠥᠪ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠪᠣᠶ ᠪᠣᠯᠭᠠᠨ᠎ᠠ      ᠥᠭᠡᠷᠡᠴᠢᠯᠡᠯᠲᠡ ᠪᠠᠷ ᠠᠮᠢᠵᠢᠷᠠᠯ ᠤᠨ ᠬᠦᠴᠦᠨ ᠢ ᠠᠬᠢᠭᠤᠯᠤᠨ᠎ᠠ᠃ ᠬᠤᠳᠠ ᠶᠢᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠬᠠᠷᠢᠭᠤᠴᠠᠯᠭ᠎ᠠ ᠶᠢ ᠲᠣᠭᠲᠠᠭᠠᠬᠤ᠂ ᠣᠷᠣᠨ ᠲᠤᠭ᠎ᠠ ᠶᠢ ᠲᠣᠭᠲᠠᠭᠠᠬᠤ᠂ ᠠᠵᠢᠯ ᠤᠨ ᠪᠠᠶᠢᠷᠢ ᠶᠢ ᠲᠣᠭᠲᠠᠭᠠᠬᠤ᠂ ᠠᠵᠢᠯᠳᠠᠨ ᠤ ᠣᠷᠣᠨ ᠲᠤᠭ᠎ᠠ ᠶᠢ ᠲᠣᠭᠲᠠᠭᠠᠬᠤ᠂ ᠴᠠᠯᠢᠩ ᠢ ᠲᠣᠭᠲᠠᠭᠠᠬᠤ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠣᠩᠭᠤᠴᠠ ᠵᠢᠭᠡᠯᠡᠵᠦ ᠲᠠᠯᠠᠢ ᠳᠤ ᠭᠠᠷᠬᠤ︾᠂ ︽ᠲᠠᠬᠢᠶ᠎ᠠ ᠵᠢᠭᠡᠯᠡᠵᠦ ᠥᠨᠳᠡᠭᠡ ᠲᠥᠷᠥᠭᠦᠯᠬᠦ︾ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠵᠠᠬ᠎ᠠ ᠳᠡᠯᠭᠡᠭᠦᠷᠴᠢᠯᠡᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠪᠴᠢᠯᠡᠨ ᠠᠬᠢᠭᠤᠯᠵᠤ᠂ ᠭᠤᠣᠯᠯᠠᠬᠤ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠯᠵᠢᠶ᠎ᠠ ᠶᠢᠨ ᠭᠤᠤᠯ ᠴᠣᠭᠴᠠ ᠶᠢᠨ ᠢᠲᠡᠭᠡᠮᠵᠢ ᠶᠢᠨ ᠦᠨᠡᠯᠡᠯᠲᠡ ᠶᠢᠨ ᠤᠯᠤᠰ ᠤᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠠᠮᠢᠶᠠᠷᠤᠯᠲᠠ ᠪᠠ ᠬᠦᠷᠢᠶᠡᠯᠡᠨ ᠳᠠᠭᠠᠭᠠᠴᠢᠯᠠᠯᠲᠠ ᠵᠠᠷᠯᠠᠬᠤ ᠰᠦᠯᠪᠡᠭᠡᠯᠳᠦᠵᠦ ᠳᠠᠭᠠᠭᠠᠴᠢᠯᠠᠯᠲᠠ ᠵᠠᠷᠯᠠᠬᠤ ᠡᠮᠬᠢ ᠵᠠᠮᠪᠠᠷᠠᠭ᠎ᠠ ᠦᠭᠡᠢ ᠦᠵᠡᠭᠳᠡᠯ ᠢ ᠵᠠᠰᠠᠬᠤ ᠶᠢ ᠴᠢᠩᠭᠠᠳᠬᠠᠨ᠎ᠠ᠃ ᠭᠠᠵᠠᠷ ᠰᠢᠷᠣᠶ ᠶᠢᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠰᠠᠶᠢᠲᠤᠷ ᠬᠢᠵᠦ᠂ ᠭᠠᠵᠠᠷ ᠰᠢᠷᠣᠶ ᠶᠢᠨ ᠡᠬᠢ ᠪᠠᠶᠠᠯᠢᠭ ᠢ ᠳᠠᠪᠠᠭᠤᠯᠢᠭ ᠠᠵᠤ ᠦᠢᠯᠡᠰ᠂ ᠴᠢᠬᠤᠯᠠ ᠶᠡᠭᠡ ᠲᠦᠷᠥᠯ ᠵᠦᠢᠯ  ᠲᠡᠰᠢ ᠲᠥᠪᠯᠡᠷᠡᠭᠦᠯᠬᠦ ᠶᠢ ᠲᠦᠯᠬᠢᠨ ᠠᠬᠢᠭᠤᠯᠤᠨ᠎ᠠ᠃ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠶ ᠠᠷᠠᠯᠵᠢᠶᠠᠨ ᠤ ᠵᠥᠪᠳᠡᠯᠴᠡᠬᠡᠷ ᠤᠨ ᠬᠤᠷᠠᠯ ᠢ ᠰᠠᠶᠢᠲᠤᠷ ᠡᠷᠭᠢᠯᠡᠨ᠎ᠡ᠃ ᠤᠯᠠᠨ ᠤᠯᠤᠰ ᠤᠨ ᠨᠥᠬᠦᠷᠰᠡᠭ ᠬᠤᠳᠠ ᠶᠢᠨ ᠶᠠᠪᠤᠯᠴᠠᠭ᠎ᠠ ᠶᠢ ᠨᠡᠮᠡᠭᠳᠡᠭᠦᠯᠵᠦ᠂ ᠰᠣᠶᠣᠯ ᠢᠷᠭᠡᠨᠰᠢᠯ᠂ ᠠᠵᠤ ᠠᠬᠤᠶ ᠠᠷᠠᠯᠵᠢᠶ᠎ᠠ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠵᠡᠷᠭᠡ ᠲᠠᠪᠴᠠᠩ ᠤᠨ ᠴᠢᠳᠠᠮᠵᠢ ᠶᠢ ᠲᠡᠭᠦᠯᠳᠡᠷᠵᠢᠭᠦᠯᠵᠦ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢ ᠭᠤᠶᠤᠴᠢᠯᠠᠨ ᠪᠠᠶᠢᠭᠤᠯᠬᠤ ᠠᠵᠢᠯ ᠢ ᠡᠬᠢᠯᠡᠭᠦᠯᠦᠨ᠎ᠡ᠃ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢ ᠪᠠᠶᠢᠩᠭᠤᠵᠢᠭᠤᠯᠤᠨ ᠠᠵᠢᠯᠯᠠᠭᠤᠯᠵᠤ᠂ ︽ᠠᠵᠤ ᠠᠬᠤᠶ ᠶᠢᠨ ᠵᠠᠮ︾ ᠢ ︽ᠵᠠᠮ ᠨᠡᠪᠲᠡᠷᠡᠯᠭᠡ ᠶᠢᠨ ᠠᠵᠤ ᠠᠬᠤᠶ︾ ᠳᠠᠰᠢ ᠬᠤᠪᠢᠷᠠᠭᠤᠯᠬᠤ ᠶᠢ ᠠᠬᠢᠭᠤᠯᠤᠨ᠎ᠠ᠃      ︵ᠲᠠᠪᠤ︶ ᠬᠤᠲᠠ ᠶᠢ ᠴᠢᠨᠠᠷ ᠰᠠᠶᠢᠲᠠᠢ ᠪᠥᠲᠦᠭᠡᠨ ᠪᠠᠶᠢᠭᠤᠯᠵᠤ ᠲᠥᠯᠦᠪᠵᠢᠭᠦᠯᠦᠨ ᠬᠠᠮᠢᠶᠠᠷᠤᠨ᠎ᠠ      ᠲᠥᠯᠦᠪᠵᠢᠭᠦᠯᠭᠡ ᠶᠢᠨ ᠬᠢᠵᠠᠭᠠᠷᠯᠠᠯ ᠢ ︽ᠴᠢᠭᠳᠡᠯᠠᠨ᠎ᠠ︾᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠳᠠ ᠶᠢᠨ ᠶᠡᠷᠦᠩᠬᠡᠢ ᠵᠢᠷᠤᠭ ᠲᠥᠯᠥᠪᠯᠡᠭᠡ ᠶᠢ ᠲᠣᠪᠤᠶᠢᠯᠭᠠᠨ᠂ ᠲᠥᠯᠦᠪᠵᠢᠭᠦᠯᠭᠡ ᠶᠢᠨ ᠬᠠᠲᠠᠭᠤ ᠴᠢᠩᠭ᠎ᠠ ᠬᠢᠵᠠᠭᠠᠷᠯᠠᠬᠤ ᠬᠦᠴᠦᠨ᠂ ᠬᠡᠷᠡᠭᠵᠢᠭᠦᠯᠬᠦ ᠬᠦᠴᠦᠨ ᠢ ᠴᠢᠩᠭᠠᠷᠠᠭᠤᠯᠤᠨ᠎ᠠ᠃ ︽ᠨᠢᠭᠡ ᠭᠤᠣᠯ ᠨᠢᠭᠡ ᠳᠡᠳ᠋︾᠂ ︽ᠨᠢᠭᠡ ᠭᠤᠣᠯᠯᠠᠭᠴᠢ ᠬᠤᠶᠠᠷ ᠵᠢᠭᠦᠷ︾ ᠤᠨ ᠬᠤᠳᠠ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠲᠠᠰᠤᠷᠠᠯᠳᠠ ᠦᠭᠡᠢ ᠰᠢᠯᠢᠳᠡᠭᠵᠢᠭᠦᠯᠵᠦ᠂ ︽ᠨᠢᠭᠡ ᠬᠥᠨᠳᠡᠯᠡᠨ᠂ ᠬᠤᠶᠠᠷ ᠭᠤᠯᠳᠤ᠂ ᠲᠦᠷᠪᠡᠨ ᠲᠣᠭᠤᠷᠢᠯ ᠵᠠᠮ᠂ ᠭᠤᠷᠪᠠᠨ ᠬᠦᠢᠰᠦ︾ ᠶᠢᠨ ᠬᠤᠳᠠ ᠶᠢᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠪᠠᠶᠢᠷᠢᠰᠢᠭᠤᠯᠤᠯᠲᠠ ᠶᠢ ᠲᠦᠷᠭᠡᠪᠴᠢᠯᠡᠨ ᠪᠠᠶᠢᠭᠤᠯᠵᠤ᠂ ︽ᠬᠤᠶᠠᠷ ᠬᠠᠯᠬᠠᠪᠴᠢ᠂ ᠲᠦᠷᠪᠡᠨ ᠪᠦᠰᠡ︾ ᠶᠢᠨ ᠬᠤᠳᠠ ᠶᠢᠨ ᠠᠮᠢ ᠠᠬᠤᠢ ᠶᠢᠨ ᠣᠷᠣᠨ ᠵᠠᠢ ᠶᠢᠨ  ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠤᠨ᠎ᠠ᠃      ᠰᠠᠭᠤᠷᠢ ᠪᠡᠯᠡᠳᠬᠡᠮᠵᠢ ᠶᠢ ︽ᠬᠦᠴᠦᠷᠬᠡᠭᠵᠢᠭᠦᠯᠦᠨ᠎ᠡ︾᠃ ᠰᠢᠨ᠎ᠡ ᠨᠢᠰᠬᠡᠯ ᠤᠨ ᠪᠠᠭᠤᠳᠠᠯ ᠤᠨ ᠠᠶᠠᠯᠠᠯ ᠤᠨ ᠥᠷᠲᠡᠭᠡᠨ ᠤ ᠲᠣᠭᠤᠷᠢᠭ᠂ ᠨᠢᠰᠦᠯᠲᠡ ᠶᠢᠨ ᠲᠣᠭᠤᠷᠢᠭ ᠵᠡᠷᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 80 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠯᠣᠣ ᠨᠢᠦ ᠸᠠᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠠᠶᠢᠭᠤᠯᠵᠤ  ᠳᠠᠭᠤᠰᠬᠠᠨ ᠠᠰᠢᠭᠯᠠᠯᠲᠠ ᠳᠤ ᠣᠷᠤᠭᠤᠯᠤᠨ᠎ᠠ᠃ G5901 ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠬᠠᠷᠢᠯᠴᠠᠨ ᠨᠡᠪᠲᠡᠷᠡᠬᠦᠯᠬᠦ᠂ G6 ᠲᠦᠷᠭᠡᠨ ᠤ ᠵᠠᠮ ᠬᠢᠭᠡᠳ ᠵᠡᠭᠦᠨ ᠬᠤᠶᠠᠳᠤᠭᠠᠷ ᠲᠣᠭᠤᠷᠢᠯ ᠵᠠᠮ ᠢ ᠬᠠᠷᠢᠯᠴᠠᠨ ᠨᠡᠪᠲᠡᠷᠡᠭᠦᠯᠬᠦ ᠵᠡᠷᠭᠡ ᠪᠠᠷᠢᠯ᠎ᠠ ᠶᠢ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠭᠦᠯᠬᠦ ᠶᠢ ᠠᠬᠢᠭᠤᠯᠵᠤ᠂ S43 ᠰᠢᠨ᠎ᠡ ᠨᠢᠰᠬᠡᠯ ᠤᠨ ᠪᠠᠭᠤᠳᠠᠯ ᠤᠨ ᠲᠦᠷᠭᠡᠨ ᠤ ᠵᠠᠮ᠂ S29 ᠬᠥᠬᠡᠬᠤᠲᠠ ᠠᠴᠠ ᠯᠢᠶᠠᠩ ᠴᠧᠩ ᠬᠦᠷᠬᠦ ᠲᠦᠷᠭᠡᠨ ᠤ ᠵᠠᠮ᠂ S311 ᠦᠴᠦᠸᠠᠨ ᠠᠴᠠ ᠶᠠᠩ ᠱᠤ᠋ ᠪᠠ ᠬᠦᠷᠬᠦ ᠵᠠᠰᠠᠮᠠᠯ ᠵᠠᠮ ᠤᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠨ᠎ᠠ᠃ S27 ᠬᠥᠬᠡᠬᠤᠲᠠ ᠠᠴᠠ ᠣᠷᠳᠤᠰ ᠬᠦᠷᠬᠦ ᠲᠦᠷᠭᠡᠨ ᠤ ᠵᠠᠮ᠂ G59 ᠬᠥᠬᠡᠬᠤᠲᠠ ᠶᠢᠨ ᠬᠤᠶᠢᠲᠤ ᠬᠡᠰᠡᠭ ᠤᠨ ᠲᠦᠷᠭᠡᠨ ᠤ ᠵᠠᠮ ᠬᠢᠭᠡᠳ G209 ᠤᠨ ᠬᠤᠯᠪᠣᠬᠤ ᠱᠤᠭᠤᠮ ᠤᠨ ᠪᠠᠷᠢᠯᠭ᠎ᠠ ᠶᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠬᠥᠬᠡᠬᠤᠲᠠ ᠠᠴᠠ ᠴᠢᠩ ᠱᠦᠢ ᠾᠧ ᠬᠦᠷᠬᠦ ᠲᠦᠷᠭᠡᠨ ᠤ ᠵᠠᠮ ᠤᠨ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ ᠰᠢᠨ᠎ᠡ ᠨᠢᠰᠬᠡᠯ ᠤᠨ ᠪᠠᠭᠤᠳᠠᠯ ᠤᠨ ᠬᠥᠩᠭᠡᠨ ᠲᠡᠮᠦᠷ ᠵᠠᠮ ᠤᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠦᠨ᠎ᠡ᠃ ᠭᠤᠷᠪᠠᠳᠤᠭᠠᠷ ᠲᠣᠭᠤᠷᠢᠯ ᠵᠠᠮ᠂ ᠬᠠᠶᠢᠯᠠᠷ ᠶᠡᠭᠡ ᠵᠡᠭᠡᠯᠢ ᠶᠢᠨ ᠵᠡᠭᠦᠨᠰᠢ ᠪᠠᠷᠠᠭᠤᠨᠰᠢ ᠥᠷᠭᠦᠯᠵᠢᠯᠡᠭᠰᠡᠨ ᠬᠡᠰᠡᠭ᠂ ᠪᠠᠶᠠᠨ ᠵᠠᠮ ᠤᠨ ᠡᠮᠦᠨ᠎ᠡ ᠤᠮᠠᠷ᠎ᠠ ᠬᠡᠰᠡᠭ ᠤᠨ ᠭᠠᠵᠠᠷ ᠳᠡᠭᠡᠷᠡᠬᠢ ᠪᠠ ᠭᠠᠵᠠᠷ ᠳᠣᠣᠷᠠᠬᠢ ᠰᠡᠭᠦᠯ ᠬᠤᠷᠢᠶᠠᠬᠤ ᠢᠨᠵᠧᠨᠧᠷᠢᠩ ᠢ ᠳᠠᠭᠤᠰᠬᠠᠵᠤ᠂ ᠵᠡᠭᠦᠨ ᠠᠶᠠᠨᠴᠢᠳ ᠤᠨ ᠥᠷᠲᠡᠭᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠶᠢ  ᠪᠠᠶᠢᠭᠤᠯᠵᠤ ᠳᠠᠭᠤᠰᠬᠠᠨ᠎ᠠ᠃ 50 ᠵᠤᠷᠪᠤᠰ ᠬᠤᠳᠠ ᠶᠢᠨ ᠶᠠᠪᠤᠳᠠᠯ ᠤᠨ ᠵᠠᠮ ᠢ ᠰᠢᠨ᠎ᠡ ᠪᠠᠷ ᠪᠠᠶᠢᠭᠤᠯᠬᠤ ᠪᠠ ᠦᠷᠭᠦᠯᠵᠢᠯᠡᠨ ᠪᠠᠶᠢᠭᠤᠯᠵᠤ᠂ 31 ᠵᠤᠷᠪᠤᠰ ᠬᠤᠳᠠ ᠶᠢᠨ ᠲᠣᠭᠤᠷᠢᠭ ᠤᠨ ︽ᠮᠤᠬᠤᠷ ᠵᠠᠮ︾ ᠢ ᠨᠠᠪᠲᠠᠷᠡᠭᠦᠯᠵᠦ᠂ 28 ᠵᠤᠷᠪᠤᠰ ᠭᠤᠣᠯ ᠪᠠ ᠳᠡᠳ᠋ ᠭᠤᠣᠯ ᠵᠠᠮ ᠤᠨ ᠵᠡᠭᠡᠯᠢ ᠭᠤᠳᠤᠮᠵᠢ ᠶᠢ ᠴᠡᠭᠴᠡᠯᠡᠨ ᠵᠠᠰᠠᠬᠤ ᠶᠢ ᠬᠡᠷᠡᠭᠵᠢᠭᠦᠯᠵᠦ᠂ 140 ᠵᠤᠷᠪᠤᠰ ᠵᠡᠭᠡᠯᠢ ᠭᠤᠳᠤᠮᠵᠢ ᠶᠢᠨ ᠠᠷᠤ ᠳᠠᠬᠢ ᠵᠢᠵᠢᠭ ᠭᠤᠳᠤᠮᠵᠢ ᠶᠢ ᠥᠭᠡᠷᠡᠴᠢᠯᠡᠨ ᠵᠠᠰᠠᠨ᠎ᠠ᠃ ᠶᠢᠨ ᠱᠠᠨ ︱ ᠦᠴᠦᠸᠠᠨ᠂ ᠬᠤᠩ ᠱᠧᠩ ︱ ᠦᠴᠦᠸᠠᠨ 2 ᠵᠤᠷᠪᠤᠰ ᠬᠤᠣᠰ ᠪᠤᠴᠠᠯᠲᠠ ᠶᠢᠨ ᠱᠤᠭᠤᠮ ᠤᠨ ᠴᠠᠬᠢᠯᠭᠠᠨ ᠬᠦᠴᠦᠨ ᠤ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠶᠢᠨ ᠲᠣᠭᠤᠷᠢᠭ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ 31 ᠪᠠᠷᠢᠯᠭ᠎ᠠ ᠶᠢ ᠬᠡᠷᠡᠭᠵᠢᠭᠦᠯᠦᠨ᠎ᠡ᠃ ᠤᠯᠤᠰ ᠤᠨ ᠬᠠᠶᠢᠮᠢᠶᠠᠨ ᠬᠤᠲᠠ ᠶᠢᠨ ᠵᠢᠱᠢᠶ᠎ᠡ ᠦᠵᠡᠭᠦᠯᠬᠦ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠲᠠᠬᠤ ᠴᠢᠩ ᠱᠦᠢ ᠾᠧ ᠤᠨ ᠳᠠᠬᠢᠯᠲᠠ ᠤᠰᠤᠨ ᠤ ᠤᠷᠲᠤ ᠬᠤᠭᠤᠯᠠᠢ ᠶᠢᠨ ᠱᠤᠭᠤᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠲᠤᠨ ᠭᠤᠣᠯ ᠤᠨ ᠤᠰᠤ ᠶᠢ ᠬᠥᠬᠡᠬᠤᠲᠠ ᠳᠤ ᠲᠠᠲᠠᠵᠤ ᠣᠷᠣᠭᠤᠯᠬᠤ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠶᠢ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠵᠢᠩ ᠴᠧᠩ ᠤᠨ ᠨᠢᠭᠡᠳᠦᠭᠡᠷ ᠬᠤᠭᠤᠴᠠᠭᠠᠨ ᠤ 2 ᠳ᠋ᠤᠭᠠᠷ ᠱᠤᠭᠤᠮ ᠤᠨ ᠲᠥᠷᠦᠯ ᠵᠦᠢᠯ ᠢ ᠪᠠᠶᠢᠭᠤᠯᠵᠤ  ᠳᠠᠭᠤᠰᠬᠠᠨ ᠠᠰᠢᠭᠯᠠᠯᠲᠠ ᠳᠤ ᠣᠷᠤᠭᠤᠯᠤᠨ᠎ᠠ᠃ ᠰᠢᠨ᠎ᠡ ᠨᠢᠰᠬᠡᠯ ᠤᠨ ᠪᠠᠭᠤᠳᠠᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠯᠠᠮᠠ ᠶᠢᠨ ᠠᠶᠢᠯ ᠤᠨ ᠭᠠᠵᠠᠷ ᠳᠣᠣᠷᠠᠬᠢ ᠮᠠᠶ᠋ᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠡᠬᠢᠯᠡᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ EOD ᠭᠠᠵᠠᠷ ᠳᠣᠣᠷᠠᠬᠢ ᠮᠠᠶ᠋ᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠭᠦᠩᠵᠦ ᠶᠢᠨ ᠣᠷᠳᠣᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ᠂ ᠵᠢᠨᠴᠢᠶᠣᠣ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠤᠭᠤᠯᠵᠤ᠂ ᠬᠤᠲᠠ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠬᠦᠷᠦᠯᠴᠡᠬᠦ ᠦᠭᠡᠢ ᠠᠰᠠᠭᠤᠳᠠᠯ ᠢ ᠦᠨᠳᠦᠰᠦᠨ ᠠᠴᠠ ᠨᠢ ᠲᠤᠶᠢᠯᠪᠤᠷᠢᠲᠠᠢ ᠰᠢᠢᠳᠪᠦᠷᠢᠯᠡᠨ᠎ᠡ᠃      ᠬᠤᠳᠠ ᠶᠢᠨ ᠣᠷᠴᠢᠨ ᠲᠣᠭᠤᠷᠢᠨ ᠢ ︽ᠰᠢᠯᠢᠳᠡᠭᠵᠢᠭᠦᠯᠦᠨ᠎ᠡ︾᠃ 309 ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠬᠠᠭᠤᠴᠢᠨ ᠠᠶᠢᠯ᠂ ᠪᠠᠷᠠᠭᠤᠨ ᠬᠠᠭᠤᠴᠢᠨ ᠵᠠᠮ ᠲᠣᠰᠬᠤᠨ᠂ ᠪᠦᠦ ᠴᠢᠤᠸᠠᠨ ᠲᠤᠰᠬᠤᠨ᠂ ᠬᠤᠣᠰ ᠮᠣᠳᠤ ᠠᠶᠢᠯ ᠵᠡᠷᠭᠡ 7 ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃139 ᠺᠢᠯᠣᠮᠧᠲᠷ ᠬᠠᠭᠤᠴᠢᠷᠠᠭᠰᠠᠨ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ ᠢ ᠰᠢᠨᠡᠳᠬᠡᠨ ᠥᠭᠡᠷᠡᠴᠢᠯᠡᠬᠦ ᠠᠵᠢᠯ ᠢ ᠳᠠᠭᠤᠰᠬᠠᠵᠤ᠂ 5.1 ᠲᠦᠮᠡᠨ ᠡᠷᠦᠬᠡ ᠰᠠᠭᠤᠭᠠᠯᠢ ᠠᠷᠠᠳ ᠤᠨ ᠭᠡᠷ ᠳᠣᠲᠣᠷᠠᠬᠢ ᠰᠢᠲᠠᠮᠠᠬᠠᠢ ᠬᠡᠢ ᠶᠢᠨ ᠪᠣᠰᠤᠭ᠎ᠠ ᠬᠤᠭᠤᠯᠠᠢ ᠶᠢᠨ ᠥᠭᠡᠷᠡᠴᠢᠯᠡᠯᠲᠡ ᠶᠢ ᠪᠡᠶᠡᠯᠡᠭᠦᠯᠦᠨ᠎ᠡ᠃ 34 ᠺᠢᠯᠣᠮᠧᠲᠷ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠬᠤᠯᠪᠣᠯᠳᠤᠨ ᠨᠡᠪᠲᠡᠷᠡᠯᠴᠡᠬᠦ ᠢᠨᠵᠧᠨᠧᠷᠢᠩ ᠢ ᠬᠡᠷᠡᠭᠵᠢᠭᠦᠯᠦᠨ᠎ᠡ᠃ 34 ᠤᠰᠤ ᠲᠤᠨᠤᠬᠤ ᠵᠠᠩᠭᠢᠯᠠᠭ᠎ᠠ ᠴᠡᠭ ᠢ ᠥᠭᠡᠷᠡᠴᠢᠯᠡᠨ᠎ᠡ᠃ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ︽ᠠᠮᠢ ᠠᠬᠤᠢ ᠶᠢᠨ ᠨᠣᠭᠤᠭᠠᠨ ᠪᠦᠰᠡ︾ ᠶᠢ ᠳᠡᠭᠡᠭᠰᠢᠯᠡᠭᠦᠯᠬᠦ ᠪᠠᠷᠢᠯᠭ᠎ᠠ ᠶᠢ ᠬᠡᠷᠡᠭᠵᠢᠭᠦᠯᠦᠨ᠎ᠡ᠃ ᠬᠠᠷᠮᠠᠨ ᠴᠡᠴᠡᠷᠯᠢᠭ ᠪᠠ ᠨᠡᠶᠢᠭᠡᠮ ᠲᠣᠭᠤᠷᠢᠭ ᠤᠨ  ᠵᠤᠭᠠᠴᠠᠯ ᠤᠨ ᠬᠦᠷᠢᠶᠡᠯᠡᠩ ᠢ 300 ᠶᠢ ᠰᠢᠨ᠎ᠡ ᠪᠠᠷ ᠪᠠᠶᠢᠭᠤᠯᠤᠨ ᠳᠡᠭᠡᠭᠰᠢᠯᠡᠭᠦᠯᠵᠦ᠂ 1000 ᠨᠣᠭᠤᠭᠠᠷᠠᠭᠤᠯᠤᠯᠲᠠ ᠶᠢᠨ ᠵᠠᠩᠭᠢᠯᠠᠭ᠎ᠠ ᠴᠡᠭ ᠢ ᠥᠭᠡᠷᠡᠴᠢᠯᠡᠨ ᠪᠠᠶᠢᠭᠤᠯᠵᠤ᠂ ᠬᠤᠲᠠ ᠶᠢᠨ ᠨᠣᠭᠤᠭᠠᠨ ᠵᠠᠮ ᠢ 200 ᠺᠢᠯᠣᠮᠧᠲᠷ᠂ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠭ ᠤᠨ ᠲᠡᠯᠡᠶ ᠶᠢ 7000 ᠮᠦ ᠪᠦᠲᠦᠭᠡᠨ ᠪᠠᠶᠢᠭᠤᠯᠵᠤ᠂ ᠭᠤᠷᠪᠠᠳᠤᠭᠠᠷ ᠲᠣᠭᠤᠷᠢᠯ ᠵᠠᠮ ᠳᠠᠭᠠᠤ ᠶᠢᠨ ᠴᠡᠭᠴᠡᠯᠡᠨ ᠵᠠᠰᠠᠯᠲᠠ ᠵᠢᠴᠢ ᠴᠢᠬᠤᠯᠠ ᠵᠠᠩᠭᠢᠯᠠᠭ᠎ᠠ ᠴᠡᠭ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ᠶᠡᠭᠡ ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠭᠤᠣᠯ ᠰᠡᠳᠦᠪᠲᠦ ᠴᠡᠴᠡᠷᠯᠢᠭ᠂ ᠪᠠᠭ᠎ᠠ ᠲᠦᠷᠭᠡᠨ ᠭᠤᠣᠯ ᠤᠨ ᠡᠭᠦᠳᠡ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠠᠯᠪᠠᠳᠠᠯᠭ᠎ᠠ ᠶᠢᠨ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠳᠡᠮᠵᠢᠵᠦ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 3000 ᠢᠵᠢ ᠠᠴᠠ ᠳᠡᠭᠡᠭᠰᠢ ᠪᠡᠯᠡᠳᠬᠡᠨ ᠴᠤᠭᠯᠠᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ︽ᠠᠰᠠᠷ ᠢ ᠪᠠᠶᠢᠭᠤᠯᠵᠤ ᠳᠠᠭᠤᠰᠬᠠᠨ ᠲᠤᠰᠢᠶᠠᠬᠤ ᠶᠢ ᠪᠠᠲᠤᠯᠠᠬᠤ ︾ ᠡᠭᠦᠷᠭᠡ ᠶᠢ ᠪᠡᠶᠡᠯᠡᠭᠦᠯᠵᠦ᠂ ᠰᠢᠨ᠎ᠡ ᠬᠤᠲᠠ ᠶᠢᠨ ᠠᠷᠠᠳ᠂ ᠵᠠᠯᠠᠭᠤᠴᠤᠳ ᠵᠡᠷᠭᠡ ᠶᠢᠨ ᠣᠷᠣᠨ ᠰᠠᠭᠤᠴᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃      ᠬᠤᠳᠠ ᠶᠢᠨ ᠬᠠᠮᠢᠶᠠᠷᠤᠯᠲᠠ ᠶᠢ ︽ᠰᠢᠯᠢᠳᠡᠭᠵᠢᠭᠦᠯᠦᠨ᠎ᠡ︾᠃ ᠬᠤᠲᠠ ᠶᠢᠨ ᠳᠦᠷᠰᠦ ᠪᠠᠶᠢᠳᠠᠯ᠂ ᠪᠣᠯᠪᠠᠰᠤᠨ ᠵᠠᠮ ᠬᠠᠷᠢᠯᠴᠠᠭ᠎ᠠ᠂ ᠵᠠᠷ ᠮᠡᠳᠡᠭᠡᠨ ᠤ ᠫᠠᠶᠢᠰᠠ ᠢᠯᠡᠷᠬᠡᠶᠢᠯᠡᠯ ᠵᠡᠷᠭᠡ ᠶᠢᠨ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠵᠦ᠂ ᠠᠳᠠᠯ ᠠᠬᠤᠢ ᠦᠭᠡᠢ ᠬᠤᠷᠢᠶᠠᠯᠠᠯ ᠢ ︽ᠠᠷᠢᠯᠭᠠᠬᠤ︾ ᠶᠢ ᠠᠬᠢᠭᠤᠯᠤᠨ᠎ᠠ᠃ ᠬᠤᠳᠠ ᠶᠢᠨ ᠪᠠᠷᠠᠭᠤᠨ ᠬᠡᠰᠡᠭ ᠤᠨ ᠣᠷᠣᠨ ᠪᠦᠰᠡ ᠶᠢᠨ ᠣᠷᠴᠢᠨ ᠠᠬᠤᠢ ᠶᠢ ᠶᠡᠬᠡᠪᠡᠷ ᠴᠡᠭᠴᠡᠯᠡᠨ ᠵᠠᠰᠠᠬᠤ᠂ ᠶᠠᠰᠤ ᠴᠢᠨᠠᠷ ᠢ ᠶᠡᠬᠡᠪᠡᠷ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠶᠡᠬᠡᠪᠡᠷ ᠨᠤᠷᠠᠭᠠᠵᠤ ᠶᠡᠬᠡᠪᠡᠷ ᠪᠠᠶᠢᠭᠤᠯᠬᠤ ᠠᠵᠢᠯ ᠢ ᠬᠢᠬᠦ ᠦᠭᠡᠢ᠂ ᠨᠠᠷᠢᠨ ᠵᠦᠢᠯᠡᠰ ᠢ ᠰᠢᠨᠡᠳᠬᠡᠬᠦ᠂ ᠵᠡᠭᠡᠯᠢ ᠭᠤᠳᠤᠮᠵᠢ ᠶᠢ ᠴᠡᠭᠴᠡᠯᠡᠨ ᠵᠠᠰᠠᠬᠤ᠂ ᠬᠠᠮᠢᠶᠠᠷᠤᠯᠲᠠ ᠶᠢ ᠵᠢᠷᠤᠮᠵᠢᠭᠤᠯᠬᠤ ᠵᠡᠷᠭᠡ ᠠᠵᠢᠯᠯᠠᠭ᠎ᠠ ᠶᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃ ᠬᠤᠲᠠ ᠶᠢᠨ ᠶᠡᠭᠡ ᠲᠠᠷᠢᠬᠢ ᠶᠢ ᠲᠠᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠣᠶᠤᠨᠲᠤ ᠬᠤᠲᠠ ᠶᠢᠨ ᠬᠠᠮᠢᠶᠠᠷᠤᠯᠲᠠ᠂ ᠣᠶᠤᠨᠲᠤ ᠵᠠᠮ ᠬᠠᠷᠢᠯᠴᠠᠭᠠᠨ ᠤ ᠬᠠᠮᠢᠶᠠᠷᠤᠯᠲᠠ᠂ ᠣᠶᠤᠨᠲᠤ ᠰᠢᠲᠠᠮᠠᠬᠠᠢ ᠬᠡᠢ᠂ ᠣᠶᠤᠨᠲᠤ ᠢᠯᠴᠢ ᠬᠠᠩᠭᠠᠬᠤ᠂ ᠣᠶᠤᠨᠲᠤ ᠭᠤᠣᠯ ᠨᠠᠭᠤᠷ ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠣᠯᠠᠨ ᠡᠰᠢᠵᠢᠭᠰᠡᠨ᠂ ᠣᠯᠠᠨ ᠲᠠᠯᠠᠪᠤᠷᠳᠤ ᠬᠤᠲᠠ ᠶᠢᠨ ᠠᠵᠢᠯᠯᠠᠭᠠᠨ ᠤ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃      ︵ᠵᠢᠷᠭᠤᠭ᠎ᠠ︶ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ      ᠲᠠᠷᠢᠶᠠᠯᠠᠩ ᠤᠨ ᠰᠠᠭᠤᠷᠢ ᠶᠢ ᠨᠡᠩ ᠪᠠᠲᠤᠳᠬᠠᠬᠤ ᠶᠢ ᠲᠦᠯᠬᠢᠨ ᠠᠬᠢᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 12 ᠲᠦᠮᠡᠨ ᠮᠦ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠴᠢᠨᠠᠷ ᠰᠠᠶᠢᠲᠠᠢ ᠴᠠᠷᠭᠠᠰᠤ ᠶᠢ 6 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠂ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢ 10 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠴᠢᠨᠠᠷ ᠰᠠᠶᠢᠲᠠᠢ ᠴᠠᠷᠭᠠᠰᠤ ᠶᠢᠨ ᠥᠪᠡᠷ ᠢ ᠪᠠᠨ ᠬᠠᠩᠭᠠᠬᠤ ᠨᠣᠷᠮ᠎ᠠ ᠶᠢ 45% ᠠᠴᠠ ᠳᠡᠭᠡᠭᠰᠢ ᠳᠤ ᠬᠦᠷᠭᠡᠨ᠎ᠡ᠃ ᠪᠡᠯᠡᠳᠭᠡᠮᠵᠢᠳᠤ ᠢᠳᠡᠰᠢᠨ ᠨᠣᠭᠤᠭ᠎ᠠ ᠶᠢ 1000 ᠮᠤ᠋ ᠰᠢᠨ᠎ᠡ ᠪᠠᠷ ᠨᠡᠮᠡᠭᠳᠡᠭᠦᠯᠵᠦ᠂ ᠵᠠᠳᠠᠭᠠᠢ ᠭᠠᠵᠠᠷ ᠤᠨ ᠢᠳᠡᠰᠢᠨ ᠨᠣᠭᠤᠭ᠎ᠠ ᠶᠢ 5000 ᠮᠤ᠋ ᠰᠢᠨ᠎ᠡ ᠪᠠᠷ ᠨᠡᠮᠡᠭᠳᠡᠭᠦᠯᠵᠦ᠂ ᠢᠳᠡᠰᠢᠨ ᠨᠣᠭᠤᠭ᠎ᠠ ᠶᠢᠨ ᠭᠠᠷᠤᠯᠲᠠ ᠶᠢᠨ ᠣᠷᠣᠨ ᠤ ᠰᠢᠨ᠎ᠡ ᠰᠣᠷᠭᠤᠭ ᠪᠠᠶᠢᠯᠭᠠᠬᠤ ᠰᠡᠷᠢᠭᠦᠨ ᠢᠶᠠᠷ ᠬᠠᠳᠠᠭᠠᠯᠠᠬᠤ 12 ᠬᠥᠮᠥᠷᠭᠡ ᠶᠢ ᠰᠢᠨ᠎ᠡ ᠪᠠᠷ ᠪᠠᠶᠢᠭᠤᠯᠤᠨ᠎ᠠ᠃ ᠬᠤᠩ ᠹᠦ᠋ ᠳᠡᠭᠡᠳᠦ ᠵᠡᠷᠭᠡ ᠶᠢᠨ ᠪᠡᠯᠡᠳᠬᠡᠮᠵᠢᠲᠦ ᠲᠠᠷᠢᠶᠠᠯᠠᠩ ᠤᠨ ᠬᠦᠷᠢᠶᠡᠯᠡᠩ ᠵᠡᠷᠭᠡ ᠲᠦᠷᠦᠯ ᠵᠦᠢᠯ ᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ︽ᠰᠦ ᠶᠢᠨ ᠦᠢᠯᠡᠰ ᠤᠨ ᠶᠢᠰᠦᠨ ᠵᠤᠷᠪᠤᠰ︾ ᠲᠥᠷᠥ ᠶᠢᠨ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠶ ᠶᠢ 10 ᠶᠢ ᠰᠢᠨ᠎ᠡ ᠪᠠᠷ ᠪᠠᠶᠢᠭᠤᠯᠬᠤ ᠪᠤᠶᠤ ᠦᠷᠭᠦᠯᠵᠢᠯᠡᠨ ᠪᠠᠶᠢᠭᠤᠯᠵᠤ᠂ ᠰᠠᠭᠠᠯᠢ ᠶᠢᠨ ᠦᠨᠢᠶ᠎ᠡ ᠶᠢ 6 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃      ᠬᠥᠳᠡᠭᠡ ᠲᠣᠰᠬᠤᠨ ᠤ ᠬᠥᠭᠵᠢᠯᠲᠡ ᠶᠢ ᠨᠡᠩ ᠠᠮᠢᠵᠢᠷᠠᠯ ᠤᠨ ᠬᠦᠴᠦᠨ ᠲᠠᠢ ᠪᠣᠯᠭᠠᠨ᠎ᠠ᠃ ᠣᠲᠣ ᠦᠶ᠎ᠡ ᠶᠢᠨ ᠬᠤᠲᠠ ᠶᠢᠨ ᠬᠡᠯᠪᠡᠷᠢ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠰᠡᠯᠡᠭᠦᠴᠡᠨ ᠲᠣᠭᠤᠷᠢᠬᠤ᠂ ᠥᠪᠡᠷᠲᠡᠭᠡᠨ ᠵᠢᠮᠢᠰ ᠲᠡᠬᠦᠬᠦ᠂ ᠴᠡᠴᠡᠭ ᠰᠣᠨᠢᠷᠬᠠᠵᠤ ᠵᠢᠮᠢᠰ ᠠᠮᠲᠠᠯᠠᠬᠤ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠤᠨ᠂ ᠨᠢᠭᠡᠳᠦᠭᠡᠷ ᠠᠵᠤ ᠦᠢᠯᠡᠰ ᠬᠢᠭᠡᠳ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ 120 ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠣᠷᠣᠭᠤᠯᠤᠨ ᠤᠰᠤ ᠶᠢ ᠠᠪᠴᠢᠷᠠᠵᠤ ᠪᠣᠶᠢᠵᠢᠭᠤᠯᠤᠨ᠂ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠲᠣᠰ ᠲᠣᠰ 1 ᠶᠢ ᠡᠭᠦᠳᠦᠨ ᠪᠠᠶᠢᠭᠤᠯᠤᠨ᠎ᠠ᠃ ᠤᠰᠤ ᠠᠷᠪᠢᠯᠠᠵᠤ ᠤᠰᠤ ᠡᠵᠡᠮᠳᠡᠬᠦ ᠠᠵᠢᠯᠯᠠᠭ᠎ᠠ ᠶᠢ ᠥᠷᠨᠢᠭᠦᠯᠵᠦ᠂ ᠲᠠᠷᠢᠶᠠᠯᠠᠩ ᠤᠨ ᠤᠰᠤᠨ ᠤ ᠦᠨ᠎ᠡ ᠶᠢᠨ ︽ᠴᠠᠬᠢᠯᠭᠠᠨ ᠢᠶᠠᠷ  ᠤᠰᠤ ᠶᠢ ᠨᠤᠭᠤᠯᠤᠨ ᠪᠣᠳᠤᠬᠤ︾ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠲᠥᠯᠥᠪᠦᠷᠢ ᠲᠠᠢ ᠪᠠᠷ ᠤᠰᠤ ᠬᠡᠷᠡᠭᠯᠡᠬᠦ᠂ ᠤᠰᠤ ᠶᠢ ᠠᠷᠪᠢᠯᠠᠨ ᠬᠡᠷᠡᠭᠯᠡᠬᠦ ᠤᠬᠠᠮᠰᠠᠷ ᠢ ᠨᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠦᠨᠳᠦᠷ ᠬᠡᠪ ᠪᠣᠯᠪᠠᠰᠤᠷᠠᠯ ᠲᠠᠢ ᠲᠠᠷᠢᠶᠠᠴᠢᠨ ᠢ 1500 ᠠᠴᠠ ᠳᠡᠭᠡᠭᠰᠢ ᠬᠥᠮᠥᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠲᠠᠯᠠᠪᠠᠢ ᠶᠢᠨ ᠵᠠᠯᠠᠭᠤ ᠡᠵᠡᠨ ᠪᠠ ᠪᠠᠶᠠᠵᠢᠯ ᠤᠨ ᠳᠠᠭᠠᠭᠤᠯᠤᠭᠴᠢ ᠶᠢ 300 ᠠᠴᠠ ᠳᠡᠭᠡᠭᠰᠢ ᠬᠥᠮᠥᠵᠢᠭᠦᠯᠵᠦ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠴᠢᠳᠠᠪᠤᠷᠢᠲᠠᠨ ᠢ 550 ᠠᠴᠠ ᠳᠡᠭᠡᠭᠰᠢ ᠬᠥᠮᠥᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠴᠢ ᠶᠢ 150 ᠬᠥᠮᠥᠨ ᠠᠴᠠ ᠳᠡᠭᠡᠭᠰᠢ ᠰᠣᠩᠭᠤᠨ ᠤᠷᠢᠨ᠎ᠠ᠃      ᠬᠥᠳᠡᠭᠡ ᠲᠣᠰᠬᠤᠨ ᠤ ᠣᠷᠴᠢᠨ ᠲᠣᠭᠤᠷᠢᠨ ᠤ ᠣᠷᠣᠰᠢᠨ ᠰᠠᠭᠤᠬᠤ ᠳᠤ ᠨᠡᠩ ᠲᠣᠬᠢᠷᠠᠮᠵᠢᠲᠠᠢ ᠪᠠᠶᠢᠬᠤ ᠶᠢ ᠲᠦᠯᠬᠢᠨ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ ︽ᠳᠤᠯᠤᠭ᠎ᠠ ᠶᠢ ᠢᠵᠢ ᠪᠦᠷᠢᠳᠦᠭᠦᠯᠬᠦ︾ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ 1.3 ᠲᠦᠮᠡᠨ ᠡᠷᠦᠬᠡ ᠪᠡᠶᠡᠯᠡᠭᠦᠯᠦᠨ᠎ᠡ᠃ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ ᠲᠣᠰ ᠲᠣᠰ 1 ᠶᠢ ᠡᠭᠦᠳᠦᠨ ᠪᠠᠶᠢᠭᠤᠯᠤᠨ᠎ᠠ᠃ ᠤᠯᠤᠰ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠦᠯᠢᠭᠡᠷ ᠵᠢᠱᠢᠶ᠎ᠡ ᠰᠢᠶᠠᠩ ᠪᠠᠯᠭᠠᠰᠤ 2᠂ ᠲᠣᠰᠬᠤᠨ 23᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠦᠯᠢᠭᠡᠷ ᠵᠢᠱᠢᠶ᠎ᠡ ᠰᠢᠶᠠᠨ 2᠂ ᠬᠤᠲᠠ ᠶᠢᠨ ᠲᠠᠰ ᠤᠨ ᠵᠢᠱᠢᠶ᠎ᠡ ᠦᠵᠡᠭᠦᠯᠬᠦ ᠦᠯᠢᠭᠡᠷ ᠵᠢᠱᠢᠶ᠎ᠡ ᠲᠣᠰᠬᠤᠨ 60 ᠶᠢ ᠴᠤᠭᠴᠠᠯᠠᠵᠤ᠂ ᠴᠡᠭ ᠢᠶᠠᠷ ᠨᠡᠶᠢᠳᠡᠮ ᠢ ᠳᠠᠶᠢᠴᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃      ︵ᠲᠤᠯᠤᠭ᠎ᠠ︶ ᠣᠷᠴᠢᠨ ᠲᠣᠭᠤᠷᠢᠨ ᠤ ᠪᠣᠬᠢᠷᠳᠤᠯ ᠢ ᠵᠠᠰᠠᠬᠤ ᠠᠵᠢᠯ ᠢ ᠭᠦᠨᠵᠡᠭᠡᠢ ᠠᠬᠢᠭᠤᠯᠤᠨ᠎ᠠ      ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠴᠡᠭᠴᠡᠯᠡᠨ ᠵᠠᠰᠠᠬᠤ ᠣᠨ ᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠦᠨ᠎ᠡ᠃ ᠤᠯᠤᠰ ᠤᠨ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠵᠢᠨᠱᠠᠨ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠪᠡᠯᠡ ᠣᠷᠣᠭᠤᠯᠤᠯᠲᠠ᠂ ᠳ᠋ᠠ ᠲᠠᠩ ᠤᠨ ᠲᠤᠭᠲᠠᠬᠤ ᠰᠢᠶᠠᠨ ᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠢᠯᠴᠢ ᠶᠢ ᠬᠥᠬᠡᠬᠤᠲᠠ ᠳᠤ ᠣᠷᠣᠭᠤᠯᠬᠤ ᠪᠠᠷᠢᠯᠭ᠎ᠠ ᠶᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠤᠷᠤᠭᠤᠯᠵᠤ᠂ ᠵᠢᠰᠢᠶ᠎ᠠ ᠠᠶᠢᠯ ᠤᠨ ᠢᠯᠴᠢ ᠴᠠᠬᠢᠯᠭᠠᠨ ᠤ ᠦᠢᠯᠡᠳᠪᠦᠷᠢ ᠶᠢᠨ ᠢᠯᠴᠢ ᠶᠢ ᠬᠥᠬᠡᠬᠤᠲᠠ ᠳᠤ ᠣᠷᠣᠭᠤᠯᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠪᠣᠬᠢᠷᠳᠤᠯ ᠶᠡᠬᠡᠲᠡᠢ ᠲᠦᠯᠡᠰᠢ ᠰᠢᠲᠠᠭᠠᠬᠤ ᠶᠢ ᠴᠠᠭᠠᠵᠠᠯᠠᠬᠤ ᠣᠷᠣᠨ ᠠᠴᠠ ᠭᠠᠳᠠᠨᠠᠬᠢ 5.46 ᠲᠦᠮᠡᠨ ᠡᠷᠦᠬᠡ ᠳᠤ ᠲᠦᠯᠡᠰᠢᠨ ᠨᠡᠭᠦᠷᠡᠰᠦ ᠶᠢ  ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠠᠭᠠᠷ ᠤᠨ ᠪᠣᠬᠢᠷᠳᠤᠯ ᠦᠭᠡᠢ ᠴᠡᠯᠮᠡᠭ ᠡᠳᠦᠷ ᠤᠨ ᠲᠤᠭ᠎ᠠ ᠶᠢᠨ ᠬᠠᠷᠠᠯᠲᠠ ᠡᠭᠦᠷᠭᠡ ᠶᠢ ᠪᠡᠶᠡᠯᠡᠭᠦᠯᠦᠨ᠎ᠡ᠃      ᠬᠥᠬᠡᠮᠳᠦᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ ᠬᠠᠲᠤᠨ ᠭᠤᠣᠯ ᠤᠨ ᠰᠠᠪᠠ ᠭᠠᠵᠠᠷ ᠤᠨ ᠡᠯᠡᠰᠦᠷᠬᠡᠭᠵᠢᠭᠰᠡᠨ ᠭᠠᠵᠠᠷ ᠢ ᠦᠷᠭᠦᠯᠵᠢᠯᠡᠨ ᠵᠠᠰᠠᠬᠤ ᠶᠢ ᠲᠦᠯᠬᠢᠨ ᠠᠬᠢᠭᠤᠯᠤᠨ᠎ᠠ᠃ ᠬᠠᠲᠤᠨ ᠭᠤᠣᠯ ᠤᠨ ᠲᠣᠭᠲᠠᠬᠤ ᠰᠢᠶᠠᠨ ᠤ ᠬᠡᠰᠡᠭ ᠤᠨ 37.5 ᠺᠢᠯᠣᠮᠧᠲᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠴᠢᠨᠠᠷ ᠰᠠᠶᠢᠲᠠᠢ ᠬᠥᠭᠵᠢᠯᠲᠡ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ 9 ᠵᠤᠷᠪᠤᠰ ᠠᠭᠤᠯᠠ ᠶᠢᠨ ᠦᠶᠡᠷ ᠤᠨ ᠭᠤᠤ ᠶᠢ ᠵᠠᠰᠠᠬᠤ ᠪᠠᠷᠢᠯᠭ᠎ᠠ ᠶᠢ ᠡᠬᠢᠯᠡᠭᠦᠯᠵᠦ ᠂ ᠬᠠᠷ᠎ᠠ ᠤᠰᠤ ᠨᠠᠭᠤᠷ᠂ ᠶᠡᠭᠡ ᠲᠦᠷᠭᠡᠨ ᠭᠤᠣᠯ᠂ ᠡᠮᠦᠨ᠎ᠡ ᠨᠠᠭᠤᠷ ᠤᠨ ᠨᠤᠭᠤ ᠭᠠᠵᠠᠷ᠂ ᠪᠠᠪᠠᠢ ᠨᠠᠭᠤᠷ ᠵᠡᠷᠭᠡ ᠠᠮᠢ ᠠᠬᠤᠢ ᠶᠢ ᠰᠡᠷᠭᠦᠭᠡᠨ ᠵᠠᠰᠠᠬᠤ ᠪᠠᠷᠢᠯᠭ᠎ᠠ ᠶᠢ  ᠲᠦᠯᠬᠢᠨ ᠠᠬᠢᠭᠤᠯᠤᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠳᠤᠷ᠎ᠠ ᠪᠠᠷ ᠢᠶᠠᠨ ᠢ ᠠᠷᠢᠯᠭᠠᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠬᠠᠳᠤᠨ ᠭᠤᠣᠯ ᠳᠤ ᠣᠷᠣᠬᠤ ᠣᠭᠲᠣᠯᠣᠭᠠᠰᠤ ᠶᠢᠨ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠬᠦ ᠶᠢ ᠦᠨᠡᠨᠬᠦ ᠪᠠᠲᠤᠯᠠᠨ᠎ᠠ᠃      ᠴᠡᠪᠡᠷ ᠬᠦᠷᠦᠰᠦ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ ᠤᠮᠠᠷᠠᠲᠤ ᠬᠡᠰᠡᠭ ᠤᠨ ᠣᠶ ᠰᠢᠭᠤᠢ ᠶᠢᠨ ᠲᠦᠭᠰᠢᠭᠦᠷᠢ ᠶᠡᠬᠡᠲᠡᠢ ᠣᠷᠣᠨ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ 40 ᠲᠦᠮᠡᠨ ᠮᠦ ᠣᠶ ᠰᠢᠭᠤᠢ  ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ  ᠪᠡᠶᠡᠯᠡᠭᠦᠯᠦᠨ᠎ᠡ᠃ ᠬᠥᠳᠡᠭᠡ ᠲᠣᠰᠬᠤᠨ ᠤ ᠤᠯᠠᠨ ᠡᠬᠢᠲᠦ ᠪᠣᠬᠢᠷᠳᠤᠯ ᠢ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠬᠥᠳᠡᠭᠡ ᠲᠣᠰᠬᠤᠨ ᠤ ᠡᠰᠢ ᠰᠦᠷᠡᠯ ᠢ ᠡᠭᠡᠭᠦᠯᠦᠨ ᠬᠤᠷᠢᠶᠠᠵᠤ ᠠᠰᠢᠭᠯᠠᠬᠤ ᠨᠤᠷᠮ᠎ᠠ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠤᠷᠮ᠎ᠠ ᠶᠢ ᠴᠥᠮ 90% ᠠᠴᠠ ᠳᠡᠭᠡᠭᠰᠢ ᠳᠤ ᠬᠦᠷᠭᠡᠨ᠎ᠡ᠃      ︵ᠨᠠᠢᠮᠠ︶ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠰᠠᠶᠢᠲᠤᠷ ᠬᠢᠨ᠎ᠡᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠶᠢ ︽ᠤᠯᠠᠨ ᠠᠷᠭ᠎ᠠ ᠵᠠᠮ︾ ᠢᠶᠠᠷ ᠠᠬᠢᠭᠤᠯᠤᠨ᠎ᠠ᠃ ᠤᠯᠤᠰ ᠤᠨ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠲᠦᠷᠦᠯ ᠵᠦᠢᠯ ᠢ ᠬᠡᠷᠡᠭᠵᠢᠭᠦᠯᠵᠦ᠂  ᠰᠢᠨ᠎ᠡ ᠪᠠᠷ ᠬᠤᠳᠠ ᠪᠠᠯᠭᠠᠰᠤᠨ ᠤ 6 ᠲᠦᠮᠡ ᠠᠴᠠ ᠳᠡᠭᠡᠭᠰᠢ ᠬᠥᠮᠦᠨ ᠳᠤ ᠠᠵᠢᠯ ᠣᠯᠭᠤᠵᠤ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ 33 ᠲᠦᠮᠡ ᠠᠴᠠ ᠳᠡᠭᠡᠭᠰᠢ ᠬᠥᠮᠦᠨ ᠢ ᠰᠢᠯᠵᠢᠭᠦᠯᠦᠨ ᠠᠵᠢᠯ ᠣᠯᠭᠤᠨ᠎ᠠ᠃ ︽ᠮᠡᠷᠭᠡᠵᠢᠯ ᠴᠢᠳᠠᠪᠤᠷᠢ ᠶᠢᠨ ᠬᠥᠬᠡᠬᠤᠲᠠ ᠶᠢᠨ ᠠᠵᠢᠯᠯᠠᠭ᠎ᠠ︾ ᠶᠢ ᠥᠷᠨᠢᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 3 ᠲᠦᠮᠡᠨ ᠬᠥᠮᠦᠨ ᠤᠳᠠᠭ᠎ᠠ ᠠᠴᠠ ᠳᠡᠭᠡᠭᠰᠢ ᠬᠢᠨ᠎ᠡ᠃ ︽ᠭᠤᠷᠪᠠᠨ ᠵᠢᠯ ᠳᠤ ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠢ ᠶᠡᠬᠡᠪᠡᠷ ᠠᠬᠢᠭᠤᠯᠵᠤ᠂ 4 ᠲᠦᠮᠡ ᠠᠴᠠ ᠳᠡᠭᠡᠭᠰᠢ ᠣᠶᠤᠲᠠᠨ ᠢ ᠲᠠᠲᠠᠵᠤ ᠲᠡᠳᠡᠨ ᠢ ᠬᠥᠬᠡᠬᠤᠲᠠ ᠳᠤ ᠦᠢᠯᠡᠰ ᠴᠣᠭᠴᠠᠯᠠᠭᠤᠯᠤᠨ ᠠᠵᠢᠯ ᠣᠯᠭᠤᠨ᠎ᠠ᠃︽ᠣᠷᠣᠢ ᠶᠢ ᠳᠡᠭᠡᠭᠰᠢᠯᠡᠭᠦᠯᠦᠨ ᠠᠮᠤ ᠶᠢ ᠨᠥᠬᠦᠪᠥᠷᠢᠯᠡᠬᠦ︾ ᠪᠠᠷ ᠣᠷᠣᠨ ᠤ ᠲᠥᠪ ᠤᠨ ᠰᠤᠷᠭᠠᠨ ᠬᠥᠮᠦᠵᠢᠯ ᠢ ᠴᠢᠩᠭᠠᠳᠬᠠᠨ᠎ᠠ᠃ ︽ᠵᠥᠭᠡᠯᠡᠨ ᠲᠤᠨᠤᠭ᠂ ᠬᠠᠲᠠᠭᠤ ᠲᠤᠨᠤᠭ︾ ᠵᠡᠷᠬᠡᠪᠡᠷ ᠬᠦᠴᠦᠯᠡᠬᠦ ᠶᠢ ᠪᠠᠷᠢᠮᠲᠠᠯᠠᠵᠤ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ 62 ᠢ ᠰᠢᠨ᠎ᠡ ᠪᠠᠷ ᠪᠠᠶᠢᠭᠤᠯᠬᠤ ᠪᠠ ᠦᠷᠭᠦᠯᠵᠢᠯᠡᠨ ᠪᠠᠶᠢᠭᠤᠯᠵᠤ᠂ ︽ᠰᠤᠷᠭᠠᠭᠤᠯᠢ ᠶᠢᠨ ᠵᠠᠬᠢᠷᠤᠯ᠂ ᠪᠠᠭᠰᠢ᠂ ᠵᠢᠭᠠᠨ ᠰᠤᠳᠤᠯᠤᠭᠴᠢ︾ ᠭᠤᠷᠪᠠᠨ ᠡᠩᠨᠡᠭᠡ ᠶᠢ ᠴᠢᠨᠠᠷ ᠰᠠᠶᠢᠲᠠᠶ  ᠪᠠᠶᠢᠭᠤᠯᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠬᠠᠷᠠᠭᠠᠯᠵᠠᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠭᠦᠯᠬᠦ ᠶᠢ ᠲᠦᠯᠬᠢᠨ ᠠᠬᠢᠭᠤᠯᠵᠤ᠂ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠪᠠ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠷᠭᠡᠪᠴᠢᠯᠡᠨ ᠠᠬᠢᠭᠤᠯᠤᠨ᠎ᠠ᠃ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ᠬᠤᠤᠰ ᠳᠡᠭᠡᠳᠦ ᠰᠤᠷᠭᠠᠭᠤᠯᠢ︾ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠨ᠎ᠡ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠦᠷᠢᠶᠡᠯᠡᠩ ᠲᠣᠭᠤᠷᠢᠭ ᠤᠨ ᠨᠢᠭᠡᠳᠦᠭᠡᠷ ᠬᠤᠭᠤᠴᠠᠭᠠᠨ ᠤ ᠭᠤᠤᠯ ᠴᠣᠭᠴᠠ ᠶᠢᠨ ᠪᠠᠷᠢᠯᠭ᠎ᠠ ᠠᠵᠢᠯ ᠳᠠᠭᠤᠰᠬᠤ ᠶᠢ ᠠᠬᠢᠭᠤᠯᠤᠨ᠎ᠠ᠃ ︽ᠬᠤᠶᠠᠷ ᠢ ᠬᠦᠩᠭᠡᠷᠡᠭᠦᠯᠬᠦ︾ ᠦᠷ᠎ᠡ ᠪᠦᠲᠦᠮᠵᠢ ᠶᠢ ᠪᠠᠲᠤᠳᠬᠠᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠬᠠᠯᠠᠭᠤᠨ ᠳᠤᠯᠠᠭᠠᠨ᠂ ᠴᠢᠨᠠᠷ ᠰᠠᠶᠢᠲᠠᠶ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠡᠷᠬᠢᠯᠡᠨ᠎ᠡ᠃︽ᠪᠦᠬᠦ ᠦᠶᠡᠯᠡᠯ︾ ᠤᠨ ᠬᠤᠭᠤᠴᠠᠭ᠎ᠠ ᠪᠠᠷ ᠤᠯᠠᠨ ᠲᠦᠮᠡᠨ ᠤ ᠡᠷᠡᠭᠦᠯ ᠮᠡᠨᠳᠦ ᠶᠢ ᠪᠠᠲᠤᠯᠠᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠬᠢᠭᠡᠳ ᠴᠢᠨᠠᠷ ᠰᠠᠶᠢᠲᠠᠶ ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠠᠵᠢᠯᠲᠠᠨ ᠤ ᠶᠠᠪᠤᠳᠠᠯ ᠤᠨ ᠴᠠᠯᠢᠩ ᠬᠥᠯᠥᠰᠥ ᠶᠢᠨ ᠲᠦᠷᠢᠮ᠂ ᠡᠮᠴᠢᠯᠡᠭᠡᠨ ᠤ ᠳᠠᠭᠠᠳᠬᠠᠯ ᠤᠨ DIP ᠲᠣᠭᠠᠴᠠᠭ᠎ᠠ ᠬᠢᠬᠦ ᠠᠷᠭ᠎ᠠ ᠮᠠᠶ᠋ᠢᠭ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠬᠥᠳᠡᠯᠦᠩᠭᠦᠶ ᠲᠣᠬᠢᠷᠠᠭᠤᠯᠤᠯᠲᠠ ᠪᠠ ᠡᠮ ᠤᠨ ᠵᠦᠢᠯ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠵᠡᠷᠭᠡ ᠥᠭᠡᠷᠡᠴᠢᠯᠡᠯᠲᠡ ᠶᠢ  ᠲᠦᠷᠭᠡᠳᠬᠡᠨ᠎ᠡ ᠃ ᠬᠤᠲᠠ ᠶᠢᠨ ᠵᠡᠭᠦᠨ ᠳᠤ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ︵ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ︶ ᠶᠢᠨ ᠣᠷᠣᠨ ᠪᠦᠰᠡ ᠶᠢᠨ ᠡᠮᠴᠢᠯᠡᠭᠡᠨ ᠤ ᠲᠥᠪ ᠪᠠᠶᠢᠭᠤᠯᠬᠤ ᠶᠢ ᠳᠥᠯᠭᠢᠨ ᠠᠬᠢᠭᠤᠯᠵᠤ᠂ ᠬᠤᠲᠠ ᠶᠢᠨ ᠪᠠᠷᠠᠭᠤᠨ ᠳᠤ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠴᠡᠯᠡᠭᠡᠷ ᠲᠠᠯ᠎ᠠ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠪᠠᠶᠢᠭᠤᠯᠬᠤ ᠶᠢ ᠳᠥᠯᠭᠢᠨ ᠠᠬᠢᠭᠤᠯᠤᠨ᠎ᠠ᠃ ᠨᠡᠶᠢᠰᠯᠡᠯ ᠬᠤᠲᠠ ᠪᠠ ᠣᠷᠤᠨ ᠤ ᠲᠥᠪ ᠬᠤᠲᠠ ᠶᠢ ᠬᠤᠯᠪᠣᠭᠰᠠᠨ ︽ᠬᠤᠤᠰ ᠲᠥᠪ︾ ᠤᠨ ᠡᠷᠡᠭᠦᠯ ᠮᠡᠨᠳᠦ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠤᠯᠤᠰ ᠤᠨ ᠬᠢᠲᠠᠳ ᠡᠮᠨᠡᠯᠭᠡ ᠶᠢᠨ ᠵᠡᠭᠦᠤ ᠲᠥᠭᠡᠨᠡᠯᠭᠡ ᠶᠢᠨ ᠬᠤᠪᠢᠶᠠᠷᠢ ᠲᠥᠪ᠂ ᠤᠨᠲᠠᠯᠭ᠎ᠠ ᠶᠢᠨ ᠠᠨᠠᠭᠠᠬᠤ ᠤᠬᠠᠭᠠᠨ ᠤ ᠬᠤᠪᠢᠶᠠᠷᠢ ᠲᠥᠪ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ᠂ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ᠂ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠤᠷᠢᠶ᠎ᠠ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡ ᠰᠣᠪᠢᠯᠠᠯᠲᠠ ᠶᠢᠨ ᠲᠥᠪ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠤᠭᠤᠯᠤᠨ᠎ᠠ᠃ ᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢ ᠭᠤᠷᠪᠠᠳᠤᠭᠠᠷ ᠳᠡᠰ ᠤᠨ ᠬᠥᠬᠡ ᠡᠮᠨᠡᠯᠭᠡ ᠶᠢᠨ ᠬᠤᠷᠢᠶ᠎ᠠ ᠪᠣᠯᠭᠠᠨ ᠪᠠᠶᠢᠭᠤᠯᠤᠨ᠎ᠠ᠃ ︽ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ︾ ᠶᠢ 2 ᠢ ᠰᠢᠨ᠎ᠡ ᠪᠠᠷ ᠪᠠᠶᠢᠭᠤᠯᠤᠨ᠎ᠠ᠃ ᠦᠨᠳᠦᠰᠦᠨ ᠱᠠᠲᠤᠨ ᠤ ᠡᠮᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠣᠷᠣᠨ ᠤ ᠭᠠᠳᠠᠨᠠᠬᠢ ᠰᠢᠯᠢᠳᠡᠭ ᠲᠤᠰᠬᠠᠶ  ᠰᠠᠯᠠᠭᠠᠨ ᠤ ᠡᠮᠨᠡᠯᠭᠡ ᠶᠢᠨ ᠬᠤᠷᠢᠶ᠎ᠠ ᠯᠤᠭ᠎ᠠ ᠬᠠᠮᠲᠤᠷᠠᠯᠴᠠᠬᠤ ᠡᠷᠴᠢᠮ ᠢᠶᠠᠨ ᠴᠢᠩᠭᠠᠷᠠᠭᠤᠯᠤᠨ᠂ ᠬᠤᠰᠢᠭᠤ ᠰᠢᠶᠠᠨ ᠲᠣᠭᠤᠷᠢᠭ ᠤᠨ ︽ᠨᠠᠷᠠᠲᠤ ᠲᠤᠰᠬᠠᠶ ᠰᠠᠯᠠᠭ᠎ᠠ︾ ᠶᠢᠨ ᠡᠮᠨᠡᠯᠭᠡ ᠶᠢᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢ 3 ᠶᠢ ᠡᠭᠦᠳᠦᠨ ᠪᠠᠶᠢᠭᠤᠯᠵᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ 2 ᠢ ᠰᠢᠨ᠎ᠡ ᠪᠠᠷ ᠪᠠᠶᠢᠭᠤᠯᠤᠨ᠎ᠠ᠃ ᠦᠨᠳᠦᠰᠦᠨ ᠱᠠᠲᠤᠨ ᠤ ᠡᠮᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠥᠮᠦᠰ ᠲᠤ ᠸᠠᠺᠼᠢᠨ ᠲᠠᠷᠢᠬᠤ ᠶᠢ ᠲᠦᠯᠬᠢᠨ ᠠᠬᠢᠭᠤᠯᠤᠨ᠎ᠠ᠃ ᠭᠡᠷ ᠪᠦᠯᠢ ᠪᠠ ᠨᠡᠶᠢᠭᠡᠮ ᠲᠣᠭᠤᠷᠢᠭ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠦᠵᠢᠭᠦᠯᠬᠦ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠂ ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ 30 ᠶᠢ ᠰᠢᠨ᠎ᠡ ᠪᠠᠷ ᠨᠡᠮᠡᠭᠳᠡᠭᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠨᠡᠩ ᠢᠯᠡᠭᠦᠦ ᠬᠠᠨᠳᠤᠯᠭ᠎ᠠ ᠲᠠᠢ ᠪᠠᠷ ᠥᠷᠨᠢᠭᠦᠯᠵᠦ᠂ ᠣᠷᠣᠨ ᠤ ᠲᠥᠪ ᠤᠨ ᠤᠯᠠᠨ ᠲᠦᠮᠡᠨ ᠢ ᠡᠷᠡᠭᠦᠯ ᠴᠢᠭᠢᠷᠠᠭ ᠪᠡᠶ᠎ᠡ ᠮᠠᠬᠠᠪᠣᠳ ᠲᠠᠢ ᠪᠣᠯᠭᠠᠵᠤ᠂ ᠡᠷᠡᠭᠦᠯ ᠴᠢᠭᠢᠷᠠᠭ ᠠᠮᠢᠳᠤᠷᠠᠯ ᠢ ᠡᠳ᠋ᠯᠡᠭᠦᠯᠦᠨ᠎ᠡ᠃︽ᠪᠦᠬᠦ ᠡᠯᠧᠮᠧᠨ᠋ᠲ︾ ᠢᠶᠠᠷ ᠣᠷᠣᠨ ᠤ ᠲᠥᠪ ᠤᠨ ᠠᠮᠤᠷ ᠠᠮᠤᠭᠤᠯᠠᠩ ᠢ ᠰᠠᠬᠢᠨ ᠬᠠᠮᠠᠭᠠᠯᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ︽ᠭᠤᠷᠪᠠᠨ ᠲᠥᠯᠥᠪᠯᠡᠭᠡ︾ ᠶᠢ ᠭᠦᠨᠵᠡᠭᠡᠶ ᠨᠠᠶᠢᠳᠠᠪᠤᠷᠢᠵᠢᠭᠤᠯᠤᠨ᠎ᠠ᠃ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠲᠥᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ ᠣᠷᠣᠨ ᠤ ᠪᠥᠳᠥᠭᠡᠨ ᠪᠠᠶᠢᠭᠤᠯᠤᠯᠲᠠ ᠶᠢ ᠥᠷᠨᠢᠭᠦᠯᠦᠨ᠎ᠡ᠃ ︽12345︾ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠶ ᠰᠢᠢᠳᠪᠦᠷᠢᠯᠡᠬᠦ ᠠᠵᠢᠯ ᠤᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠠᠶᠤᠯᠬᠦᠢ ᠦᠢᠯᠡᠳᠪᠦᠷᠢᠯᠡᠯ ᠤᠨ ᠲᠦᠭᠰᠢᠭᠦᠷᠢ ᠶᠢᠨ ᠳᠠᠯᠳᠠ ᠬᠡᠮ ᠢ ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠬᠦᠯᠦᠨ᠎ᠡ᠃ ᠢᠳᠡᠭᠡᠨ ᠪᠠ ᠡᠮ ᠤᠨ ᠵᠦᠢᠯ ᠤᠨ ᠠᠶᠤᠯᠬᠦᠢ ᠶᠢᠨ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠬᠤᠲᠠ ᠪᠣᠯᠭᠠᠨ ᠡᠭᠦᠳᠦᠨ ᠪᠠᠶᠢᠭᠤᠯᠤᠨ᠎ᠠ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠨᠠᠮᠳᠠᠭᠤᠯᠤᠨ ᠲᠣᠭᠲᠠᠭᠤᠨ ᠢᠶᠠᠷ ᠡᠵᠡᠮᠳᠡᠬᠦ ᠪᠠ ᠵᠠᠰᠠᠭ ᠤᠨ ᠣᠷᠳᠣᠨ ᠤ ᠲᠠᠯᠳᠠ ᠥᠷᠢ ᠥᠭᠴᠡᠭᠡ ᠶᠢ ᠠᠷᠢᠯᠭᠠᠬᠤ ᠠᠵᠢᠯ ᠢ ᠰᠠᠶᠢᠲᠤᠷ ᠬᠢᠨ᠎ᠡ᠃ ᠠᠮᠤᠷ ᠠᠮᠤᠭᠤᠯᠠᠩ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠪᠠᠶᠢᠭᠤᠯᠬᠤ ᠪᠠᠷ ᠭᠤᠶᠤᠴᠢᠯᠠᠨ ᠮᠡᠳᠡᠭᠦᠯᠦᠨ᠎ᠡ᠃ ︽ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ︾ ᠶᠢ ᠡᠭᠦᠳᠦᠨ ᠪᠠᠶᠢᠭᠤᠯᠬᠤ ᠠᠵᠢᠯ ᠢ ᠥᠷᠨᠢᠬᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠡ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠬᠥᠮᠦᠨ ᠤ ︽ᠠᠷᠤ ᠶᠢᠨ ᠭᠤᠷᠪᠠ︾ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠦᠢᠯᠡᠴᠢᠯᠡᠵᠦ ᠪᠠᠲᠤᠯᠠᠭ᠎ᠠ ᠬᠠᠩᠭᠠᠬᠤ ᠠᠵᠢᠯ ᠢ ᠰᠠᠶᠢᠲᠤᠷ ᠬᠢᠨ᠎ᠡ᠃ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠᠦᠨᠡᠨᠴᠢ ᠰᠢᠳᠤᠷᠭᠤ ᠪᠠᠷ ᠬᠠᠷᠢᠭᠤᠴᠠᠯᠭ᠎ᠠ ᠡᠭᠦᠷᠭᠡᠯᠡᠬᠦ ᠳᠤᠮᠳᠠ ᠤᠯᠤᠰ ᠲᠦᠷᠦ ᠶᠢᠨ ᠵᠣᠭᠰᠣᠯᠲᠠ ᠪᠠᠨ  ᠪᠠᠲᠤᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠡᠷᠡᠰ ᠪᠠᠲᠤ ᠰᠢᠲᠦᠭᠴᠢ᠂ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠬᠤ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ  ᠲᠤᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ  ᠪᠡᠶᠡᠯᠡᠭᠦᠯᠦᠨ᠎ᠡ᠃ ᠢᠮᠠᠭᠲᠠ ᠬᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾ ᠶᠢ ᠪᠠᠭᠲᠠᠭᠠᠵᠤ᠂ ︽ᠤᠯᠤᠰ ᠤᠨ ᠶᠡᠭᠡ ᠶᠠᠪᠤᠳᠠᠯ︾ ᠢ ᠪᠤᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠥᠪ ᠬᠤᠳᠠ ᠳᠤ  ᠨᠠᠶᠢᠳᠠᠪᠤᠷᠢᠵᠢᠭᠤᠯᠤᠨ ᠪᠣᠳᠠᠲᠠᠶᠢᠵᠢᠭᠤᠯᠤᠨ᠎ᠠ᠃ᠬᠠᠤᠯᠢ ᠶᠣᠰᠣᠭᠠᠷ ᠵᠠᠰᠠᠭ ᠪᠠᠷᠢᠬᠤ ᠳᠤᠮᠳᠠ ᠬᠠᠤᠯᠢ ᠪᠠᠷ ᠵᠠᠰᠠᠬᠤ ᠬᠦᠴᠦᠨ ᠢ ᠢᠯᠡᠷᠡᠭᠦᠯᠦᠨ᠎ᠡ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠤᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠬᠤ ᠵᠡᠷᠭᠡ ᠳᠡᠰ ᠳᠠᠷᠠᠭᠠᠯᠠᠯ ᠢ ᠵᠢᠷᠤᠮᠵᠢᠭᠤᠯᠵᠤ᠂ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠬᠠᠤᠯᠢ ᠪᠠᠷ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠴᠢᠩᠳᠠᠯᠠᠵᠤ᠂ ᠬᠠᠤᠯᠢ ᠶᠣᠰᠣᠭᠠᠷ ᠵᠢᠷᠤᠮᠵᠢᠭᠤᠨ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠡᠷᠴᠢᠮ ᠲᠠᠢ ᠮᠥᠷᠲᠡᠭᠡᠨ ᠳᠤᠯᠠᠭᠠᠬᠠᠨ ᠪᠠᠶᠢᠯᠭᠠᠨ᠎ᠠ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠴᠢᠨᠠᠷ ᠰᠠᠶᠢᠲᠠᠢ ᠰᠠᠶᠢᠲᠤᠷ ᠰᠢᠢᠳᠪᠦᠷᠢᠯᠡᠵᠦ᠂ ᠵᠠᠰᠠᠭ ᠤᠨ ᠣᠷᠳᠣᠨ ᠤ ᠠᠯᠢᠪᠠ ᠡᠷᠬᠡ ᠶᠢ ᠴᠦᠮ ᠢᠯᠡ ᠪᠠᠷ ᠬᠡᠷᠡᠭᠵᠢᠬᠦᠯᠦᠨ᠎ᠡ᠃ᠲᠦᠷᠦᠭᠦᠯᠡᠨ ᠪᠣᠳᠠᠲᠠᠶ ᠪᠠᠷ ᠠᠵᠢᠯᠯᠠᠬᠤ ᠳᠤᠮᠳᠠ ᠰᠠᠶᠢᠨ ᠰᠠᠶᠢᠬᠠᠨ ᠰᠤᠷᠲᠠᠯ ᠢ ᠪᠤᠢ ᠪᠣᠯᠭᠠᠨ᠎ᠠ᠃ ︽ᠠᠮᠵᠢᠯᠲᠠ ᠨᠢ ᠭᠠᠭᠴᠠ ᠮᠢᠨᠤ ᠭᠠᠪᠢᠶ᠎ᠠ ᠪᠢᠰᠢ᠂ ᠠᠮᠵᠢᠯᠲᠠ ᠣᠯᠬᠤ ᠳᠤ ᠵᠠᠪᠠᠯ ᠪᠢ ᠪᠠᠶᠢᠬᠤ︾ ᠬᠡᠬᠦᠳᠡᠭ ᠴᠡᠭᠡᠵᠢ ᠪᠠᠷ᠂ ︽ᠠᠮᠢ ᠪᠠᠨ ᠴᠦᠯᠡᠨ ᠦᠬᠦᠨ ᠵᠢᠳᠬᠦᠬᠦ︾ ᠰᠢᠢᠳᠮᠡᠬᠡᠢ ᠵᠣᠷᠢᠭ ᠢᠶᠠᠷ᠂ ᠦᠨᠡᠨᠬᠦ ᠠᠳᠬᠤᠵᠤ ᠪᠣᠳᠠᠲᠠᠢ ᠠᠵᠢᠯᠯᠠᠬᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠰᠤᠷᠲᠠᠯ ᠢ ᠶᠡᠬᠡᠪᠡᠷ ᠪᠠᠳᠠᠷᠠᠭᠤᠯᠵᠤ᠂  ᠬᠠᠷᠢᠭᠤᠴᠠᠯᠭ᠎ᠠ ᠶᠢ ᠬᠠᠷᠢᠯᠴᠠᠨ ᠲᠦᠯᠬᠢᠯᠴᠡᠬᠦ᠂ ᠶᠠᠭᠤ ᠴᠤ ᠬᠢᠵᠦ ᠪᠦᠲᠦᠭᠡᠬᠦ ᠦᠭᠡᠢ ᠪᠠᠶᠢᠬᠤ ᠶᠢ ᠡᠷᠡᠰ ᠡᠰᠡᠷᠭᠦᠴᠡᠨ᠎ᠡ︔ ᠵᠣᠷᠢᠭᠲᠠᠢ ᠪᠠᠷ ᠲᠦᠷᠦᠭᠦᠯᠡᠬᠦ᠂ ᠥᠷᠢᠰᠥᠯᠳᠦᠨ ᠲᠡᠮᠡᠴᠡᠬᠦ ᠰᠤᠷᠲᠠᠯ ᠢ ᠶᠡᠬᠡᠪᠡᠷ ᠮᠠᠨᠳᠤᠭᠤᠯᠵᠤ᠂ ᠠᠯᠳᠠᠭ᠎ᠠ ᠭᠠᠷᠭᠠᠬᠤ ᠦᠭᠡᠢ ᠶᠢ ᠯᠡ ᠪᠣᠳᠤᠵᠤ ᠮᠡᠷᠡᠶᠢᠨ ᠳᠡᠪᠰᠢᠬᠦ ᠦᠭᠡᠢ᠂ ᠤᠷᠤᠭᠰᠢᠯᠠᠨ ᠲᠠᠪᠰᠢᠬᠤ ᠶᠢ ᠪᠤᠳᠤᠬᠤ ᠦᠭᠡᠢ ᠰᠤᠷᠲᠠᠯ ᠢ ᠡᠷᠡᠰ ᠡᠰᠡᠷᠭᠦᠴᠡᠨ᠎ᠡ︔ ᠬᠡᠯᠡᠭᠰᠡᠨ ᠳᠡᠭᠡᠨ ᠬᠦᠷᠴᠦ᠂ ᠢᠲᠡᠭᠡᠯ ᠢ ᠡᠷᠬᠢᠮᠯᠡᠬᠦ ᠰᠤᠷᠲᠠᠯ ᠢ ᠶᠡᠬᠡᠪᠡᠷ ᠮᠠᠨᠳᠤᠭᠤᠯᠵᠤ᠂ ᠬᠤᠭᠤᠰᠣᠨ ᠶᠠᠷᠢᠬᠤ᠂ ᠦᠵᠡᠬᠦ ᠳᠤ ᠰᠠᠶᠢᠬᠠᠨ ᠴᠤ ᠦᠨᠡᠨ ᠳᠡᠭᠡᠨ ᠬᠡᠷᠡᠭ ᠦᠭᠡᠢ ᠪᠠᠶᠢᠬᠤ ᠶᠢ ᠡᠷᠡᠰ ᠡᠰᠡᠷᠭᠦᠴᠡᠨ᠎ᠡ︔ ᠠᠶᠤᠯ ᠪᠡᠷᠬᠡᠰᠢᠶᠡᠯ ᠠᠴᠠ ᠰᠦᠷᠲᠡᠬᠦ ᠦᠭᠡᠢ᠂ ᠵᠣᠷᠢᠭᠲᠠᠢ ᠪᠠᠷ ᠲᠡᠮᠡᠴᠡᠬᠦ ᠰᠤᠷᠲᠠᠯ ᠢ ᠶᠡᠬᠡᠪᠡᠷ ᠮᠠᠨᠳᠤᠭᠤᠯᠵᠤ᠂ ᠡᠷᠡᠭᠡᠯᠵᠡᠵᠦ ᠵᠢᠷᠦᠬᠡᠰᠢᠶᠡᠬᠦ᠂ ᠬᠤᠶᠢᠰᠢ ᠰᠠᠭᠤᠭᠠᠳ ᠤᠷᠤᠭᠰᠢᠯᠠᠬᠤ ᠦᠭᠡᠢ ᠪᠠᠶᠢᠬᠤ ᠶᠢ ᠡᠷᠡᠰ ᠡᠰᠡᠷᠭᠦᠴᠡᠵᠦ᠂ ᠣᠷᠣᠨ ᠤ ᠲᠥᠪ ᠢ ᠬᠠᠶᠢᠷᠠᠯᠠᠬᠤ᠂ ᠣᠷᠣᠨ ᠤ ᠲᠥᠪ ᠢ ᠬᠦᠴᠦᠷᠬᠡᠭᠵᠢᠭᠦᠯᠬᠦ ᠶᠠᠪᠤᠳᠠᠯ ᠢ ᠵᠠᠰᠠᠭ ᠤᠨ ᠣᠷᠳᠣᠨ ᠤ ᠠᠵᠢᠯ ᠤᠨ ᠢᠯᠡ ᠲᠣᠳᠣ ᠣᠨᠴᠠᠯᠢᠭ ᠪᠣᠯᠭᠠᠨ᠎ᠠ᠃ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠳᠤᠮᠳᠠ ᠪᠦᠬᠦ ᠲᠠᠯ᠎ᠠ ᠪᠠᠷ ᠨᠠᠮ ᠢ ᠴᠢᠩᠭ᠎ᠠ  ᠵᠠᠰᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠪᠣᠯᠤᠨ ᠲᠥᠪ ᠪᠤᠰᠤ ᠰᠤᠷᠲᠠᠯ ᠳᠤ ᠥᠴᠦᠬᠡᠨ ᠴᠦ ᠢᠯᠳᠠᠷ ᠬᠠᠶᠠᠬᠤ ᠦᠭᠡᠢ ᠰᠡᠷᠡᠮᠵᠢ ᠲᠠᠢ ᠪᠠᠶᠢᠨ᠎ᠠ︔ ᠭᠤᠣᠯᠳᠠᠯᠭ᠎ᠠ ᠲᠠᠢ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠳᠤ ᠥᠴᠦᠬᠡᠨ ᠴᠦ ᠢᠯᠳᠠᠷ ᠬᠠᠶᠠᠬᠤ ᠦᠭᠡᠢ ᠬᠦᠴᠦᠯᠡᠴᠡ ᠶᠢ ᠪᠠᠷᠢᠮᠲᠠᠯᠠᠨ᠎ᠠ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠡᠩ ᠤᠨ ᠴᠢᠨᠠᠷᠲᠠᠶ᠂ ᠴᠢᠬᠤᠯᠠ ᠪᠤᠰᠤ ᠵᠠᠷᠤᠯᠭ᠎ᠠ ᠶᠢ ᠪᠠᠭᠠᠰᠬᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠵᠠᠰᠠᠭ ᠤᠨ ᠠᠵᠢᠯ ᠳᠤ ᠬᠢᠴᠢᠶᠡᠨ ᠵᠢᠳᠬᠦᠵᠦ ᠂ ᠪᠡᠶ᠎ᠡ ᠪᠠᠨ ᠴᠢᠩᠭ᠎ᠠ ᠱᠠᠭᠠᠷᠳᠠᠵᠤ᠂ ᠠᠷᠢᠭᠤᠨ ᠴᠢᠬᠡᠴᠢ ᠪᠠᠷ ᠬᠥᠮᠦᠨ ᠪᠤᠯᠵᠤ᠂ ᠴᠡᠪᠡᠷ ᠴᠢᠬᠡᠴᠢ ᠪᠠᠷ ᠠᠵᠢᠯ ᠶᠠᠪᠤᠳᠠᠯ ᠬᠢᠵᠦ᠂ ᠦᠨᠡᠨᠬᠦ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠠᠵᠢᠯ ᠬᠢᠵᠦ ᠦᠢᠯᠡᠰ ᠪᠦᠲᠦᠭᠡᠬᠦ ᠡᠩᠨᠡᠭᠡ ᠪᠣᠯᠣᠨ᠎ᠠ᠃ᠲᠥᠯᠥᠭᠡᠯᠡᠭᠴᠢᠳ ᠡ︕ ᠰᠢᠨ᠎ᠡ ᠵᠢᠷᠤᠭ ᠲᠥᠰᠦᠪ ᠢ ᠨᠢᠭᠡᠨᠲᠡ ᠵᠢᠷᠤᠭᠯᠠᠵᠤ᠂ ᠰᠢᠨ᠎ᠡ ᠠᠶᠠᠨ ᠡᠬᠢᠯᠡᠵᠦ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠵᠡᠯ ᠰᠠᠨᠠᠭ᠎ᠠ ᠪᠠᠨ ᠴᠢᠯᠥᠭᠡᠯᠡᠵᠦ ᠂ ᠵᠠᠮ ᠨᠡᠭᠡᠭᠡᠨ ᠰᠢᠨ᠎ᠡ ᠶᠢ ᠡᠭᠦᠳᠴᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠥ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠥᠪ ᠬᠤᠲᠠ ᠶᠢᠨ ᠰᠢᠨ᠎ᠡ ᠬᠠᠭᠤᠳᠠᠰᠤ ᠶᠢ ᠪᠢᠴᠢᠭᠯᠡᠵᠡᠭᠡᠶ᠎ᠡ︕    
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号