ᠾᠧ ᠬᠠᠢ ᠳ᠋ᠦᠩ ᠮᠠᠨ ᠤ ᠬᠤᠲᠠ ᠶᠢᠨ ᠭᠤᠣᠯᠳᠠᠯᠭ᠎ᠠ ᠲᠠᠢ ᠵᠠᠮ ᠤᠨ ᠠᠵᠢᠯ ᠢᠶᠠᠨ ᠰᠡᠷᠭᠦᠭᠡᠭᠰᠡᠨ ᠪᠠ ︽ᠬᠠᠭᠠᠰ ᠳᠤᠲᠠᠭᠤ︾ ᠲᠠᠯᠠᠪᠠᠶ ᠣᠷᠳᠣᠨ ᠤ ᠪᠠᠷᠢᠯᠭ᠎ᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠰᠢᠮᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2023/4/13
      ︵ᠰᠤᠷᠪᠤᠯᠵᠢᠯᠠᠭᠴᠢ ᠯᠢᠶᠠᠩ ᠵᠢᠩ ᠱᠤ᠋︶ 4 ᠳ᠋ᠦ᠋ᠭᠡᠷ ᠰᠠᠷ᠎ᠠ ᠶᠢᠨ 12 ᠤᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠮᠠᠨ ᠤ ᠬᠤᠳᠠ ᠶᠢᠨ ᠭᠤᠣᠯᠳᠠᠯᠭ᠎ᠠ ᠲᠠᠢ ᠵᠠᠮ ᠤᠨ ᠠᠵᠢᠯ ᠢᠶᠠᠨ ᠰᠡᠷᠭᠦᠭᠡᠭᠰᠡᠨ ᠪᠠᠶᠢᠳᠠᠯ ᠪᠠ ︽ᠬᠠᠭᠠᠰ ᠳᠤᠲᠠᠭᠤ︾ ᠲᠠᠯᠠᠪᠠᠢ ᠣᠷᠳᠣᠨ ᠤ ᠪᠠᠷᠢᠯᠭ᠎ᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠰᠢᠮᠳᠠᠭᠤᠯᠤᠨ ᠪᠠᠶᠢᠴᠠᠭᠠᠪᠠ᠃      ᠬᠠᠶᠢᠯᠠᠷ ᠪᠠᠷᠠᠭᠤᠨ ᠵᠡᠭᠡᠯᠢ ᠶᠢᠨ ᠳᠣᠣᠷ᠎ᠠ ᠪᠠᠶᠢᠰᠢᠩ ᠤᠨ ᠨᠡᠶᠢᠲᠡ ᠶᠢᠨ ᠮᠠᠰᠢᠨ ᠲᠡᠷᠭᠡᠨ ᠤ ᠥᠷᠲᠡᠭᠡᠨ ᠤ ᠡᠮᠦᠨ᠎ᠡ᠂ ᠾᠧ ᠬᠠᠢ ᠳ᠋ᠦᠩ ᠵᠠᠮ ᠨᠡᠪᠲᠡᠷᠡᠯᠭᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠦᠭᠵᠢᠷᠡᠯ ᠢ ᠨᠠᠮᠳᠠᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠰᠢᠰᠲ᠋ᠧᠮᠲᠦ ᠰᠡᠳᠬᠢᠬᠦᠢ ᠪᠠᠨ ᠴᠢᠩᠭᠠᠷᠠᠭᠤᠯᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠣᠳᠣᠯᠬᠢᠯᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠲᠦᠭᠵᠢᠷᠡᠯ ᠢ ᠵᠠᠰᠠᠬᠤ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠲᠥᠰᠥᠯ ᠭᠠᠷᠭᠠᠵᠤ᠂ ᠲᠦᠭᠵᠢᠷᠡᠯ ᠤᠨ ᠣᠳᠣᠬᠢ ᠪᠠᠶᠢᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠨᠠᠮᠳᠠᠭᠤᠯᠬᠤ ᠶᠢᠨ ᠬᠠᠮᠲᠤ ᠶᠠᠪᠠᠭᠠᠨ ᠬᠥᠮᠥᠨ ᠤ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠦᠨᠡᠨ ᠪᠣᠳᠠᠲᠠᠢ ᠵᠠᠰᠠᠯᠲᠠ ᠶᠢᠨ ᠦᠷ᠎ᠡ ᠪᠦᠲᠦᠮᠵᠢ ᠪᠠᠷ ᠣᠯᠠᠨ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤ ᠥᠭᠴᠦ᠂ ᠠᠷᠠᠳ ᠣᠯᠠᠨ ᠤ ᠶᠠᠪᠤᠵᠤ ᠰᠠᠭᠤᠬᠤ ᠶᠢ ᠨᠠᠩ ᠠᠶᠤᠯᠭᠦᠢ ᠪᠥᠭᠡᠳ ᠢᠯᠭᠤᠮ ᠤᠷᠤᠭᠰᠢᠲᠠᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠶᠢᠨ ᠬᠠᠢ ᠵᠠᠮ ᠢ ᠥᠭᠡᠷᠡᠴᠢᠯᠡᠨ ᠳᠡᠭᠡᠭᠰᠢᠯᠡᠭᠦᠯᠬᠦ ᠪᠠᠷᠢᠯᠭ᠎ᠠ ᠶᠢᠨ ᠠᠵᠢᠯ ᠢᠶᠠᠨ ᠰᠡᠷᠭᠦᠭᠡᠭᠰᠡᠨ ᠪᠠᠶᠢᠳᠠᠯ ᠢ ᠪᠠᠶᠢᠴᠠᠭᠠᠨ ᠦᠵᠡᠭᠰᠡᠨ ᠤ ᠳᠠᠷᠠᠭ᠎ᠠ᠂ ᠾᠧ ᠬᠠᠢ ᠳ᠋ᠦᠩ ᠬᠡᠯᠡᠬᠦ ᠳᠡᠭᠡᠨ᠂ ᠬᠤᠲᠠ ᠶᠢᠨ ᠵᠠᠮ ᠤᠨ ᠪᠦᠲᠦᠭᠡᠨ ᠪᠠᠶᠢᠭᠤᠯᠤᠯᠲᠠ ᠪᠣᠯ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠬᠦ᠂ ᠵᠠᠮ ᠬᠠᠷᠢᠯᠴᠠᠭᠠᠨ ᠤ ᠵᠠᠮ ᠤᠨ ᠲᠣᠣᠷ ᠢ ᠲᠡᠭᠦᠯᠳᠡᠷᠵᠢᠭᠦᠯᠬᠦ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠮᠥᠨ᠂ ᠬᠠᠮᠢᠶ᠎ᠠ ᠪᠦᠬᠦᠢ ᠨᠢᠭᠡᠴᠡ ᠨᠦᠭᠦᠳ ᠬᠠᠷᠢᠭᠤᠴᠠᠯᠭᠠᠲᠤ ᠰᠡᠳᠬᠢᠯᠭᠡ ᠳᠠᠷᠤᠯᠲᠠ ᠲᠠᠢ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠵᠠᠮ ᠤᠨ ᠪᠦᠬᠦᠯᠢ ᠴᠣᠭᠴᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢ ᠲᠣᠪᠤᠶᠢᠯᠭᠠᠨ᠂ ᠨᠣᠭᠤᠭᠠᠷᠠᠭᠤᠯᠬᠤ᠂ ᠭᠡᠷᠡᠯᠲᠦᠭᠦᠯᠬᠦ᠂ ᠬᠥᠭᠦᠷᠭᠡ ᠶᠢᠨ ᠭᠠᠳᠠᠷᠭᠤ ᠶᠢ ᠬᠠᠲᠠᠭᠤᠷᠠᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠵᠤ᠂ ᠠᠷᠠᠳ ᠣᠯᠠᠨ ᠤ ᠶᠠᠪᠤᠵᠤ ᠰᠠᠭᠤᠬᠤ ᠵᠣᠯ ᠵᠢᠷᠭᠠᠯᠲᠤ ᠲᠥᠷᠥᠭᠳᠡᠯ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠭᠡᠪᠡ᠃      ᠳᠠᠷᠠᠭ᠎ᠠ ᠨᠢ᠂ ᠾᠧ ᠬᠠᠢ ᠳ᠋ᠦᠩ ᠤᠯᠠᠨ ᠤᠯᠤᠰ ᠤᠨ ᠲᠠᠷᠢᠶᠠᠯᠠᠩ ᠤᠨ ᠦᠵᠡᠰᠬᠦᠯᠡᠩ ᠤᠨ ᠬᠦᠷᠢᠶᠡᠯᠡᠩ᠂ ᠰᠣᠶᠣᠯ ᠤᠨ ᠵᠣᠴᠢᠨ ᠤ ᠲᠢᠩᠬᠢᠮ ᠪᠣᠯᠣᠨ ᠤᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠲᠥᠪ ᠵᠡᠷᠭᠡ ᠭᠠᠵᠠᠷ ᠲᠤ ᠬᠦᠷᠴᠦ᠂ ᠪᠠᠷᠢᠯᠭ᠎ᠠ ᠶᠢᠨ ᠣᠳᠣᠬᠢ ᠪᠠᠶᠢᠳᠠᠯ᠂ ᠠᠰᠠᠭᠤᠳᠠᠯ ᠤᠨ ᠵᠠᠩᠭᠢᠯᠠᠭ᠎ᠠ ᠵᠢᠴᠢ ᠰᠢᠢᠳᠪᠦᠷᠢᠯᠡᠬᠦ ᠠᠷᠭ᠎ᠠ ᠪᠣᠳᠣᠯᠭ᠎ᠠ ᠶᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠴᠡᠭᠴᠡᠯᠡᠨ ᠥᠭᠡᠷᠡᠴᠢᠯᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠂ ᠨᠢᠭᠡ ᠲᠥᠷᠥᠯ ᠵᠦᠢᠯ ᠳᠤ ᠨᠢᠭᠡ ᠲᠥᠰᠥᠯ ᠭᠠᠷᠭᠠᠨ ᠨᠠᠷᠢᠯᠢᠭ ᠣᠨᠣᠪᠴᠢᠲᠠᠢ ᠪᠠᠷ ᠬᠦᠴᠦᠯᠡᠨ᠂ ᠨᠢᠭᠡᠳᠦᠯᠲᠡᠢ ᠲᠥᠯᠥᠪᠯᠡᠨ ᠠᠬᠢᠭᠤᠯᠵᠤ᠂ ᠲᠥᠷᠥᠯ ᠵᠦᠢᠯ ᠢ ᠲᠦᠯᠬᠢᠨ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠭᠦᠨᠵᠡᠭᠡᠢ ᠰᠤᠳᠤᠯᠤᠨ ᠂ ᠢᠳᠡᠪᠬᠢᠲᠡᠢ ᠪᠠᠷ ᠰᠢᠢᠳᠪᠦᠷᠢᠯᠡᠵᠦ᠂ ᠴᠡᠭᠴᠡᠯᠡᠨ ᠥᠭᠡᠷᠡᠴᠢᠯᠡᠬᠦ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃      ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠼᠤᠤ ᠬᠤᠩ᠂ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠵᠠᠩ ᠢᠦᠢ ᠵᠤ᠋᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠵᠠᠢ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号