ᠮᠠᠨ ᠤ ᠬᠤᠲᠠ ᠣᠯᠠᠨ ᠬᠡᠯᠪᠡᠷᠢ ᠮᠠᠶ᠋ᠢᠭ ᠢᠶᠠᠷ ︽ᠪᠥᠬᠦ ᠢᠷᠭᠡᠳ ᠤᠨ ᠤᠯᠤᠰ ᠤᠨ ᠠᠶᠤᠯᠭᠦᠢ  ᠶᠢᠨ ᠬᠥᠮᠦᠵᠢᠯ ᠤᠨ ᠡᠳᠦᠷ︾ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/13
      ︵ᠰᠤᠷᠪᠤᠯᠵᠢᠯᠠᠭᠴᠢ ᠰᠦᠨ ᠶᠤᠸᠠᠢ ᠯᠦᠩ︶ ᠡᠨᠡ ᠵᠢᠯ ᠤᠨ 4 ᠳ᠋ᠦ᠋ᠭᠡᠷ ᠰᠠᠷ᠎ᠠ ᠶᠢᠨ 15 ᠤ ᠡᠳᠦᠷ ᠪᠣᠯ 8 ᠳᠠᠬᠢ ᠪᠥᠬᠦ ᠢᠷᠭᠡᠳ ᠤᠨ ᠤᠯᠤᠰ ᠤᠨ ᠠᠶᠤᠯᠭᠦᠢ ᠶᠢᠨ ᠬᠥᠮᠦᠵᠢᠯ ᠤᠨ ᠡᠳᠦᠷ ᠪᠣᠯᠣᠨ᠎ᠠ᠃ 4 ᠳ᠋ᠦ᠋ᠭᠡᠷ ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠤᠯᠤᠰ ᠤᠨ ᠠᠶᠤᠯᠭᠦᠢ ᠶᠢᠨ ᠠᠯᠪᠠᠨ ᠭᠡᠷ ᠠᠴᠠ ᠣᠶᠢᠯᠠᠭᠠᠭᠰᠠᠨ ᠨᠢ᠂ ᠪᠥᠬᠦ ᠢᠷᠭᠡᠳ ᠤᠨ ᠤᠯᠤᠰ ᠤᠨ ᠠᠶᠤᠯᠭᠦᠢ ᠶᠢᠨ ᠬᠥᠮᠦᠵᠢᠯ ᠤᠨ ᠡᠳᠦᠷ ᠤᠨ ᠬᠤᠭᠤᠴᠠᠭᠠᠨ ᠳᠤ᠂ ᠪᠥᠬᠦ ᠬᠤᠲᠠ ᠶᠢᠨ ᠡᠯ᠎ᠡ ᠭᠠᠵᠠᠷ ᠤᠨ ᠬᠢᠨ ︽ᠤᠯᠤᠰ ᠤᠨ ᠠᠶᠤᠯᠭᠦᠢ ᠶᠢᠨ ᠶᠡᠷᠦᠩᠬᠡᠢ ᠦᠵᠡᠯᠲᠡ ᠶᠢ ᠲᠤᠭᠤᠰᠢᠯᠠᠭᠤᠯᠵᠤ᠂ ᠪᠥᠬᠦ ᠢᠷᠭᠡᠳ ᠤᠨ ᠤᠯᠤᠰ ᠤᠨ ᠠᠶᠤᠯᠭᠦᠢ ᠶᠢᠨ ᠤᠬᠠᠮᠰᠠᠷ ᠪᠠ ᠬᠡᠪ ᠪᠣᠯᠪᠠᠰᠤᠷᠠᠯ ᠢ ᠴᠢᠩᠭᠠᠳᠬᠠᠨ᠂ ᠰᠢᠨ᠎ᠡ ᠠᠶᠤᠯᠭᠦᠢ ᠶᠢᠨ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠬᠤ ᠨᠡᠶᠢᠭᠡᠮ ᠤᠨ ᠰᠠᠭᠤᠷᠢ ᠶᠢ ᠪᠠᠲᠤᠳᠬᠠᠬᠤ︾ ᠭᠤᠣᠯ ᠰᠡᠳᠦᠪ ᠤᠨ ᠲᠣᠭᠤᠷᠢᠨ ᠳᠤ ᠪᠠᠶᠠᠯᠢᠭ ᠰᠠᠶᠢᠬᠠᠨ ᠠᠭᠤᠯᠭ᠎ᠠ ᠲᠠᠢ ᠤᠯᠤᠰ ᠤᠨ ᠠᠶᠤᠯᠭᠦᠢ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ᠃      ᠣᠶᠢᠯᠠᠭᠠᠭᠰᠠᠨ ᠢᠶᠠᠷ᠂ ᠤᠯᠤᠰ ᠤᠨ ᠠᠶᠤᠯᠭᠦᠢ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠨᠠᠩ ᠪᠠᠶᠠᠯᠢᠭ ᠰᠠᠶᠢᠬᠠᠨ ᠪᠣᠯᠭᠠᠬᠤ ᠶᠢᠨ ᠲᠥᠯᠥᠭᠡ᠂ ᠬᠤᠲᠠ ᠶᠢᠨ ᠨᠠᠮ ᠤᠨ ᠬᠤᠷᠢᠶᠠᠨ ᠤ ᠤᠯᠤᠰ ᠤᠨ ᠠᠶᠤᠯᠭᠦᠢ ᠶᠢᠨ ᠠᠯᠪᠠᠨ ᠭᠡᠷ ᠠᠴᠠ ᠲᠤᠰᠬᠠᠢ ᠤᠬᠠᠭᠤᠯᠤᠨ ᠲᠠᠶᠢᠯᠪᠤᠷᠢᠯᠠᠬᠤ᠂ ᠮᠡᠳᠡᠯᠭᠡ ᠶᠢᠨ ᠤᠷᠤᠯᠳᠤᠭᠠᠨ᠂ ᠭᠤᠣᠯ ᠰᠡᠳᠦᠪᠲᠦ ᠦᠵᠡᠭᠦᠯᠦᠯᠭᠡ᠂ ᠰᠤᠷᠭᠠᠭᠤᠯᠢ ᠶᠢᠨ ᠬᠦᠷᠢᠶᠡᠨ ᠤ ᠤᠬᠠᠭᠤᠯᠭ᠎ᠠ ᠵᠡᠷᠭᠡ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠤᠬᠠᠭᠠᠯᠠᠵᠤ᠂ ᠤᠯᠤᠰ ᠤᠨ ᠠᠶᠤᠯᠭᠦᠢ ᠶᠢᠨ ᠤᠬᠠᠭᠤᠯᠭ᠎ᠠ ᠬᠥᠮᠦᠵᠢᠯ ᠤᠨ ᠨᠥᠯᠥᠭᠡᠯᠡᠬᠦ ᠬᠦᠴᠦᠨ ᠪᠠ ᠲᠠᠲᠠᠬᠤ ᠬᠦᠴᠦᠨ ᠢ ᠬᠦᠴᠦᠲᠡᠢ ᠳᠡᠭᠡᠭᠰᠢᠯᠡᠭᠦᠯᠪᠡ᠃ 4 ᠳ᠋ᠦ᠋ᠭᠡᠷ ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠤᠯᠤᠰ ᠤᠨ ᠠᠶᠤᠯᠭᠦᠢ ᠶᠢᠨ ᠠᠯᠪᠠᠨ ᠭᠡᠷ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠤᠯᠤᠰ ᠤᠨ ᠠᠶᠤᠯᠭᠦᠢ ᠶᠢᠨ ᠦᠵᠡᠯᠲᠡ ᠶᠢ ︽ᠬᠢᠴᠢᠶᠡᠯ ᠤᠨ ᠲᠠᠩᠬᠢᠮ ᠳᠤ ᠣᠷᠣᠭᠤᠯᠬᠤ︾ ᠭᠤᠣᠯ ᠰᠡᠳᠦᠪ᠊ ᠠᠵᠢᠯᠯᠠᠭ᠎ᠠ ᠥᠷᠨᠢᠭᠦᠯᠪᠡ᠃ 4 ᠳ᠋ᠦ᠋ᠭᠡᠷ ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠮᠠᠨ ᠤ ᠬᠤᠲᠠ ᠥᠪᠥᠷ ᠮᠣᠩᠭᠤᠯ ᠤᠨ ᠮᠦᠽᠧᠢ ᠶᠢᠨ ᠡᠷᠳᠡᠨᠢ ᠶᠢᠨ ᠭᠦᠯᠢᠰ ᠲᠠᠯᠠᠪᠠᠶ ᠳᠤ ᠤᠯᠤᠰ ᠤᠨ ᠠᠶᠤᠯᠭᠦᠢ ᠶᠢᠨ ᠭᠤᠣᠯ ᠰᠡᠳᠦᠪᠲᠦ ᠦᠵᠡᠰᠬᠦᠯᠡᠩ ᠢ ᠡᠷᠭᠢᠯᠡᠬᠦ ᠶᠢᠨ ᠬᠠᠮᠲᠤ᠂ ᠡᠯ᠎ᠡ ᠬᠤᠰᠢᠭᠤ ᠰᠢᠶᠠᠨ ᠲᠣᠭᠤᠷᠢᠭ ᠲᠤ 112 ᠤᠬᠠᠭᠤᠯᠭ᠎ᠠ ᠶᠢᠨ ᠴᠡᠭ ᠭᠠᠷᠭᠠᠵᠤ᠂ ᠲᠣᠰ ᠣᠷᠣᠨ ᠪᠦᠰᠡ ᠶᠢᠨ ᠣᠨᠴᠠᠯᠢᠭ ᠲᠠᠢ ᠪᠠᠨ ᠤᠶᠠᠯᠳᠤᠭᠤᠯᠤᠨ ᠪᠥᠬᠦ ᠲᠠᠯ᠎ᠠ ᠪᠠᠷ ᠨᠡᠶᠢᠭᠡᠮ ᠤᠨ ᠤᠬᠠᠭᠤᠯᠭ᠎ᠠ ᠬᠢᠪᠡ᠃      ᠲᠠᠷᠠᠭᠠᠴᠢ ᠶᠢᠨ ᠠᠯᠬᠤᠮ ᠳᠤ᠂ ᠬᠤᠲᠠ ᠶᠢᠨ ᠨᠠᠮ ᠤᠨ ᠬᠤᠷᠢᠶᠠᠨ ᠤ ᠤᠯᠤᠰ ᠤᠨ ᠠᠶᠤᠯᠭᠦᠢ ᠶᠢᠨ ᠠᠯᠪᠠᠨ ᠭᠡᠷ ᠪᠠᠰᠠ ᠤᠯᠤᠰ ᠤᠨ ᠠᠶᠤᠯᠭᠦᠢ ᠶᠢᠨ ᠦᠵᠡᠯᠲᠡ ᠶᠢᠨ ᠲᠤᠬᠠᠢ ᠰᠤᠷᠤᠯᠴᠠᠯᠭ᠎ᠠ ᠬᠥᠮᠦᠵᠢᠯ ᠤᠨ ︽ᠳᠣᠯᠤᠭ᠎ᠠ ᠳᠤ ᠣᠷᠣᠭᠤᠯᠬᠤ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠤᠯᠤᠰ ᠤᠨ ᠠᠶᠤᠯᠭᠦᠢ ᠶᠢ ᠬᠠᠤᠯᠢ ᠶᠣᠰᠣᠭᠠᠷ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠣᠯᠠᠨ ᠨᠡᠶᠢᠲᠡ ᠶᠢᠨ ᠤᠯᠤᠰ ᠤᠨ ᠠᠶᠤᠯᠭᠦᠢ ᠶᠢ ᠬᠠᠮᠠᠭᠠᠯᠠᠬᠤ ᠤᠬᠠᠮᠰᠠᠷ ᠪᠠ ᠬᠡᠪ ᠪᠣᠯᠪᠠᠰᠤᠷᠠᠯ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号