︽ᠭᠤᠣᠯᠲᠤ ᠪᠣᠷᠣ ᠶᠢ ᠦᠨᠳᠦᠰᠦᠯᠡᠭᠦᠯᠬᠦ︾ ᠲᠥᠯᠥᠪᠯᠡᠭᠡ ᠶᠢᠨ ᠠᠵᠢᠯᠲᠠᠨ ᠡᠯᠰᠡᠬᠦ ᠴᠤᠭᠯᠠᠭᠠᠨ 15 ᠤ ᠡᠳᠦᠷ ᠶᠠᠪᠤᠭᠳᠠᠨ᠎ᠠ
ᠨᠡᠶᠢᠲᠡᠯᠡᠭᠰᠡᠨ ᠴᠠᠭ᠄
2023/4/13
      ︵ᠰᠤᠷᠪᠤᠯᠵᠢᠯᠠᠭᠴᠢ ᠯᠢᠦᠢ ᠬᠤᠢ ᠱᠧᠩ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ᠂ ᠠᠵᠢᠯ ᠠᠯᠳᠠᠭᠰᠠᠨ ᠬᠥᠳᠡᠯᠮᠦᠷᠢᠴᠢᠨ᠂ ᠠᠵᠢᠯ ᠣᠯᠬᠤ ᠳᠤ ᠬᠦᠴᠢᠷᠲᠡᠢ ᠬᠥᠮᠥᠰ᠂ ᠴᠡᠷᠢᠭ ᠠᠴᠠ ᠬᠠᠯᠠᠭᠳᠠᠭᠰᠠᠳ ᠵᠢᠴᠢ ᠴᠡᠷᠢᠭ ᠠᠴᠠ ᠬᠠᠯᠠᠭᠳᠠᠭᠰᠠᠳ ᠤᠨ ᠭᠡᠷ ᠪᠦᠯᠢ᠂ ᠵᠡᠮᠳᠡᠭᠴᠦᠳ ᠵᠡᠷᠭᠡ ᠬᠥᠮᠥᠰ ᠤᠨ ᠠᠵᠢᠯ ᠣᠯᠭᠤᠯᠲᠠ ᠶᠢ ᠦᠷᠭᠦᠯᠵᠢᠯᠡᠨ ᠠᠬᠢᠭᠤᠯᠵᠤ᠂ ᠬᠥᠮᠥᠨ ᠬᠡᠷᠡᠭᠯᠡᠬᠦ ᠨᠢᠭᠡᠴᠡ ᠲᠠᠢ ᠰᠠᠶᠢᠨ ᠰᠠᠶᠢᠬᠠᠨ ᠨᠡᠪᠲᠡᠷᠡᠯᠴᠡᠬᠦ ᠪᠠ ᠰᠣᠩᠭᠤᠬᠤ ᠲᠠᠪᠴᠠᠩ ᠪᠠᠶᠢᠭᠤᠯᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠲᠢᠶᠠᠨ ᠢᠦᠢ ᠬᠥᠮᠥᠨ ᠤ ᠬᠦᠴᠦᠨ ᠤ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ ᠶᠢᠨ ︵ᠪᠦᠯᠦᠭᠯᠡᠯ︶ ᠬᠢᠵᠠᠭᠠᠷᠲᠤ ᠺᠣᠮᠫᠠᠨᠢ ᠠᠴᠠ ᠭᠤᠣᠯᠯᠠᠨ ᠡᠷᠭᠢᠯᠡᠵᠦ᠂ ᠰᠠᠶᠢᠬᠠᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠴᠠ ᠬᠠᠮᠵᠢᠨ ᠡᠷᠭᠢᠯᠡᠭᠰᠡᠨ ︽ᠭᠤᠣᠯᠲᠤ ᠪᠣᠷᠣ ᠶᠢ ᠦᠨᠳᠦᠰᠦᠯᠡᠭᠦᠯᠬᠦ ᠬᠠᠳᠬᠤᠬᠤ︾ ᠲᠥᠯᠥᠪᠯᠡᠭᠡ ᠶᠢᠨ ᠮᠣᠶᠢᠯ ᠬᠤᠲᠠ ᠶᠢᠨ ᠲᠤᠰᠬᠠᠢ ᠠᠵᠢᠯᠲᠠᠨ ᠡᠯᠰᠡᠬᠦ ᠴᠤᠭᠯᠠᠭᠠᠨ ᠢ ᠮᠠᠨ ᠤ ᠬᠤᠲᠠ ᠳᠤ ᠶᠠᠪᠤᠭᠳᠠᠬᠤ ᠪᠠᠷ ᠪᠣᠶ᠃       ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠨᠡᠶᠢᠲᠡ 110 ᠠᠵᠤ ᠠᠬᠤᠶᠢᠯᠠᠯ ᠣᠷᠣᠯᠴᠠᠨ᠂ 724 ᠠᠵᠢᠯ ᠤᠨ ᠪᠠᠶᠢᠷᠢ ᠳᠤ ᠠᠵᠢᠯᠲᠠᠨ ᠡᠯᠰᠡᠵᠦ᠂ 5158 ᠠᠵᠢᠯ ᠤᠨ ᠪᠠᠶᠢᠷᠢ ᠬᠠᠩᠭᠠᠨ᠎ᠠ᠃ 4 ᠳ᠋ᠦ᠋ᠭᠡᠷ ᠰᠠᠷ᠎ᠠ ᠶᠢᠨ 15 ᠤ ᠡᠳᠦᠷ ᠤᠨ 10 ᠴᠠᠭ ᠠᠴᠠ 17 ᠴᠠᠭ ᠪᠣᠯᠲᠠᠯ᠎ᠠ ᠠᠬᠤᠢ ᠲᠠᠯᠠᠪᠠᠢ ᠶᠢᠨ ᠠᠵᠢᠯᠲᠠᠨ ᠡᠯᠰᠡᠬᠦ ᠴᠤᠭᠯᠠᠭᠠᠨ ᠥᠷᠨᠢᠭᠦᠯᠵᠦ᠂ ᠠᠵᠢᠯ ᠡᠷᠢᠭᠰᠡᠳ ᠤᠨ ᠨᠢᠭᠤᠷᠲᠠᠨ ᠰᠢᠯᠭᠠᠯᠲᠠ ᠳᠤ ᠣᠷᠣᠯᠴᠠᠪᠠᠯ ᠪᠡᠯᠡᠭ ᠬᠦᠷᠭᠡᠬᠦ ᠭᠤᠭᠴᠤᠭ᠎ᠠ ᠨᠡᠮᠡᠬᠦ ᠶᠢᠨ ᠬᠠᠮᠲᠤ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠬᠠᠩᠭᠠᠬᠤ ᠠᠵᠢᠯᠯᠠᠭ᠎ᠠ ᠥᠷᠨᠢᠭᠦᠯᠦᠨ᠎ᠡ᠃ ᠣᠶᠢᠯᠠᠭᠠᠭᠰᠠᠨ ᠢᠶᠠᠷ᠂ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠠᠵᠢᠯᠯᠠᠭ᠎ᠠ 4 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ ᠦᠷᠭᠦᠯᠵᠢᠯᠡᠨ᠎ᠡ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号