ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/17
ᠾᠧ ᠬᠠᠢ ᠳ᠋ᠦᠩ ᠬᠤᠷᠠᠯ ᠢ ᠡᠷᠬᠢᠯᠡᠪᠡ      4 ᠳ᠋ᠦ᠋ᠭᠡᠷ ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ ᠾᠧ ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠪᠥᠬᠦ ᠬᠤᠲᠠ ᠶᠢᠨ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯ ᠤᠨ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠪᠥᠬᠦ ᠬᠤᠲᠠ ᠶᠢᠨ ᠠᠶᠤᠯᠭᠦᠢ ᠶᠢᠨ ᠳᠠᠯᠳᠠ ᠬᠡᠮ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠥᠬᠡᠬᠤᠲᠠ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯ ᠤᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ︽ᠰᠣᠶᠣᠯ ᠵᠢᠭᠤᠯᠴᠢᠯᠠᠯ ᠠᠭᠤᠰᠤᠯᠴᠠᠭᠰᠠᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ ︵ᠬᠦᠷᠭᠡᠨ ᠬᠢᠨᠠᠭᠤᠯᠬᠤ ᠨᠣᠣᠷᠠᠭ︶︾ ᠢ ᠬᠢᠨᠠᠨ ᠶᠠᠷᠢᠯᠴᠠᠵᠤ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯ ᠤᠨ ᠡᠭᠦᠷᠭᠡ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠦᠴᠢᠷ ᠠᠰᠠᠭᠤᠳᠠᠯ︾ ᠢ ᠰᠠᠶᠢᠲᠤᠷ ᠠᠳᠬᠤᠵᠤ᠂ ︽ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠵᠦ᠂ ᠲᠤᠶᠢᠯᠪᠤᠷᠢᠲᠠᠢ ᠪᠠᠶᠢᠴᠠᠭᠠᠬᠤ ᠬᠤᠷᠳᠤᠴᠠ ᠪᠣᠯᠣᠨ ᠦᠷ᠎ᠡ ᠪᠦᠲᠦᠮᠵᠢ ᠶᠢ ᠲᠦᠷᠭᠡᠳᠬᠡᠵᠦ᠂ ᠣᠷᠣᠨ ᠤ ᠲᠥᠪ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠦᠵᠡᠯ ᠰᠠᠨᠠᠭᠠᠨ ᠳᠡᠭᠡᠷ᠎ᠡ ᠪᠠᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠢᠭᠰᠠᠭᠠᠨ ᠪᠠᠶᠢᠴᠠᠭᠠᠬᠤ ᠳᠠᠭᠠᠨ ᠡᠷᠬᠡᠪᠰᠢ ᠨᠠᠷᠢᠨ ᠨᠢᠮᠪᠠᠢ ᠪᠠᠶᠢᠵᠤ᠂ ᠴᠡᠭᠴᠡᠯᠡᠨ ᠰᠠᠶᠢᠵᠢᠷᠠᠭᠤᠯᠬᠤ ᠳᠠᠭᠠᠨ ᠡᠷᠬᠡᠪᠰᠢ ᠡᠷᠡᠰ ᠲᠤᠶᠢᠯᠪᠤᠷᠢᠲᠠᠢ ᠪᠠᠶᠢᠬᠤ ᠬᠡᠷᠡᠭᠲᠡᠢ᠃ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠢᠯᠡᠴᠢᠯᠡᠨ ᠮᠡᠳᠡᠭᠦᠯᠬᠦ ᠪᠠ ᠱᠠᠩᠨᠠᠵᠤ ᠲᠣᠷᠭᠠᠬᠤ ᠪᠠᠶᠢᠩᠭᠤ ᠶᠢᠨ ᠲᠣᠭᠲᠠᠴᠠ ᠶᠢ ᠪᠠᠶᠢᠭᠤᠯᠵᠤ᠂ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠢᠯᠡᠳᠪᠦᠷᠢᠯᠡᠯ ᠤᠨ ᠠᠶᠤᠯᠭᠦᠢ ᠶᠢᠨ ᠬᠦᠨᠳᠦ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠡᠢ᠃       ᠬᠤᠷᠠᠯ ᠠᠴᠠ ᠵᠢᠭᠠᠵᠤ ᠭᠠᠷᠭᠠᠭᠰᠠᠨ ᠨᠢ᠂ 2003 ᠣᠨ ᠳᠤ ᠨᠡᠶᠢᠲᠡᠯᠡᠨ ᠬᠡᠷᠡᠭᠵᠢᠭᠦᠯᠦᠭᠰᠡᠨ ︽ᠬᠥᠬᠡᠬᠤᠲᠠ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯ ᠤᠨ ᠳᠦᠷᠢᠮ︾ ᠤᠨ ᠮᠠᠰᠢ ᠣᠯᠠᠨ ᠠᠭᠤᠯᠭ᠎ᠠ ᠨᠢ ᠣᠳᠣᠬᠠᠨ ᠳᠤ ᠮᠠᠨ ᠤ ᠬᠤᠲᠠ ᠶᠢᠨ ᠪᠣᠳᠠᠲᠠᠢ ᠠᠵᠢᠯ ᠤᠨ ᠬᠡᠷᠡᠭᠴᠡᠭᠡ ᠳᠤ ᠨᠡᠶᠢᠴᠡᠬᠦ ᠦᠭᠡᠢ ᠪᠣᠯᠤᠭᠰᠠᠨ ᠪᠣᠯᠬᠤᠷ ᠲᠡᠭᠦᠨ ᠳᠤ ᠳᠠᠬᠢᠨ ᠵᠠᠰᠠᠪᠤᠷᠢ ᠣᠷᠣᠭᠤᠯᠬᠤ ᠮᠠᠰᠢ ᠴᠢᠬᠤᠯᠠ ᠲᠠᠢ ᠪᠠᠶᠢᠨ᠎ᠠ᠃ ᠠᠵᠢᠯ ᠤᠨ ᠳᠦᠷᠢᠮ᠂ ᠦᠨᠳᠦᠰᠦᠨ ᠲᠤᠰᠢᠶᠠᠯ ᠬᠠᠷᠢᠭᠤᠴᠠᠯᠭ᠎ᠠ ᠵᠡᠷᠭᠡ ᠬᠤᠯᠪᠣᠭᠳᠠᠯ ᠪᠦᠬᠦᠢ ᠵᠦᠢᠯ ᠵᠤᠷᠪᠤᠰ ᠤᠨ ᠠᠭᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠳᠦᠷᠢᠮ ᠢ ᠨᠡᠶᠢᠲᠡᠯᠡᠭᠰᠡᠨ ᠤ ᠳᠠᠷᠠᠭᠠᠬᠢ ᠬᠡᠷᠡᠭᠯᠡᠭᠡᠨ ᠳᠤ ᠵᠣᠬᠢᠴᠠᠬᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠳᠬᠠᠵᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯ ᠳᠤ ᠦᠨᠡᠨ ᠬᠦ ᠬᠡᠷᠡᠭᠵᠢᠭᠦᠯᠵᠦ ᠪᠣᠯᠬᠤᠶᠢᠴᠠ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠳᠠ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠰᠡᠳᠬᠢᠴᠡ ᠠᠷᠭ᠎ᠠ ᠬᠡᠮᠵᠢᠶ᠎ᠡ ᠶᠢ ᠰᠢᠰᠲ᠋ᠧᠮ ᠲᠠᠢ ᠲᠥᠯᠥᠪᠵᠢᠭᠦᠯᠵᠦ᠂ ᠬᠡᠷᠡᠭᠵᠢᠭᠦᠯᠬᠦ ᠰᠠᠨᠠᠯ ᠤᠨ ᠪᠣᠳᠠᠲᠠᠢ ᠠᠭᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠨᠠᠷᠢᠯᠢᠭᠵᠢᠭᠤᠯᠵᠤ᠂ ᠴᠠᠭ ᠲᠠᠢ ᠬᠠᠷᠠᠯᠲᠠ ᠲᠠᠢ ᠭᠤᠣᠯ ᠴᠣᠭᠴᠠ ᠲᠠᠢ ᠪᠣᠯᠭᠠᠵᠤ᠂ ᠬᠡᠷᠡᠭᠵᠢᠭᠦᠯᠬᠦ ᠰᠠᠨᠠᠯ ᠢ ᠨᠠᠷᠢᠨ ᠵᠣᠷᠪᠣᠰᠯᠠᠨ᠂ ᠪᠦᠬᠦ ᠬᠤᠳᠠ ᠶᠢᠨ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠲᠦᠷᠭᠡᠨ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ︵ᠯᠢ ᠬᠠᠢ ᠵᠧᠨ︶
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号