ᠬᠤᠲᠠ ᠶᠢᠨ ᠵᠠᠰᠠᠭ ᠤᠨ ᠣᠷᠳᠣᠨ ᠤ 2023 ᠣᠨ ᠤ 3 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 3 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/17
ᠾᠧ ᠬᠠᠢ ᠳ᠋ᠦᠩ ᠬᠤᠷᠠᠯ ᠢ ᠡᠷᠬᠢᠯᠡᠪᠡ      4 ᠳ᠋ᠦ᠋ᠭᠡᠷ ᠰᠠᠷ᠎ᠠ ᠶᠢᠨ 14 ᠤ ᠡᠳᠦᠷ᠂ ᠬᠤᠳᠠ ᠶᠢᠨ ᠵᠠᠰᠠᠭ ᠤᠨ ᠣᠷᠳᠣᠨ ᠤ 2023 ᠣᠨ ᠤ 3 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂ ᠣᠶᠢᠷ᠎ᠠ ᠶᠢᠨ ᠬᠤᠭᠤᠴᠠᠭᠠᠨ ᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠬᠤᠷᠠᠯ ᠪᠣᠯᠣᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ  ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠾᠧ ᠬᠠᠢ ᠳ᠋ᠦᠩ ᠬᠤᠷᠠᠯ ᠢ ᠡᠷᠭᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠨᠠᠮ ᠢᠶᠠᠷ ᠢᠶᠠᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠨᠢ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠬᠤ ᠴᠢᠬᠤᠯᠠ ᠶᠡᠭᠡ ᠪᠠᠶᠢᠷᠢᠯᠠᠭᠤᠯᠤᠯᠲᠠ ᠪᠣᠯᠣᠨ᠎ᠠ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠲᠥᠯᠥᠪᠵᠢᠭᠦᠯᠵᠦ᠂ ᠰᠠᠶᠢᠲᠤᠷ ᠵᠣᠬᠢᠶᠠᠨ ᠪᠠᠶᠢᠭᠤᠯᠵᠤ᠂ ᠰᠠᠶᠢᠲᠤᠷ ᠨᠠᠶᠢᠳᠠᠪᠤᠷᠢᠵᠢᠭᠤᠯᠵᠤ᠂ ᠤᠳᠤ ᠠᠴᠠ ᠡᠬᠢᠯᠡᠨ ᠰᠡᠳᠬᠢᠯ ᠰᠠᠨᠠᠭ᠎ᠠ ᠪᠠᠨ ᠲᠣᠭᠲᠠᠭᠤᠨ ᠪᠠᠶᠢᠯᠭᠠᠵᠤ ᠨᠠᠷᠢᠨ ᠬᠢᠨᠠᠮᠠᠭᠠᠢ ᠰᠤᠷᠤᠯᠴᠠᠬᠤ ᠬᠡᠷᠡᠭᠲᠡᠢ᠃ ᠰᠤᠷᠤᠯᠴᠠᠬᠤ ᠲᠥᠯᠥᠪᠯᠡᠭᠡ ᠲᠣᠭᠲᠠᠭᠠᠵᠤ᠂ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠬᠢᠵᠦ᠂ ᠡᠨᠡ ᠵᠢᠯ ᠤᠨ ᠭᠤᠣᠯ ᠰᠡᠳᠦᠪᠲᠦ ᠬᠥᠮᠦᠵᠢᠯ ᠢ ᠠᠰᠢᠭᠯᠠᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠨᠡᠨᠬᠦ ᠰᠤᠷᠤᠯᠴᠠᠨ ᠣᠶᠢᠯᠠᠭᠠᠵᠤ ᠨᠡᠪᠲᠡᠷᠡᠬᠦ ᠬᠡᠷᠡᠭᠲᠡᠢ ᠭᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠠᠶᠢᠴᠠᠭᠠᠨ ᠰᠤᠳᠤᠯᠤᠯᠲᠠ ᠪᠣᠯ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠠᠵᠢᠯ ᠮᠥᠨ᠂ ᠪᠠᠭ ᠤᠨ ᠪᠦᠷᠢᠯᠳᠦᠭᠦᠨ ᠨᠦᠭᠦᠳ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠴᠢᠩᠭ᠎ᠠ ᠲᠥᠪᠯᠡᠷᠡᠭᠦᠯᠵᠦ᠂ ᠲᠤᠰᠬᠠᠢ ᠲᠥᠷᠥᠯ ᠤᠨ ᠶᠡᠭᠡ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠲᠤᠶᠢᠯᠪᠤᠷᠢᠲᠠᠢ ᠪᠠᠶᠢᠴᠠᠭᠠᠬᠤ᠂ ᠬᠦᠴᠢᠷ ᠠᠰᠠᠭᠤᠳᠠᠯ ᠢ ᠶᠡᠬᠡᠪᠡᠷ ᠰᠢᠪᠲᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠠᠷᠢᠨ ᠬᠢᠨᠠᠮᠠᠭᠠᠢ ᠪᠠᠷ ᠰᠢᠨ᠎ᠡ ᠪᠠᠶᠢᠳᠠᠯ ᠢ ᠰᠤᠳᠤᠯᠵᠤ᠂ ᠰᠢᠨ᠎ᠡ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠲᠤᠷᠰᠢᠯᠭ᠎ᠠ ᠶᠢ ᠳ᠋ᠦᠩᠨᠡᠵᠦ᠂ ᠨᠠᠮ ᠤᠨ ᠰᠢᠨ᠎ᠡ ᠶᠢ ᠡᠭᠦᠳᠬᠦ ᠣᠨᠣᠯ ᠢ ᠬᠥᠬᠡᠬᠤᠲᠠ ᠳᠤ ᠦᠨᠡᠨ ᠪᠣᠳᠠᠲᠠᠢ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠮᠠᠨ ᠤ ᠬᠤᠲᠠ ᠶᠢᠨ ᠨᠢᠭᠡᠳᠦᠭᠡᠷ ᠤᠯᠠᠷᠢᠯ ᠤᠨ ᠡᠯ᠎ᠡ ᠵᠦᠢᠯ ᠤᠨ ᠭᠦᠢᠴᠡᠳᠬᠡᠯ ᠲᠤᠭ᠎ᠠ ᠴᠥᠮ ᠶᠡᠭᠡ ᠰᠠᠶᠢᠨ ᠪᠠᠶᠢᠵᠤ᠂ ᠣᠳᠣ ᠶᠠᠭ ᠨᠢᠭᠡ ᠶᠡᠬᠡᠪᠡᠷ ᠠᠵᠢᠭᠯᠠᠬᠤ ᠴᠠᠭ ᠲᠣᠬᠢᠶᠠᠯ ᠪᠣᠯᠣᠭᠠᠳ ᠪᠠᠶᠢᠨ᠎ᠠ᠃ ᠵᠠᠰᠠᠭ ᠤᠨ ᠣᠷᠳᠣᠨ ᠤ ᠪᠠᠭ ᠤᠨ ᠭᠡᠰᠢᠭᠦᠳ ᠥᠪᠡᠷ ᠤᠨ ᠪᠡᠶ᠎ᠡ ᠪᠠᠷ ᠢᠶᠠᠨ ᠳᠠᠭᠤᠷᠢᠶᠠᠯ ᠪᠣᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠨᠡᠶᠢᠯᠡᠯ ᠬᠦᠴᠦᠨ ᠢ ᠪᠦᠷᠢᠯᠳᠦᠭᠦᠯᠵᠦ᠂ ᠲᠠᠷᠢᠬᠢ ᠪᠠᠨ ᠢᠯᠡᠭᠦᠬᠡᠨ ᠬᠥᠳᠡᠯᠭᠡᠨ ᠰᠢᠨ᠎ᠡ ᠶᠢ ᠣᠯᠠᠨ ᠡᠭᠦᠳᠴᠦ᠂ ᠠᠵᠢᠯ ᠳᠠᠭᠠᠨ ᠨᠡᠩ ᠶᠡᠭᠡ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠡᠨᠡ ᠵᠢᠯ ᠤᠨ ᠠᠵᠢᠯ ᠢᠶᠠᠨ ᠰᠠᠶᠢᠨ ᠪᠡᠶᠡᠯᠡᠭᠦᠯᠬᠦ ᠪᠠᠷ ᠪᠦᠬᠦ ᠬᠦᠴᠦᠨ ᠢᠶᠠᠷ ᠢᠶᠠᠨ ᠴᠢᠷᠮᠠᠶᠢᠬᠤ ᠬᠡᠷᠡᠭᠲᠡᠢ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠵᠢᠯ ᠢ ᠬᠢᠵᠦ᠂ ᠬᠢᠨ ᠪᠦᠲᠦᠭᠡᠵᠦ᠂ ᠪᠠᠰᠠ ᠤᠴᠢᠷ ᠭᠠᠷᠭᠠᠬᠤ ᠦᠭᠡᠢ ᠪᠠᠶᠢᠵᠤ᠂ ᠥᠪᠡᠷ ᠢ ᠪᠠᠨ ᠴᠢᠩᠭ᠎ᠠ ᠱᠠᠭᠠᠷᠳᠠᠵᠤ᠂ ᠥᠪᠡᠷ ᠢᠶᠠᠨ ᠳᠠᠭᠤᠷᠢᠶᠠᠯ ᠪᠣᠯᠬᠤ ᠬᠡᠷᠡᠭᠲᠡᠢ᠃ ᠣᠯᠠᠨ ᠨᠡᠶᠢᠲᠡ ᠶᠢᠨ ᠡᠬᠢ ᠪᠠᠶᠠᠯᠢᠭ᠂ ᠣᠯᠠᠨ ᠨᠡᠶᠢᠲᠡ ᠶᠢᠨ ᠪᠡᠯᠡ ᠮᠥᠩᠭᠦ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠵᠡᠷᠭᠡ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠴᠢᠩᠭ᠎ᠠ ᠬᠠᠨᠳᠤᠭᠤᠯᠵᠤ᠂ ᠢᠯᠵᠠᠷᠠᠯ ᠤᠨ ᠠᠰᠠᠭᠤᠳᠠᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠡᠢ᠃ ︵ᠯᠢ ᠬᠠᠢ ᠵᠧᠨ︶
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号