| ᠪᠣᠣ ᠭᠠᠩ ᠬᠤᠷᠠᠯ ᠢ ᠡᠷᠬᠢᠯᠡᠪᠡ | ︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ | ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠭᠤᠸᠠᠩᠳᠦ᠋ᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠤᠯᠤᠰ ᠤᠨ ᠲᠣᠭᠤᠷᠢᠨ ᠪᠠᠶᠢᠴᠠᠭᠠᠬᠤ | ᠠᠵᠢᠯ ᠤᠨ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠨᠢᠭᠡᠳᠦᠭᠡᠷ ᠡᠭᠡᠯᠵᠢ ᠶᠢᠨ ᠲᠣᠭᠤᠷᠢᠨ | ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠪᠣᠯᠣᠨ ᠠᠷᠪᠠᠨ ᠨᠢᠭᠡᠳᠦᠭᠡᠷ | ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠡᠭᠡᠯᠵᠢ ᠶᠢᠨ ᠲᠣᠭᠤᠷᠢᠨ | ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠭᠤᠸᠠᠩᠳᠦ᠋ᠩ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠣᠶᠢᠯᠠᠭᠠᠵᠤ᠂ ᠣᠷᠣᠨ ᠤ ᠲᠥᠪ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠤᠶᠢᠪᠢᠰᠢ ᠦᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠪᠣᠳᠠᠲᠤ ᠴᠣᠭᠴᠠ ᠶᠢᠨ ᠠᠵᠤ ᠠᠬᠤᠢ ᠪᠠᠷ ᠲᠤᠯᠭᠠᠭᠤᠷᠢᠯᠠᠯ | ᠪᠣᠯᠭᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠲᠦᠷᠦᠯ ᠵᠦᠢᠯ᠂ ᠪᠡᠯᠡ | ᠣᠷᠤᠭᠤᠯᠤᠯᠲᠠ ᠶᠢᠨ ︽ᠬᠤᠣᠰ ᠮᠢᠩᠭ᠎ᠠ︾ ᠶᠢᠨ ᠬᠠᠷᠠᠯᠲᠠ ᠲᠠᠢ ᠬᠠᠷᠢᠴᠠᠭᠤᠯᠵᠤ᠂ ᠪᠦᠬᠦ ᠠᠵᠤ ᠦᠢᠯᠡᠰ ᠤᠨ | ᠬᠡᠯᠬᠢᠶ᠎ᠡ ᠶᠢᠨ ᠲᠣᠭᠤᠷᠢᠨ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠪᠣᠯᠣᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠴᠢᠩᠭ᠎ᠠ ᠠᠳᠬᠤᠵᠤ᠂ ︽ᠵᠢᠷᠭᠤᠭᠠᠨ ᠶᠡᠭᠡ | ᠠᠵᠤ ᠦᠢᠯᠡᠰ ᠤᠨ ᠪᠥᠭᠡᠮᠨᠡᠷᠡᠯ︾ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ | ᠴᠢᠩᠭᠠᠳᠬᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠦᠢᠯᠡᠰ ᠤᠨ ᠪᠥᠭᠡᠮᠨᠡᠷᠡᠯ ᠤᠨ ᠬᠡᠯᠬᠢᠶ᠎ᠡ ᠪᠠᠷ | ᠬᠥᠭᠵᠢᠬᠦ ᠶᠢ ᠠᠬᠢᠭᠤᠯᠬᠤ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠮᠢᠶᠠᠷᠤᠯᠲᠠ ᠶᠢ ᠤᠯᠠᠮ | ᠨᠢᠭᠡ ᠠᠯᠬᠤᠮ ᠴᠢᠩᠭᠠᠳᠬᠠᠵᠤ᠂ ᠰᠤᠯᠠ ᠪᠠᠶᠢᠭ᠎ᠠ ᠡᠳ᠋ ᠬᠥᠷᠥᠩᠭᠡ᠂ ᠪᠠᠷᠢᠵᠤ ᠳᠠᠭᠤᠰᠬᠠᠭᠰᠠᠨ ᠦᠭᠡᠢ ᠠᠰᠠᠷ | ᠪᠠᠷᠢᠯᠭ᠎ᠠ ᠵᠡᠷᠭᠡ ᠶᠢ ᠪᠦᠬᠦ ᠲᠠᠯ᠎ᠠ ᠪᠠᠷ ᠡᠮᠬᠢᠯᠡᠨ ᠢᠯᠭᠠᠷᠠᠭᠤᠯᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ | ᠠᠮᠢᠯᠠᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠵᠦ᠂ | ᠰᠥᠨᠢ ᠶᠢᠨ ᠠᠵᠤ ᠠᠬᠤᠢ᠂ ᠬᠠᠭᠤᠴᠢᠨ ᠨᠡᠷᠡᠳᠦ ᠲᠡᠮᠳᠡᠭ᠂ ᠲᠣᠮᠣ ᠬᠡᠯᠪᠡᠷᠢ ᠶᠢᠨ ᠬᠤᠳᠠᠯᠳᠤᠭᠠᠨ ᠤ | ᠶᠡᠷᠦᠩᠬᠡᠶᠢᠯᠡᠭᠰᠡᠨ ᠴᠣᠭᠴᠠ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠵᠦ᠂ ᠣᠷᠣᠨ ᠤ ᠲᠥᠪ ᠤᠨ | ᠬᠥᠮᠥᠰ ᠤᠨ ᠴᠤᠭ ᠢ ᠬᠥᠭᠵᠢᠭᠡᠨ᠂ ᠬᠡᠷᠡᠭᠯᠡᠭᠡ ᠶᠢ ᠳᠠᠶᠢᠴᠢᠯᠠᠵᠤ᠂ ᠬᠤᠳᠠ ᠶᠢ ᠨᠡᠩ ᠬᠦᠷ ᠬᠥᠭᠵᠢᠶᠡᠨ ᠲᠠᠢ | ᠪᠣᠯᠭᠠᠬᠤ ᠬᠡᠷᠡᠭᠲᠡᠢ᠃ ᠣᠷᠣᠨ ᠤ ᠲᠥᠪ ᠤᠨ ᠰᠢᠨ᠎ᠡ ᠶᠢ ᠡᠭᠦᠳᠬᠦ ᠡᠬᠢ ᠪᠠᠶᠠᠯᠢᠭ ᠲᠥᠪᠯᠡᠷᠡᠭᠰᠡᠨ ᠳᠠᠪᠠᠭᠤᠯᠢᠭ ᠢ | ᠭᠦᠢᠴᠡᠳ ᠪᠠᠳᠠᠷᠠᠭᠤᠯᠵᠤ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ | ᠲᠦᠷᠭᠡᠳᠬᠡᠨ ᠪᠠᠶᠢᠭᠤᠯᠵᠤ᠂ ᠤᠯᠤᠰ ᠤᠨ ᠲᠠᠰ ᠤᠨ ᠡᠪᠡᠰᠦ ︵ᠡᠭᠦᠯᠳᠡᠷ︶ ᠶᠢᠨ ᠦᠢᠯᠡᠰ ᠤᠨ ᠮᠡᠷᠭᠡᠵᠢᠯ ᠤᠨ | ᠰᠢᠨ᠎ᠡ ᠶᠢ ᠡᠭᠦᠳᠬᠦ ᠲᠥᠪ ᠵᠡᠷᠭᠡ ᠰᠢᠨ᠎ᠡ ᠶᠢ ᠡᠭᠦᠳᠬᠦ ᠠᠴᠢᠶᠠᠯᠠᠪᠤᠷᠢ ᠶᠢ ᠢᠳᠡᠪᠬᠢᠲᠡᠢ ᠪᠠᠷ ᠭᠤᠶᠤᠴᠢᠯᠠᠨ | ᠮᠡᠳᠡᠭᠦᠯᠵᠦ᠂ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ︾ ᠢᠨᠵᠧᠨᠧᠷᠢᠩ ᠢ ᠰᠠᠶᠢᠲᠤᠷ | ᠨᠠᠶᠢᠳᠠᠪᠤᠷᠢᠵᠢᠭᠤᠯᠤᠨ᠂ ᠣᠷᠣᠨ ᠤ ᠲᠥᠪ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠯᠠᠪᠳᠠᠭᠤᠨ ᠪᠠᠲᠤᠲᠠᠢ ᠴᠡᠭᠴᠡᠯᠡᠨ ᠰᠠᠶᠢᠵᠢᠷᠠᠭᠤᠯᠵᠤ᠂ ᠬᠠᠳᠤᠨ ᠭᠤᠣᠯ ᠤᠨ ᠰᠠᠪᠠ ᠭᠠᠵᠠᠷ᠂ ᠳᠠᠯᠠᠨ | ᠬᠠᠷ᠎ᠠ ᠠᠭᠤᠯᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢ ᠭᠦᠨᠵᠡᠭᠡᠢ ᠠᠬᠢᠭᠤᠯᠵᠤ᠂ ᠤᠯᠤᠰ ᠤᠨ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠭᠰᠠᠨ | ᠦᠷ᠎ᠡ ᠪᠦᠲᠦᠭᠡᠯ ᠢ ᠲᠠᠰᠤᠷᠠᠯᠳᠡ ᠦᠭᠡᠢ ᠪᠠᠬᠢᠵᠢᠭᠦᠯᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠬᠥᠳᠡᠭᠡ ᠲᠣᠰᠬᠤᠨ ᠤ ᠬᠥᠭᠵᠢᠯᠲᠡ᠂ ᠪᠦᠲᠦᠭᠡᠨ ᠪᠠᠶᠢᠭᠤᠯᠤᠯᠲᠠ | ᠪᠣᠯᠣᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠠᠮᠲᠤᠪᠠᠷ ᠴᠢᠨᠡᠭᠡᠯᠢᠭᠵᠢᠬᠦ ᠶᠢ | ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠲᠤᠬᠠᠢ ᠨᠠᠮ ᠤᠨ ᠲᠥᠪ | ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ | ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ︾ ᠳᠤᠮᠳᠠ ᠦᠨᠳᠦᠰᠦ ᠪᠠᠨ ᠦᠷᠭᠦᠯᠵᠢᠯᠡᠨ ᠪᠠᠬᠢᠵᠢᠭᠦᠯᠵᠦ᠂ | ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠤᠭᠤᠳᠴᠤ ᠨᠡᠩ ᠡᠷᠡᠰ ᠪᠠᠲᠤ ᠤᠬᠠᠮᠰᠠᠷ ᠠᠴᠠ ᠪᠠᠨ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠶᠢ ᠱᠤᠭᠤᠵᠤ᠂ ᠦᠢᠯᠡᠳᠦᠯᠭᠡ ᠪᠠᠨ | ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠨᠠᠮ ᠤᠨ ᠲᠥᠪ | ᠬᠤᠷᠢᠶᠠᠨ ᠤ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ | ᠲᠣᠭᠤᠷᠢᠨ ᠪᠠᠶᠢᠴᠠᠭᠠᠬᠤ ᠪᠠᠷ ᠥᠭᠡᠷᠡᠴᠢᠯᠡᠬᠦ ᠶᠢ ᠠᠬᠢᠭᠤᠯᠬᠤ᠂ ᠲᠣᠭᠤᠷᠢᠨ ᠪᠠᠶᠢᠴᠠᠭᠠᠬᠤ ᠪᠠᠷ ᠪᠦᠲᠦᠭᠡᠨ | ᠪᠠᠶᠢᠭᠤᠯᠤᠯᠲᠠ ᠶᠢ ᠠᠬᠢᠭᠤᠯᠬᠤ᠂ ᠲᠣᠭᠤᠷᠢᠨ ᠪᠠᠶᠢᠴᠠᠭᠠᠬᠤ ᠪᠠᠷ ᠵᠠᠰᠠᠯᠲᠠ ᠶᠢ ᠠᠬᠢᠭᠤᠯᠬᠤ ᠠᠵᠢᠯ ᠢ ᠲᠠᠰᠤᠷᠠᠯᠲᠠ | ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ | ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠤ᠂ ᠲᠣᠭᠤᠷᠢᠨ | ᠪᠠᠶᠢᠴᠠᠭᠠᠵᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠲᠣᠭᠤᠷᠢᠨ ᠪᠠᠶᠢᠴᠠᠭᠠᠬᠤ ᠠᠵᠢᠯ ᠳᠤ ᠪᠦᠬᠦ | ᠬᠦᠴᠦᠨ ᠢᠶᠠᠷ ᠢᠶᠠᠨ ᠰᠠᠶᠢᠲᠤᠷ ᠬᠠᠮᠵᠢᠯᠴᠠᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |