ᠡᠨᠡ ᠵᠢᠯ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠴᠢᠳᠠᠪᠤᠷᠢᠲᠠᠨ ᠤ ᠠᠵᠢᠯ ᠤᠨ ᠲᠤᠰᠬᠠᠢ ᠪᠡᠯᠡ ᠮᠥᠩᠭᠦ ᠶᠢ 1.09 ᠳ᠋ᠦᠩᠰᠢᠭᠤᠷ ᠲᠥᠭᠦᠷᠢᠭ ᠲᠣᠬᠢᠷᠠᠭᠤᠯᠪᠠ
ᠨᠡᠶᠢᠲᠡᠯᠡᠭᠰᠡᠨ ᠴᠠᠭ᠄
2023/4/18
      ︵ᠰᠤᠷᠪᠤᠯᠵᠢᠯᠠᠭᠴᠢ ᠰᠦᠩ ᠰᠢᠶᠠᠩ ᠬᠤᠸᠠ︶ ᠣᠶᠢᠷ᠎ᠠ ᠶᠢᠨ ᠵᠢᠯ ᠤᠨ ᠲᠤᠷᠰᠢ᠂ ᠬᠤᠲᠠ ᠶᠢᠨ ᠡᠳ᠋ ᠤᠨ ᠵᠠᠰᠠᠭ ᠠᠴᠠ ᠴᠢᠳᠠᠪᠤᠷᠢᠲᠠᠨ ᠤ ᠠᠵᠢᠯ ᠤᠨ ᠵᠠᠷᠤᠳᠠᠯ ᠢ ᠪᠠᠲᠤᠯᠠᠬᠤ ᠣᠷᠤᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠢᠯ ᠪᠦᠷᠢ ᠡᠯ᠎ᠡ ᠲᠦᠷᠦᠯ ᠤᠨ ᠴᠢᠳᠠᠪᠤᠷᠢᠲᠠᠨ ᠤ ᠲᠤᠰᠬᠠᠢ ᠲᠦᠷᠦᠯ ᠤᠨ ᠠᠵᠢᠯ ᠤᠨ ᠵᠠᠷᠤᠳᠠᠯ ᠢ ᠭᠦᠢᠴᠡᠳ ᠲᠤᠭ᠎ᠠ ᠪᠠᠷ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠠᠶᠢᠭᠤᠯᠤᠯᠭ᠎ᠠ ᠪᠣᠯᠣᠨ ᠬᠤᠳᠠ ᠶᠢᠨ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠪᠡᠯᠡ ᠮᠥᠩᠭᠦ ᠪᠠᠷ ᠳᠡᠮᠵᠢᠬᠦ ᠠᠷᠭ᠎ᠠ ᠵᠠᠮ ᠢ ᠥᠷᠭᠡᠳᠬᠡᠵᠦ᠂ ᠮᠠᠨ ᠤ ᠬᠤᠳᠠ ᠶᠢᠨ ᠬᠤᠳᠠᠯᠳᠤᠭᠠᠴᠢᠨ ᠤᠷᠢᠵᠤ ᠤᠶᠤᠨ ᠢ ᠲᠠᠲᠠᠬᠤ ᠬᠠᠮᠢᠶ᠎ᠠ ᠪᠦᠬᠦᠢ ᠠᠵᠢᠯ ᠢ ᠳᠡᠮᠵᠢᠬᠦ ᠳᠤ ᠬᠡᠷᠡᠭᠯᠡᠵᠡᠢ᠃       ᠡᠨᠡ ᠵᠢᠯ ᠤᠨ 1—3 ᠳ᠋ᠤᠭᠠᠷ ᠰᠠᠷ᠎ᠠ ᠳᠤ᠂ ᠮᠠᠨ ᠤ ᠬᠤᠲᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠣᠩᠭᠤᠵᠤ ᠲᠣᠮᠢᠯᠠᠭᠰᠠᠨ ᠰᠣᠷᠣᠭᠴᠢ ᠶᠢ ᠲᠣᠰᠬᠤᠨ ᠳᠤ ᠣᠴᠢᠭᠤᠯᠤᠨ ᠠᠵᠢᠯᠯᠠᠭᠤᠯᠬᠤ ᠨᠥᠬᠦᠪᠦᠷᠢ ᠪᠡᠯᠡ ᠮᠥᠩᠭᠦ ᠶᠢ ᠨᠡᠶᠢᠲᠡ 436.4 ᠲᠦᠮᠡᠨ ᠲᠥᠭᠦᠷᠢᠭ ᠪᠠᠭᠤᠯᠭᠠᠵᠤ᠂ ᠮᠠᠨ ᠤ ᠬᠤᠲᠠ ᠶᠢᠨ ᠴᠢᠳᠠᠪᠤᠷᠢᠲᠠᠨ ᠤ ᠠᠵᠢᠯ ᠢ ᠥᠷᠨᠢᠭᠦᠯᠬᠦ ᠳᠤ ᠴᠢᠬᠤᠯᠠ ᠪᠡᠯᠡ ᠮᠥᠩᠭᠦ ᠶᠢᠨ ᠨᠥᠬᠦᠪᠦᠷᠢ ᠬᠠᠩᠭᠠᠪᠠ᠃ ᠡᠭᠦᠨ ᠤ ᠬᠠᠮᠲᠤ᠂ ᠡᠨᠡ ᠵᠢᠯ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠲᠥᠰᠥᠪ ᠲᠤ ᠲᠣᠬᠢᠷᠠᠭᠤᠯᠤᠭᠰᠠᠨ ᠴᠢᠳᠠᠪᠤᠷᠢᠲᠠᠨ ᠤ ᠠᠵᠢᠯ ᠤᠨ ᠲᠤᠰᠬᠠᠢ ᠪᠡᠯᠡ ᠮᠥᠩᠭᠦ 1.09 ᠳ᠋ᠦᠩᠰᠢᠭᠤᠷ ᠲᠥᠭᠦᠷᠢᠭ ᠬᠦᠷᠴᠦ᠂ ᠮᠠᠨ ᠤ ᠬᠤᠲᠠ ᠶᠢᠨ ᠴᠢᠳᠠᠪᠤᠷᠢᠲᠠᠨ ᠢ ᠬᠥᠮᠥᠵᠢᠭᠦᠯᠬᠦ᠂ ᠣᠷᠣᠭᠤᠯᠤᠨ ᠠᠪᠴᠢᠷᠠᠬᠤ᠂ ᠵᠣᠬᠢᠴᠠᠭᠤᠯᠵᠤ ᠬᠡᠷᠡᠭᠯᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠲᠤᠭ᠎ᠠ ᠬᠡᠮᠵᠢᠶ᠎ᠡ ᠨᠢ ᠭᠦᠢᠴᠡᠳ᠂ ᠪᠦᠲᠦᠴᠡ  ᠨᠢ ᠵᠦᠢ ᠵᠣᠬᠢᠰᠲᠠᠢ᠂ ᠬᠡᠪ ᠴᠢᠨᠠᠷ ᠨᠢ ᠰᠢᠯᠢᠳᠡᠭ ᠰᠠᠶᠢᠨ᠂ ᠦᠢᠯᠡᠳᠦᠯ ᠨᠢ ᠲᠣᠪᠣᠶᠢᠮ᠎ᠠ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ ᠳᠤ ᠵᠠᠷᠤᠳᠠᠯ ᠤᠨ ᠪᠠᠲᠤᠯᠠᠭ᠎ᠠ ᠬᠠᠩᠭᠠᠵᠠᠢ᠃      ᠡᠭᠦᠨ ᠠᠴᠠ ᠭᠠᠳᠠᠨ᠎ᠠ᠂ ᠬᠤᠲᠠ ᠶᠢᠨ ᠡᠳ᠋ ᠤᠨ ᠵᠠᠰᠠᠭ ᠠᠴᠠ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠤᠰᠬᠠᠢ ᠪᠡᠯᠡ ᠮᠥᠩᠭᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠮᠥᠩᠭᠦ᠂ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭᠲᠦ᠂ ᠲᠤᠰᠬᠠᠢ ᠲᠦᠷᠦᠯ ᠤᠨ ᠵᠢᠭᠡᠯᠡᠯᠭᠡ ᠶᠢᠨ ᠲᠡᠮᠳᠡᠭᠲᠦ ᠵᠡᠷᠭᠡ ᠶᠢ ᠭᠦᠢᠴᠡᠳ ᠠᠰᠢᠭᠯᠠᠵᠤ᠂ ᠬᠤᠷᠢᠨᠭᠡᠷ ᠰᠢᠨ᠎ᠡ ᠲᠣᠭᠤᠷᠢᠭ ᠵᠢᠴᠢ ᠬᠤᠲᠠ ᠶᠢᠨ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠲᠥᠷᠥ ᠶᠢᠨ ᠪᠣᠳᠣᠯᠭ᠎ᠠ ᠶᠢᠨ ᠮᠡᠳᠡᠭᠦᠯᠬᠦ ᠨᠥᠬᠦᠴᠡᠯ ᠳᠤ ᠨᠡᠶᠢᠴᠡᠬᠦ ᠲᠥᠷᠥᠯ ᠵᠦᠢᠯ ᠤᠨ ᠨᠥᠭᠡᠴᠡ ᠶᠢ ᠰᠠᠶᠢᠲᠤᠷ ᠬᠢᠵᠦ᠂ ᠨᠠᠩ ᠣᠯᠠᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠣᠯᠬᠤ ᠪᠠᠷ ᠴᠢᠷᠮᠠᠶᠢᠵᠤ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠤ ᠪᠦᠯᠬᠦᠮ ᠨᠡᠶᠢᠲᠡ ᠪᠠ ᠴᠢᠳᠠᠪᠤᠷᠢᠲᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠬᠤᠷᠢᠨᠭᠡᠷ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号