ᠾᠧ ᠬᠠᠢ ᠳ᠋ᠦᠩ ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠢᠮᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2023/4/18
      ︵ᠰᠤᠷᠪᠤᠯᠵᠢᠯᠠᠭᠴᠢ ᠯᠢᠶᠠᠩ ᠵᠢᠩ ᠱᠤ᠋︶ 4 ᠳ᠋ᠦ᠋ᠭᠡᠷ ᠰᠠᠷ᠎ᠠ ᠶᠢᠨ 17 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠨᠠᠷ ᠢᠯᠢ ᠶᠢᠨ ᠤᠳᠤ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠢᠮᠳᠠᠭᠤᠯᠤᠨ ᠪᠠᠶᠢᠴᠠᠭᠠᠬᠤ ᠶᠢᠨ ᠬᠠᠮᠲᠤ ᠲᠤᠬᠠᠢ ᠶᠢᠨ ᠲᠠᠯᠠᠪᠠᠢ ᠶᠢᠨ ᠠᠯᠪᠠᠨ ᠬᠤᠷᠠᠯ ᠢ ᠬᠤᠷᠠᠯᠳᠤᠭᠤᠯᠵᠤ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃      ᠾᠧ ᠬᠠᠢ ᠳ᠋ᠦᠩ ᠨᠠᠷ ᠤᠷᠢᠳ ᠬᠤᠵᠢᠳ ᠵᠢᠨᠬᠠᠢ ᠵᠠᠮ ᠤᠨ ᠪᠠᠷᠠᠭᠤᠨᠰᠢ ᠰᠤᠩᠭᠠᠭᠰᠠᠨ ᠬᠡᠰᠡᠭ᠂ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠴᠡᠯᠡᠭᠡᠷ ᠲᠠᠯ᠎ᠠ ᠬᠤᠪᠢᠶᠠᠷᠢ ᠰᠤᠷᠭᠠᠭᠤᠯᠢ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠰᠢᠭᠤᠳ ᠬᠠᠷᠢᠶᠠᠲᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠰᠢᠨ᠎ᠡ ᠬᠤᠲᠠ ᠲᠣᠭᠤᠷᠢᠭ ᠤᠨ ᠨᠢᠭᠡᠳᠦᠭᠡᠷ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠴᠡᠯᠡᠭᠡᠷ ᠲᠠᠯ᠎ᠠ ᠬᠤᠪᠢᠶᠠᠷᠢ ᠰᠤᠷᠭᠠᠭᠤᠯᠢ᠂ ᠰᠢᠨᠬᠤᠸᠠ ᠶᠡᠭᠡ ᠵᠡᠭᠡᠯᠢ ᠶᠢᠨ ᠪᠠᠷᠠᠭᠤᠨᠰᠢ ᠰᠤᠩᠭᠠᠭᠰᠠᠨ ᠬᠡᠰᠡᠭ ᠵᠡᠷᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠭᠠᠵᠠᠷ ᠲᠤ ᠬᠦᠷᠴᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠥᠷᠥᠯ ᠵᠦᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠪᠠ᠃      ᠳᠠᠷᠠᠭᠠᠪᠠᠷ ᠨᠢ ᠬᠤᠷᠠᠯᠳᠤᠭᠤᠯᠤᠭᠰᠠᠨ ᠲᠤᠬᠠᠢ ᠶᠢᠨ ᠲᠠᠯᠠᠪᠠᠢ ᠶᠢᠨ ᠠᠯᠪᠠᠨ ᠬᠤᠷᠠᠯ ᠳᠡᠭᠡᠷ᠎ᠡ᠂ ᠾᠧ ᠬᠠᠢ ᠳ᠋ᠦᠩ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ᠂ ᠠᠵᠤ ᠠᠬᠤᠶᠢᠯᠠᠯ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠬᠤᠷᠠᠯ ᠳᠤ ᠣᠷᠣᠯᠴᠠᠭᠰᠠᠳ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠰᠤᠳᠤᠯᠤᠨ ᠶᠠᠷᠢᠯᠴᠠᠵᠤ᠂ ᠬᠠᠨᠳᠤᠯᠭᠠᠲᠤ ᠴᠢᠨᠠᠷᠲᠠᠢ ᠰᠢᠢᠳᠪᠦᠷᠢᠯᠡᠬᠦ ᠲᠥᠰᠥᠯ ᠳᠤᠷᠠᠳᠴᠠᠢ᠃ ᠾᠧ ᠬᠠᠢ ᠳ᠋ᠦᠩ ᠬᠡᠯᠡᠬᠦ ᠳᠡᠭᠡᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠢᠨᠬᠠᠢ ᠵᠠᠮ ᠤᠨ ᠪᠠᠷᠠᠭᠤᠨᠰᠢ ᠰᠤᠩᠭᠠᠭᠰᠠᠨ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠣᠳᠣᠨ ᠪᠦᠲᠦᠭᠡᠯ ᠤᠨ ᠤᠬᠠᠮᠰᠠᠷ ᠢ ᠪᠣᠶ ᠪᠣᠯᠭᠠᠵᠤ᠂ ᠨᠣᠭᠤᠭᠠᠷᠠᠭᠤᠯᠬᠤ᠂ ᠭᠡᠷᠡᠯᠲᠦᠭᠦᠯᠬᠦ᠂ ᠬᠠᠲᠠᠭᠤᠷᠠᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠵᠢᠨᠬᠠᠢ ᠵᠠᠮ ᠢ ᠬᠢᠯᠠᠰ ᠪᠠᠷᠢᠯᠭ᠎ᠠ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠢᠳᠡᠪᠬᠢᠲᠡᠢ ᠪᠠᠷ ᠵᠣᠬᠢᠴᠠᠭᠤᠯᠤᠨ ᠰᠢᠢᠳᠪᠦᠷᠢᠯᠡᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠨ᠂ ᠲᠥᠷᠥᠯ ᠵᠦᠢᠯ ᠢ ᠡᠷᠲᠡᠬᠡᠨ ᠳᠠᠭᠤᠰᠬᠠᠵᠤ᠂ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠪᠡᠯᠡ ᠮᠥᠩᠭᠦ ᠶᠢᠨ ᠪᠠᠲᠤᠯᠠᠭ᠎ᠠ ᠶᠢ ᠰᠠᠶᠢᠲᠤᠷ ᠬᠢᠵᠦ᠂ ᠤᠯᠤᠰ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠳᠡᠮᠵᠢᠬᠦ ᠬᠦᠷᠢᠶ᠎ᠡ ᠴᠠᠷᠠᠭ᠎ᠠ ᠪᠠ ᠴᠢᠭᠯᠡᠯ ᠢ ᠴᠠᠭ ᠲᠤᠬᠠᠢ ᠳᠤᠨᠢ ᠣᠶᠢᠯᠠᠭᠠᠨ ᠡᠵᠡᠮᠰᠢᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠬᠡᠷᠡᠭᠯᠡᠨ ᠡᠷᠴᠢᠮ ᠢᠶᠠᠨ ᠴᠢᠩᠭᠠᠷᠠᠭᠤᠯᠵᠤ ᠲᠥᠷᠥᠯ ᠵᠦᠢᠯ ᠤᠨ ᠪᠡᠯᠡ ᠮᠥᠩᠭᠦ ᠶᠢ ᠴᠢᠷᠮᠠᠶᠢᠨ ᠣᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠸᠧᠢ ᠬᠤᠩ ᠵᠢᠶᠦ᠋ᠨ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢᠦ ᠵᠠᠨ ᠶᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号