ᠪᠣᠣ ᠭᠠᠩ ᠬᠤᠳᠠ ᠶᠢᠨ ᠰᠣᠷᠪᠤᠯᠵᠢᠯᠠᠭ᠎ᠠ ᠶᠢ ᠬᠠᠮᠲᠤᠷᠠᠨ ᠬᠦᠯᠢᠶᠡᠨ ᠠᠪᠬᠤ ᠦᠢᠯᠡᠴᠢᠯᠡᠭᠡᠨ ᠤ ᠲᠥᠪ ᠲᠤ ᠬᠦᠷᠴᠦ ᠣᠯᠠᠨ ᠲᠦᠮᠡᠨ ᠤ ᠰᠤᠷᠪᠤᠯᠵᠢᠯᠠᠭ᠎ᠠ ᠶᠢ ᠬᠦᠯᠢᠶᠡᠪᠡ
ᠨᠡᠶᠢᠲᠡᠯᠡᠭᠰᠡᠨ ᠴᠠᠭ᠄
2023/4/20
     ︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠬᠤᠳᠠ ᠶᠢᠨ ᠰᠣᠷᠪᠤᠯᠵᠢᠯᠠᠭ᠎ᠠ ᠶᠢ ᠬᠠᠮᠲᠤᠷᠠᠨ ᠬᠦᠯᠢᠶᠡᠨ ᠠᠪᠬᠤ ᠦᠢᠯᠡᠴᠢᠯᠡᠭᠡᠨ ᠤ ᠲᠥᠪ ᠲᠤ ᠬᠦᠷᠴᠦ᠂ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠴᠤ ᠠᠭᠤᠯᠵᠠᠪᠠ᠃      ᠪᠣᠣ ᠭᠠᠩ ᠤᠷᠢᠳ ᠬᠤᠵᠢᠳ ᠲᠠᠪᠤᠨ ᠪᠦᠯᠦᠭ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠭᠥᠯᠢᠶᠡᠨ ᠠᠪᠴᠤ᠂ ᠲᠡᠳᠡᠨ ᠤ ᠬᠦᠰᠡᠯ ᠱᠠᠭᠠᠷᠳᠠᠯᠭ᠎ᠠ ᠪᠠ ᠰᠠᠨᠠᠯ ᠢ ᠨᠠᠷᠢᠨ ᠬᠢᠨᠠᠮᠠᠭᠠᠢ ᠰᠣᠨᠣᠰᠴᠤ᠂ ᠲᠤᠬᠠᠢ ᠶᠢᠨ ᠲᠠᠯᠠᠪᠤᠷ  ᠲᠤᠨᠢ ᠰᠢᠢᠳᠪᠦᠷᠢᠯᠡᠬᠦ ᠠᠷᠭ᠎ᠠ ᠶᠢ ᠰᠤᠳᠤᠯᠵᠤ᠂ ᠬᠤᠯᠪᠣᠭᠳᠠᠯ ᠪᠦᠬᠦᠢ ᠭᠠᠵᠠᠷ ᠣᠷᠣᠨ ᠰᠠᠯᠠᠭ᠎ᠠ ᠮᠥᠴᠢᠷ ᠢ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠷᠤ ᠠᠴᠠ ᠨᠢ ᠮᠥᠷᠳᠡᠨ ᠱᠠᠯᠠᠪᠳᠠᠭᠤᠯᠤᠨ ᠰᠢᠢᠳᠪᠦᠷᠢᠯᠡᠵᠦ᠂ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠬᠠᠤᠯᠢ ᠲᠣᠭᠲᠠᠭᠠᠯ ᠶᠣᠰᠣᠭᠠᠷ ᠪᠣᠳᠠᠲᠠᠢ ᠰᠠᠶᠢᠲᠤᠷ ᠰᠢᠢᠳᠪᠦᠷᠢᠯᠡᠵᠦ᠂ ᠤᠴᠢᠷ ᠪᠦᠬᠦᠨ ᠢ ᠰᠢᠢᠳᠪᠦᠷᠢᠯᠡᠵᠦ᠂ ᠤᠴᠢᠷ ᠪᠦᠬᠦᠨ ᠳᠤ ᠬᠠᠷᠢᠭᠤ ᠥᠭᠬᠦ ᠬᠡᠷᠡᠭᠲᠡᠢ ᠭᠡᠵᠦ ᠱᠠᠭᠠᠷᠳᠠᠪᠠ᠃      ᠪᠣᠣ ᠭᠠᠩ ᠴᠢᠬᠤᠯᠠᠴᠢᠯᠠᠬᠤ ᠳᠠᠭᠠᠨ᠂ ᠵᠠᠬᠢᠳᠠᠯ ᠰᠣᠷᠪᠤᠯᠵᠢᠯᠠᠭ᠎ᠠ ᠪᠣᠯ ᠡᠭᠦᠳᠡᠨ ᠳᠡᠭᠡᠷ᠎ᠡ ᠬᠦᠷᠭᠡᠵᠦ ᠢᠷᠡᠭᠰᠡᠨ ᠤᠯᠠᠨ ᠲᠦᠮᠡᠨ ᠤ ᠠᠵᠢᠯ ᠪᠣᠯᠣᠨ᠎ᠠ᠂ ᠡᠯ᠎ᠡ ᠱᠠᠲᠤᠨ ᠤ ᠤᠳᠤᠷᠢᠳᠬᠤ ᠺᠠᠳ᠋ᠷ ᠤᠯᠠᠨ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠰᠡᠳᠬᠢᠯ ᠢᠶᠠᠷ ᠢᠶᠠᠨ ᠰᠡᠳᠬᠢᠯ ᠢ ᠨᠢ ᠮᠡᠳᠡᠵᠦ᠂ ᠪᠠᠶᠢᠷᠢ ᠪᠠᠨ ᠰᠣᠯᠢᠨ ᠰᠡᠳᠬᠢᠵᠦ᠂ ᠵᠠᠬᠢᠳᠠᠯ ᠰᠣᠷᠪᠤᠯᠵᠢᠯᠠᠭ᠎ᠠ ᠶᠢᠨ ᠤᠴᠢᠷ ᠨᠢᠭᠡᠪᠦᠷᠢ ᠶᠢ ᠨᠠᠷᠢᠨ ᠬᠢᠨᠠᠮᠠᠭᠠᠢ ᠰᠢᠢᠳᠪᠦᠷᠢᠯᠡᠵᠦ᠂ ᠦᠨᠡᠨ ᠪᠣᠳᠠᠲᠠᠢ ᠦᠷ᠎ᠡ ᠪᠦᠲᠦᠮᠵᠢ ᠪᠠᠷ ᠢᠶᠠᠨ ᠠᠷᠠᠳ ᠤᠨ ᠢᠲᠡᠭᠡᠯ ᠢ ᠣᠯᠬᠤ ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠴᠢᠬᠤᠯᠠᠴᠢᠯᠠᠵᠤ᠂ ᠣᠨᠴᠠ ᠵᠠᠷᠢᠮ ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ ᠨᠠᠷᠢᠨ ᠬᠢᠨᠠᠮᠠᠭᠠᠢ ᠡᠮᠬᠢᠯᠡᠵᠦ᠂ ᠡᠶᠢᠮᠦᠷᠬᠦ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠵᠤ᠂ ᠨᠡᠶᠢᠲᠡᠯᠢᠭ ᠴᠢᠨᠠᠷᠲᠠᠢ ᠠᠰᠠᠭᠤᠳᠠᠯ ᠢ ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠬᠦ ᠬᠡᠷᠡᠭᠲᠡᠢ᠃ ᠦᠢᠯᠡᠴᠢᠯᠡᠭᠡᠨ ᠤ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ︽12345︾ ᠶᠢᠨ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠲᠠᠪᠴᠠᠩ ᠢ ᠰᠠᠶᠢᠲᠤᠷ ᠠᠰᠢᠭᠯᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠭᠤᠳ ᠬᠦᠯᠢᠶᠡᠨ ᠠᠪᠴᠤ ᠲᠦᠷᠭᠡᠨ ᠰᠢᠢᠳᠪᠦᠷᠢᠯᠡᠬᠦ ᠬᠡᠷᠡᠭᠲᠡᠢ᠃ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠠᠢ ᠤᠶᠠᠯᠳᠤᠭᠤᠯᠵᠤ᠂ ᠲᠣᠣᠷᠵᠢᠭᠰᠠᠨ ᠦᠢᠯᠡᠴᠢᠯᠡᠭᠡᠨ ᠤ ᠡᠮᠦᠨ᠎ᠡ ᠬᠠᠷᠠᠭᠤᠯ ᠤᠨ ᠦᠢᠯᠡᠳᠦᠯ ᠪᠠ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠴᠢᠩᠭᠠᠳᠬᠠᠵᠤ᠂ ᠤᠯᠠᠨ ᠲᠠᠯ᠎ᠠ ᠶᠢᠨ ᠬᠦᠴᠦᠨ ᠢ ᠪᠦᠲᠦᠮᠵᠢᠲᠡᠢ ᠨᠡᠶᠢᠳᠬᠡᠵᠦ᠂ ᠠᠰᠠᠭᠤᠳᠠᠯ ᠢ ᠰᠢᠢᠳᠪᠦᠷᠢᠯᠡᠬᠦ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ᠂ ᠦᠵᠡᠯ ᠰᠠᠨᠠᠭᠠᠨ ᠤ ᠵᠢᠯᠣᠭᠤᠳᠤᠯᠭ᠎ᠠ ᠶᠢ ᠨᠢᠭᠡ ᠴᠣᠭᠴᠠᠵᠢᠭᠤᠯᠤᠨ ᠠᠬᠢᠭᠤᠯᠵᠤ᠂ ᠵᠥᠷᠢᠴᠡᠯ ᠵᠠᠭᠤᠷᠠᠯᠳᠤᠭᠠᠨ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠪᠠᠷ ᠴᠢᠷᠮᠠᠶᠢᠵᠤ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠲᠤᠷ ᠬᠠᠮᠠᠭᠠᠯᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠯᠢᠦ ᠴᠧᠩ ᠮᠢᠨ ᠰᠣᠷᠪᠤᠯᠵᠢᠯᠠᠭ᠎ᠠ ᠶᠢ ᠬᠦᠯᠢᠶᠡᠨ ᠠᠪᠬᠤ ᠳᠤ ᠣᠷᠣᠯᠴᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号