︵ᠰᠤᠷᠪᠤᠯᠵᠢᠯᠠᠭᠴᠢ ᠴᠢ ᠰᠢᠶᠣᠣ ᠶᠠᠨ︶ 4 ᠳ᠋ᠦ᠋ᠭᠡᠷ ᠰᠠᠷ᠎ᠠ ᠶᠢᠨ 20 ᠤ ᠡᠳᠦᠷ᠂ ︽ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠶᠢᠨ ᠪᠠᠲᠤᠯᠠᠭ᠎ᠠ ᠶᠢ ᠴᠢᠩᠭᠠᠳᠬᠠᠵᠤ ᠪᠦᠬᠦ ᠲᠠᠯ᠎ᠠ ᠪᠠᠷ ᠰᠢᠨ᠎ᠡ ᠶᠢ | ᠡᠭᠦᠳᠬᠦ ᠶᠢ ᠬᠦᠴᠦᠲᠡᠢ ᠳᠡᠮᠵᠢᠬᠦ︾ ᠪᠠᠷ ᠭᠤᠣᠯ ᠰᠡᠳᠦᠪ ᠪᠣᠯᠭᠠᠭᠰᠠᠨ 2023 ᠣᠨ ᠤ ᠬᠥᠬᠡᠬᠤᠲᠠ ᠶᠢᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠵᠢᠴᠢ ᠬᠥᠬᠡᠬᠤᠲᠠ ᠶᠢᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠨ ᠤ ᠬᠤᠷᠠᠯ ᠡᠬᠢᠯᠡᠪᠡ᠃ | ᠬᠤᠲᠠ ᠶᠢᠨ ᠳᠡᠳ᠋ ᠳᠠᠷᠤᠭ᠎ᠠ ᠸᠠᠩ ᠰᠢᠨ ᠢᠦᠢ ᠠᠵᠢᠯᠯᠠᠭ᠎ᠠ ᠳᠤ ᠣᠷᠣᠯᠴᠠᠪᠠ᠃ | ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠡᠭᠦᠳᠦᠯᠲᠡ᠂ ᠬᠡᠷᠡᠭᠯᠡᠯᠲᠡ᠂ ᠬᠠᠮᠢᠶᠠᠷᠤᠯᠲᠠ᠂ ᠦᠢᠯᠡᠴᠢᠯᠡᠭᠡ᠂ ᠬᠠᠮᠠᠭᠠᠯᠠᠯᠲᠠ ᠶᠢᠨ ᠠᠵᠢᠯ ᠢ ᠪᠦᠬᠦ | ᠬᠦᠴᠦᠨ ᠢᠶᠠᠷ ᠢᠶᠠᠨ ᠥᠷᠨᠢᠭᠦᠯᠵᠦ᠂ ᠠᠯᠢ ᠣᠯᠠᠨ ᠪᠠᠶᠠᠷᠯᠠᠭᠤᠰᠢᠲᠠᠢ ᠦᠷ᠎ᠡ ᠪᠦᠲᠦᠭᠡᠯ ᠣᠯᠪᠠ᠃ ᠮᠠᠨ ᠤ ᠬᠤᠲᠠ | ᠲᠣᠰ ᠤᠳᠠᠭᠠᠨ ᠤ ᠣᠨ ᠤ ᠬᠤᠷᠠᠯ ᠢ ᠡᠷᠭᠢᠯᠡᠬᠦ ᠪᠠᠷ ᠠᠵᠠ ᠲᠣᠬᠢᠶᠠᠯ ᠪᠣᠯᠭᠠᠵᠤ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠪᠠᠷ ᠬᠤᠲᠠ ᠪᠠᠨ ᠬᠦᠴᠦᠷᠬᠡᠭᠵᠢᠭᠦᠯᠬᠦ ᠨᠠᠩ ᠣᠨᠣᠪᠴᠢᠲᠠᠢ ᠵᠠᠮ ᠢ ᠡᠷᠢᠨ ᠣᠯᠵᠤ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠬᠢᠭᠡᠳ ᠠᠵᠤ ᠦᠢᠯᠡᠰ ᠤᠨ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ | ᠲᠦᠷᠭᠡᠳᠬᠡᠨ ᠠᠬᠢᠭᠤᠯᠵᠤ᠂ ᠣᠷᠣᠨ ᠤ ᠲᠥᠪ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ | ᠬᠦᠴᠦᠨ ᠨᠡᠮᠡᠷᠢᠯᠡᠪᠡ᠃ |