ᠪᠣᠣ ᠭᠠᠩ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/4/21
      ︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠬᠡᠰᠡᠭ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠵᠠᠢ᠃      ᠪᠣᠣ ᠭᠠᠩ ᠤᠷᠢᠳ ᠬᠤᠵᠢᠳ ᠵᠦᠩ ᠱᠠᠨ ᠪᠠᠷᠠᠭᠤᠨ ᠵᠠᠮ ᠤᠨ ᠬᠡᠷᠡᠭ ᠡᠷᠬᠢᠯᠡᠬᠦ ᠭᠠᠵᠠᠷ ᠤᠨ ᠬᠠᠢ ᠯᠢᠶᠠᠩ ᠨᠡᠶᠢᠭᠡᠮ ᠲᠣᠭᠤᠷᠢᠭ᠂ ᠬᠠᠶᠢᠯᠠᠷ ᠪᠠᠷᠠᠭᠤᠨ ᠵᠠᠮ ᠤᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠳ᠋ᠦᠩ ᠹᠧᠩ ᠵᠠᠮ ᠤᠨ ᠵᠡᠭᠡᠯᠢ ᠭᠤᠳᠤᠮᠵᠢ ᠶᠢᠨ ᠠᠯᠲᠠᠢ ᠨᠡᠶᠢᠭᠡᠮ ᠲᠣᠭᠤᠷᠢᠭ᠂ ᠵᠡᠭᠦᠨ ᠵᠡᠭᠡᠯᠢ ᠵᠡᠭᠡᠯᠢ ᠭᠤᠳᠤᠮᠵᠢ   ᠶᠢᠨ ᠠᠳᠠᠯ ᠠᠬᠤᠢ ᠶᠢᠨ ᠦᠢᠯᠡᠴᠢᠯᠡᠭᠡᠨ ᠤ ᠲᠥᠪ ᠪᠣᠯᠣᠨ ᠳ᠋ᠢᠩ ᠰᠢᠶᠠᠩ ᠵᠠᠮ ᠤᠨ ᠣᠷᠣᠨ ᠪᠦᠰᠡ ᠶᠢᠨ ᠦᠢᠯᠡᠴᠢᠯᠡᠭᠡᠨ ᠤ ᠲᠥᠪ ᠲᠤ ᠬᠦᠷᠴᠡᠢ᠃ ᠲᠣᠣᠷ ᠢ ᠰᠢᠯᠢᠳᠡᠭᠵᠢᠭᠦᠯᠦᠨ ᠪᠠᠶᠢᠷᠢᠯᠠᠭᠤᠯᠬᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠨᠡᠶᠢᠭᠡᠮ ᠲᠣᠭᠤᠷᠢᠭ ᠤᠨ ᠠᠵᠢᠯᠲᠠᠨ ᠪᠠ ᠲᠣᠣᠷ ᠤᠨ ᠠᠵᠢᠯᠲᠠᠨ ᠤ ᠬᠠᠷᠠᠭᠠᠯᠵᠠᠯ ᠢ ᠨᠠᠶᠢᠳᠠᠪᠤᠷᠢᠵᠢᠭᠤᠯᠬᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ᠂ ᠬᠤᠷᠢᠶᠠᠯᠠᠯ ᠳᠠᠬᠢ ᠠᠳᠠᠯ ᠠᠬᠤᠢ ᠶᠢᠨ ᠪᠦᠷᠬᠦᠴᠡ ᠵᠡᠷᠭᠡ ᠪᠠᠶᠢᠳᠠᠯ ᠢ ᠪᠣᠳᠠᠲᠠᠢ ᠭᠠᠵᠠᠷ ᠲᠤᠨᠢ ᠣᠶᠢᠯᠠᠭᠠᠬᠤ ᠶᠢᠨ ᠬᠠᠮᠲᠤ ᠡᠯ᠎ᠡ ᠭᠠᠵᠠᠷ ᠤᠨ ᠬᠠᠷᠢᠭᠤᠴᠠᠯᠭᠠᠲᠠᠨ ᠨᠥᠬᠦᠳ ᠢ ᠬᠠᠷᠢᠯᠴᠠᠨ ᠵᠢᠭᠡᠯᠡᠨ ᠰᠤᠷᠤᠯᠴᠠᠵᠤ᠂ ᠰᠠᠶᠢᠨ ᠲᠠᠯ᠎ᠠ ᠶᠢ ᠨᠢ ᠠᠪᠴᠤ ᠰᠠᠭᠠᠷᠠᠤ ᠲᠠᠯ᠎ᠠ ᠪᠠᠨ ᠨᠥᠬᠦᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃      ᠲᠠᠷᠠᠭ᠎ᠠ ᠪᠠᠷ ᠨᠢ ᠬᠤᠷᠠᠯᠳᠤᠭᠤᠯᠤᠭᠰᠠᠨ ᠰᠠᠭᠤᠳᠠᠯ ᠤᠨ ᠬᠤᠷᠠᠯ ᠳᠡᠭᠡᠷ᠎ᠡ ᠪᠣᠣ ᠭᠠᠩ ᠬᠡᠯᠡᠭᠰᠡᠨ ᠨᠢ᠂ ᠣᠷᠣᠨ ᠤ ᠲᠥᠪ ᠤᠨ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠣᠯᠣᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠲᠤᠬᠠᠢ ᠬᠡᠷᠡᠭᠵᠢᠭᠦᠯᠬᠦ ᠰᠠᠨᠠᠯ ᠵᠢᠴᠢ ᠲᠡᠭᠦᠨ ᠯᠦᠭᠡ ᠢᠵᠢ ᠪᠦᠷᠢᠳᠦᠭᠰᠡᠨ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠦᠨᠡᠨᠬᠦ ᠨᠠᠷᠢᠨ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠨᠡᠶᠢᠭᠡᠮ ᠲᠣᠭᠤᠷᠢᠭ ᠤᠨ ᠡᠭᠦᠷᠭᠡ ᠲᠤᠰᠢᠶᠠᠯ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠨ ᠦᠷ᠎ᠡ ᠠᠰᠢᠭ ᠢ ᠨᠡᠮᠡᠭᠳᠡᠭᠦᠯᠵᠦ ᠴᠢᠳᠠᠪᠤᠷᠢ ᠣᠯᠭᠤᠬᠤ ᠶᠢ ᠦᠨᠡᠨ ᠪᠣᠳᠠᠲᠠᠢ ᠲᠦᠯᠬᠢᠨ ᠠᠬᠢᠭᠤᠯᠵᠤ᠂ ᠶᠠᠮᠠᠷ ᠤᠴᠢᠷ ᠲᠤ ᠴᠤ ᠪᠦᠷ ︽ᠬᠠᠷᠢᠶ᠎ᠠ ᠭᠠᠵᠠᠷ ᠠᠴᠠ ᠬᠠᠮᠢᠶᠠᠷᠬᠤ︾ ᠨᠡᠷ᠎ᠡ ᠪᠠᠷ ᠦᠨᠳᠦᠰᠦᠨ ᠱᠠᠲᠤᠨ ᠳᠤ ᠲᠦᠯᠬᠢᠨ ᠥᠭᠴᠦ ᠶᠠᠭᠠᠬᠢᠭᠰᠠᠨ ᠴᠤ ᠪᠣᠯᠬᠤ ᠦᠭᠡᠢ᠂ ᠦᠨᠳᠦᠰᠦᠨ ᠱᠠᠲᠤᠨ ᠤ ᠺᠠᠳ᠋ᠷᠴᠤᠳ ᠢ ᠨᠡᠩ ᠤᠯᠠᠨ ᠴᠠᠭ ᠪᠠ ᠤᠶᠤᠨ ᠴᠢᠳᠠᠯ ᠢᠶᠠᠨ ᠤᠯᠠᠨ ᠲᠦᠮᠡᠨ ᠳᠤ ᠦᠢᠯᠡᠴᠢᠯᠡᠬᠦ ᠳᠡᠭᠡᠷ᠎ᠡ ᠬᠡᠷᠡᠭᠯᠡᠭᠦᠯᠬᠦ ᠬᠡᠷᠡᠭᠲᠡᠢ᠃ ᠲᠣᠣᠷ ᠢ ᠦᠨᠡᠨᠬᠦ ᠪᠠᠶᠢᠭᠤᠯᠤᠨ ᠬᠡᠷᠡᠭᠯᠡᠵᠦ᠂ ᠡᠯ᠎ᠡ ᠲᠦᠷᠦᠯ ᠤᠨ ᠡᠬᠢ ᠪᠠᠶᠠᠯᠢᠭ ᠢ ᠨᠡᠶᠢᠳᠬᠡᠵᠦ᠂ ᠤᠯᠠᠨ ᠰᠦᠯᠵᠢᠶ᠎ᠡ ᠶᠢ ᠨᠡᠶᠢᠳᠬᠡᠨ ᠨᠢᠭᠡ ᠰᠦᠯᠵᠢᠶ᠎ᠡ ᠪᠠᠷ ᠨᠢᠭᠡᠳᠦᠯᠲᠡᠢ ᠲᠥᠯᠥᠪᠵᠢᠭᠦᠯᠬᠦ ᠶᠢ ᠠᠬᠢᠭᠤᠯᠬᠤ ᠬᠡᠷᠡᠭᠲᠡᠢ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠴᠢᠨᠠᠷ ᠰᠠᠶᠢᠲᠠᠢ ᠡᠮ ᠡᠮᠨᠡᠯᠭᠡ ᠶᠢᠨ ᠦᠢᠯᠡᠴᠢᠯᠡᠭᠡ ᠶᠢ ᠤᠯᠠᠨ ᠲᠦᠮᠡᠨ ᠤ ᠭᠡᠷ ᠤᠨ ᠡᠭᠦᠳᠡᠨ ᠳᠡᠭᠡᠷ᠎ᠡ ᠬᠦᠷᠭᠡᠬᠦ ᠬᠡᠷᠡᠭᠲᠡᠢ᠃ ᠠᠳᠠᠯ ᠠᠬᠤᠢ ᠦᠭᠡᠢ ᠬᠤᠷᠢᠶᠠᠯᠠᠯ ᠢ ᠬᠥᠳᠡᠯᠦᠩᠭᠦᠢ ᠪᠠᠷ ᠦᠭᠡᠢ ᠪᠣᠯᠭᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠤᠷᠢᠶᠠᠯᠠᠯ ᠪᠦᠬᠦᠨ ᠳᠤ ᠠᠳᠠᠯ ᠠᠬᠤᠢ ᠶᠢ ᠪᠦᠷᠬᠦᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃ ᠪᠡᠯᠡ ᠮᠥᠩᠭᠦ᠂ ᠲᠦᠷᠦ ᠶᠢᠨ ᠪᠣᠳᠣᠯᠭ᠎ᠠ ᠶᠢ ᠦᠨᠳᠦᠰᠦᠨ ᠱᠠᠲᠤ ᠲᠡᠰᠢ ᠬᠡᠯᠪᠡᠶᠢᠯᠭᠡᠵᠦ᠂ ᠦᠨᠳᠦᠰᠦᠨ ᠱᠠᠲᠤᠨ ᠤ ᠠᠵᠢᠯᠲᠠᠨ ᠤ ᠴᠠᠯᠢᠩ ᠣᠯᠭᠤᠮᠵᠢ ᠶᠢ ᠦᠨᠡᠨ ᠬᠦ ᠪᠠᠲᠤᠯᠠᠵᠤ᠂ ᠠᠵᠢᠯ ᠮᠡᠷᠭᠡᠵᠢᠯ ᠤᠨ ᠵᠡᠷᠭᠡ ᠳᠡᠪᠰᠢᠬᠦ ᠵᠠᠮ ᠢ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ᠃ ︽ᠬᠤᠳᠠ ᠶᠢᠨ ᠶᠡᠭᠡ ᠲᠠᠷᠢᠬᠢ︾ ᠶᠢ ᠰᠠᠶᠢᠲᠤᠷ ᠬᠡᠷᠡᠭᠯᠡᠵᠦ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠤᠯᠠᠨ ᠲᠦᠮᠡᠨ ᠢ ᠳᠤᠲᠠᠭᠤ ᠭᠦᠶᠦᠯᠭᠡᠵᠦ᠂ ᠮᠡᠳᠡᠭᠡ ᠵᠠᠩᠭᠢᠵᠢᠯᠲᠠ᠂ ᠲᠣᠭᠠᠴᠢᠯᠠᠭᠰᠠᠨ ᠠᠷᠭ᠎ᠠ ᠪᠠᠷᠢᠯ ᠢᠶᠠᠷ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠵᠤ᠂ ᠲᠤᠭᠤᠰᠢᠯᠠᠭᠤᠯᠤᠨ ᠬᠡᠷᠡᠭᠵᠢᠭᠦᠯᠬᠦ ᠶᠠᠪᠤᠴᠠ ᠳᠠᠬᠢ ᠲᠦᠭᠵᠢᠷᠡᠯ ᠢ ᠨᠠᠪᠲᠠᠷᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠪᠠᠭᠤᠷᠠᠢ ᠲᠠᠯ᠎ᠠ ᠶᠢ ᠲᠠᠰᠤᠷᠠᠯᠲᠠ ᠦᠭᠡᠢ ᠨᠥᠬᠦᠪᠦᠷᠢᠯᠡᠵᠦ᠂ ᠶᠡᠷᠦᠩᠬᠡᠢ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃       ᠱᠠᠩ ᠵᠢᠩ ᠮᠢᠨ᠂ ᠯᠢᠦ ᠵᠢᠢ ᠶᠢᠩ ᠠᠵᠢᠯᠯᠠᠭ᠎ᠠ ᠳᠤ ᠣᠷᠣᠯᠴᠠᠵᠤ᠂ ᠵᠢᠶᠣᠣ ᠬᠤᠩ᠂ ᠮᠠ ᠪᠢᠩ ᠴᠢᠤᠸᠠᠨ ᠰᠠᠭᠤᠳᠠᠯ ᠤᠨ ᠬᠤᠷᠠᠯ ᠳᠤ ᠣᠷᠣᠯᠴᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号