ᠬᠤᠳᠠ ᠶᠢᠨ ᠵᠠᠰᠠᠭ ᠤᠨ ᠣᠷᠳᠣᠨ 2023 ᠣᠨ ᠤ ᠪᠦᠬᠦᠳᠠ ᠬᠤᠷᠠᠯ ᠵᠢᠴᠢ ᠴᠢᠬᠡᠴᠢ ᠵᠠᠰᠠᠭ ᠤᠨ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/23
ᠾᠧ ᠬᠠᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ      ︵ᠰᠤᠷᠪᠤᠯᠵᠢᠯᠠᠭᠴᠢ ᠠᠷᠢᠭᠤᠨ᠎ᠠ︶ 4 ᠳ᠋ᠦ᠋ᠭᠡᠷ ᠰᠠᠷ᠎ᠠ ᠶᠢᠨ 21 ᠤ ᠡᠳᠦᠷ᠂ ᠬᠤᠲᠠ ᠶᠢᠨ ᠵᠠᠰᠠᠭ ᠤᠨ ᠣᠷᠳᠣᠨ 2023 ᠣᠨ ᠤ ᠪᠥᠬᠦᠳᠡ ᠬᠤᠷᠠᠯ ᠵᠢᠴᠢ ᠴᠢᠬᠡᠴᠢ ᠵᠠᠰᠠᠭ ᠤᠨ ᠠᠵᠢᠯ ᠤᠨ ᠬᠤᠷᠠᠯ ᠢ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ᠂ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠩᠬᠠᠳᠤᠭᠠᠷ ᠤᠳᠠᠭᠠᠨ ᠤ ᠴᠢᠬᠡᠴᠢ ᠵᠠᠰᠠᠭ ᠤᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠩᠬᠠᠳᠤᠭᠠᠷ ᠤᠳᠠᠭᠠᠨ ᠤ ᠴᠢᠬᠡᠴᠢ ᠵᠠᠰᠠᠭ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠤᠶᠢᠪᠢᠰᠢ ᠦᠭᠡᠢ ᠦᠷᠭᠦᠯᠵᠢᠯᠡᠭᠦᠯᠵᠦ᠂ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠪᠠᠲᠤᠯᠠᠭ᠎ᠠ ᠬᠠᠩᠭᠠᠪᠠ᠃      ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠼᠦᠢ ᠵᠧᠨ ᠦ᠋ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠲᠤᠰᠬᠠᠢ ᠰᠡᠳᠦᠪᠲᠦ ᠮᠡᠳᠡᠭᠦᠯᠦᠯᠲᠡ ᠬᠢᠪᠡ᠃ ᠬᠤᠳᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠳ ᠬᠤᠷᠠᠯ ᠳᠤ ᠣᠷᠣᠯᠴᠠᠪᠠ᠃      ᠾᠧ ᠬᠠᠢ ᠳ᠋ᠦᠩ ᠵᠢᠭᠠᠵᠤ ᠭᠠᠷᠭᠠᠭᠰᠠᠨ ᠨᠢ᠂ ᠪᠦᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ  ᠬᠢᠨ ᠡᠷᠬᠡᠪᠰᠢ ᠡᠯ᠎ᠡ ᠵᠦᠢᠯ ᠤᠨ ᠢᠯᠵᠠᠷᠠᠯ ᠪᠠ ᠰᠤᠷᠲᠠᠯ ᠤᠨ ᠠᠰᠠᠭᠤᠳᠠᠯ ᠤᠨ ᠬᠤᠣᠷ ᠬᠥᠨᠥᠭᠡᠯ ᠢ ᠭᠦᠨᠵᠡᠭᠡᠢ ᠲᠠᠨᠢᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠳᠤ ᠵᠥᠪᠬᠡᠨ ᠣᠳᠣ ᠴᠠᠭ ᠪᠠᠶᠢᠬᠤ ᠠᠴᠠ ᠪᠢᠰᠢ ᠲᠡᠭᠦᠰᠬᠦ ᠴᠠᠭ ᠪᠠᠶᠢᠬᠤ ᠦᠭᠡᠢ ᠭᠡᠳᠡᠭ ᠢ ᠭᠦᠨᠵᠡᠭᠡᠢ ᠲᠠᠨᠢᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠴᠢᠩᠭ᠎ᠠ ᠰᠡᠷᠭᠡᠶᠢᠯᠡᠨ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠪᠠ ᠲᠥᠪ ᠪᠤᠰᠤ ᠰᠤᠷᠲᠠᠯ ᠢ ᠡᠷᠡᠰ ᠵᠠᠯᠬᠠᠭᠠᠨ ᠰᠢᠢᠳᠬᠡᠵᠦ᠂ ᠠᠷᠠᠳ ᠲᠦᠮᠡᠨ ᠤ ᠰᠡᠳᠬᠢᠯ ᠳᠤ ᠬᠠᠨᠤᠮᠵᠢᠲᠠᠢ ᠪᠣᠳᠠᠲᠠᠢ ᠠᠵᠢᠯᠯᠠᠬᠤ ᠶᠢ ᠡᠷᠬᠢᠮᠯᠡᠭᠰᠡᠨ ᠵᠠᠰᠠᠭ ᠤᠨ ᠣᠷᠳᠣᠨ᠂ ᠥᠨᠳᠥᠷ ᠪᠦᠲᠦᠮᠵᠢᠲᠡᠢ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠬᠤ ᠬᠡᠷᠡᠭᠲᠡᠢ ᠭᠡᠵᠡᠢ᠃      ᠾᠧ ᠬᠠᠢ ᠳ᠋ᠦᠩ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠵᠠᠰᠠᠭ ᠤᠨ ᠣᠷᠳᠣᠨ ᠡᠯ᠎ᠡ ᠰᠠᠯᠠᠭ᠎ᠠ ᠮᠥᠴᠢᠷ ᠤᠨ ᠬᠢᠨ ︽ᠤᠯᠤᠰ ᠲᠥᠷᠥ ᠶᠢ ᠡᠷᠬᠢᠮᠯᠡᠬᠦ︾ ᠬᠡᠷᠡᠭᠲᠡᠢ᠂ ᠢᠲᠡᠭᠡᠯ ᠵᠣᠷᠢᠭ ᠪᠠᠲᠤ ᠴᠢᠩᠭ᠎ᠠ ︽ᠮᠡᠷᠭᠡᠨ ᠬᠥᠮᠥᠨ︾ ᠪᠣᠯᠬᠤ ᠬᠡᠷᠡᠭᠲᠡᠢ᠂ ᠤᠯᠤᠰ ᠲᠥᠷᠥ ᠶᠢᠨ ᠵᠣᠷᠢᠭ ᠰᠠᠨᠠᠭ᠎ᠠ ᠡᠷᠬᠡᠪᠰᠢ ︽ᠡᠷᠡᠰ ᠪᠠᠲᠤ︾ ᠪᠠᠶᠢᠬᠤ ᠬᠡᠷᠡᠭᠲᠡᠢ᠂ ᠤᠯᠤᠰ ᠲᠥᠷᠥ ᠶᠢᠨ ᠵᠣᠭᠰᠣᠯᠲᠠ ᠡᠷᠬᠡᠪᠰᠢ ︽ᠢᠯᠡ ᠲᠣᠳᠣ︾ ᠪᠠᠶᠢᠬᠤ ᠬᠡᠷᠡᠭᠲᠡᠢ᠂ ᠤᠯᠤᠰ ᠲᠥᠷᠥ ᠶᠢᠨ ᠱᠠᠭᠠᠷᠳᠠᠯᠭ᠎ᠠ ᠶᠢ ᠡᠷᠬᠡᠪᠰᠢ ︽ᠳᠠᠭᠠᠬᠤ︾ ᠬᠡᠷᠡᠭᠲᠡᠢ︔ ︽ᠨᠠᠶᠢᠳᠠᠪᠤᠷᠢᠵᠢᠭᠤᠯᠤᠯᠲᠠ ᠶᠢ ᠡᠷᠬᠢᠮᠯᠡᠵᠦ︾ ᠂ ᠬᠠᠷᠢᠭᠤᠴᠠᠯᠭ᠎ᠠ ᠡᠭᠦᠷᠭᠡᠯᠡᠵᠦ ᠪᠣᠳᠠᠲᠠᠢ ᠠᠵᠢᠯᠯᠠᠬᠤ ︽ᠠᠵᠢᠯᠯᠠᠬᠤ ᠲᠠᠯ᠎ᠠ︾ ᠶᠢᠨ ᠪᠣᠯᠵᠤ᠂ ︽ᠲᠡᠮᠡᠴᠡᠯ ᠤᠨ ᠵᠣᠷᠢᠭ ᠬᠦᠷᠦᠯᠴᠡᠬᠦ ᠦᠭᠡᠢ︾᠂ ︽ᠬᠠᠷᠢᠭᠤᠴᠠᠯᠭ᠎ᠠ ᠡᠭᠦᠷᠭᠡᠯᠡᠬᠦ ᠨᠢ ᠬᠦᠷᠦᠯᠴᠡᠬᠦ ᠦᠭᠡᠢ︾᠂ ︽ᠨᠠᠶᠢᠳᠠᠪᠤᠷᠢᠵᠢᠭᠤᠯᠬᠤ ᠨᠢ ᠳᠡᠩᠳᠡᠭᠦᠦ ᠤᠳᠠᠭᠠᠨ︾᠂ ︽ᠪᠠᠭ᠎ᠠ ᠨᠣᠶᠠᠨ ᠡᠷᠬᠡ ᠪᠠᠷᠢᠬᠤ︾ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ︔ ︽ᠠᠷᠢᠭᠤᠨ ᠴᠢᠬᠡᠴᠢ ᠶᠢ ᠡᠷᠬᠢᠮᠯᠡᠵᠦ︾᠂ ᠢᠮᠠᠭᠲᠠ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ︽ᠠᠷᠢᠭᠤᠨ ᠴᠢᠬᠡᠴᠢ ᠬᠥᠮᠥᠨ︾ ᠪᠣᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠵᠤ᠂ ᠬᠠᠤᠯᠢ ᠶᠣᠰᠣᠭᠠᠷ ᠵᠠᠰᠠᠭ ᠪᠠᠷᠢᠬᠤ ᠶᠢ ᠪᠠᠷᠢᠮᠲᠠᠯᠠᠨ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠴᠢᠩᠭ᠎ᠠ ᠰᠠᠬᠢᠬᠤ ᠬᠡᠷᠡᠭᠲᠡᠢ᠃ ᠡᠭᠦᠨ ᠤ ᠬᠠᠮᠲᠤ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠰᠠᠶᠢᠲᠤᠷ ᠠᠳᠬᠤᠵᠤ᠂ ᠳᠡᠭᠡᠳᠦ ᠱᠠᠲᠤᠨ ᠠᠴᠠ ᠪᠠᠶᠢᠷᠢᠯᠠᠭᠤᠯᠤᠭᠰᠠᠨ᠂ ᠵᠢᠯ ᠤᠨ ᠡᠬᠢᠨ ᠳᠤ ᠲᠣᠭᠲᠠᠭᠠᠭᠰᠠᠨ᠂ ᠤᠯᠠᠨ ᠲᠦᠮᠡᠨ ᠤ ᠬᠦᠰᠡᠨ ᠡᠷᠡᠮᠡᠯᠵᠡᠵᠦ ᠪᠠᠶᠢᠭ᠎ᠠ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠨᠠᠷ ᠰᠠᠶᠢᠲᠠᠢ᠂ ᠥᠨᠳᠥᠷ ᠦᠷ᠎ᠡ ᠪᠦᠲᠦᠮᠵᠢᠲᠡᠢ ᠪᠠᠷ ᠰᠠᠶᠢᠲᠤᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠢ ᠸᠢᠳᠢᠤ᠋ ᠮᠠᠶ᠋ᠢᠭ ᠢᠶᠠᠷ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠬᠦᠷᠲᠡᠯ᠎ᠡ ᠬᠤᠷᠠᠯᠳᠤᠭᠤᠯᠵᠠᠢ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号