ᠪᠦᠬᠦ ᠬᠤᠲᠠ ᠶᠢᠨ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯ ᠤᠨ ᠰᠠᠭᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/23
      ︵ᠰᠤᠷᠪᠤᠯᠵᠢᠯᠠᠭᠴᠢ ᠰᠦᠨ ᠶᠤᠸᠠᠢ ᠯᠦᠩ︶ 4 ᠳ᠋ᠦ᠋ᠭᠡᠷ ᠰᠠᠷ᠎ᠠ ᠶᠢᠨ 21 ᠤ ᠡᠳᠦᠷ᠂ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠪᠥᠬᠦ ᠬᠤᠲᠠ ᠶᠢᠨ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯ ᠤᠨ ᠰᠠᠭᠤᠳᠠᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃      ᠬᠤᠷᠠᠯ ᠠᠴᠠ ︽2023 ᠣᠨ ᠤ ᠪᠦᠬᠦ ᠣᠷᠣᠨ ᠤ ᠪᠠᠶᠢᠭᠤᠯᠤᠯᠲᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠵᠠᠰᠠᠬᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯᠯᠠᠭ᠎ᠠ ᠶᠢᠨ ᠲᠥᠰᠥᠯ︾᠂ ︽ᠬᠥᠬᠡᠬᠤᠲᠠ ᠶᠢᠨ 2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠬᠡᠷᠡᠭᠵᠢᠭᠦᠯᠬᠦ ᠲᠥᠰᠥᠯ︾ ᠵᠡᠷᠭᠡ ᠪᠢᠴᠢᠭ ᠮᠠᠲ᠋ᠧᠷᠢᠶᠠᠯ ᠤᠨ ᠠᠭᠤᠯᠭ᠎ᠠ ᠶᠢᠨ ᠲᠣᠭᠤᠷᠢᠨ ᠳᠤ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠡᠭᠦᠷᠭᠡᠯᠡᠬᠦ ᠠᠵᠢᠯ ᠤᠨ ᠡᠭᠦᠷᠭᠡ ᠲᠠᠢ ᠤᠶᠠᠯᠳᠤᠭᠤᠯᠵᠤ᠂ ᠪᠥᠬᠦ ᠬᠤᠲᠠ ᠶᠢᠨ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠰᠢᠰᠲ᠋ᠧᠮ ᠤᠨ ᠪᠠᠶᠢᠭᠤᠯᠤᠯᠲᠠ ᠳᠤ ᠬᠠᠨᠳᠤᠭᠤᠯᠤᠨ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠤᠨ ᠪᠠᠶᠢᠭᠤᠯᠤᠯᠲᠠ ᠵᠢᠴᠢ ᠬᠤᠣᠷ ᠦᠭᠡᠶᠢᠳᠡᠭᠦᠯᠦᠨ ᠰᠢᠢᠳᠪᠦᠷᠢᠯᠡᠬᠦ᠂ ᠬᠥᠳᠡᠭᠡ ᠲᠣᠰᠬᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠣᠷᠯᠣᠩ ᠢ ᠪᠦᠲᠦᠭᠡᠨ ᠪᠠᠶᠢᠭᠤᠯᠵᠤ ᠥᠭᠡᠷᠡᠴᠢᠯᠡᠬᠦ᠂ ᠲᠣᠰᠬᠤᠨ ᠤ ᠳᠦᠷᠰᠦ ᠪᠠᠶᠢᠳᠠᠯ ᠣᠷᠴᠢᠨ ᠠᠬᠤᠢ ᠶᠢ ᠴᠡᠭᠴᠡᠯᠡᠨ ᠵᠠᠰᠠᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠨᠡᠶᠢᠲᠡᠯᠢᠭ ᠴᠢᠨᠠᠷ ᠪᠠ ᠥᠪᠡᠷᠮᠢᠴᠡ ᠴᠢᠨᠠᠷ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠬᠥᠳᠡᠭᠡ ᠲᠣᠰᠬᠤᠨ ᠤ ᠬᠤᠭ ᠨᠣᠪᠰᠢ ᠶᠢ ᠵᠠᠰᠠᠬᠤ ᠪᠣᠯ ᠰᠢᠰᠲ᠋ᠧᠮᠲᠦ ᠴᠢᠨᠠᠷᠲᠠᠢ᠂ ᠣᠷᠳᠣ ᠬᠤᠭᠤᠴᠠᠭᠠᠨ ᠤ ᠴᠢᠨᠠᠷᠲᠠᠢ ᠠᠵᠢᠯ ᠮᠥᠨ᠂ ᠲᠡᠷᠡ ᠨᠢ ᠠᠷᠠᠳ ᠣᠯᠠᠨ ᠤ ᠬᠤᠪᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ ᠪᠠᠶᠢᠳᠠᠭ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠣᠳᠣᠬᠠᠨ ᠤ ᠪᠦᠬᠦ ᠬᠤᠳᠠ ᠶᠢᠨ ᠠᠬᠢᠭᠤᠯᠵᠤ ᠪᠠᠶᠢᠭ᠎ᠠ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠪᠤᠨ ᠵᠢᠯ ᠤᠨ ᠠᠵᠢᠯᠯᠠᠭ᠎ᠠ ᠲᠠᠢ ᠤᠶᠠᠯᠳᠤᠭᠤᠯᠵᠤ᠂ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠲᠣᠰᠬᠤᠨ ᠤ ᠠᠷᠠᠳ ᠤᠨ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠡᠢ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号