︵ᠰᠤᠷᠪᠤᠯᠵᠢᠯᠠᠭᠴᠢ ᠰᠥᠩ ᠰᠢᠶᠠᠩ ᠬᠤᠸᠠ︶ ᠨᠢᠭᠡᠳᠦᠭᠡᠷ ᠤᠯᠠᠷᠢᠯ ᠳᠤ᠂ ᠮᠠᠨ ᠤ ᠤᠯᠤᠰ ᠤᠨ | ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠪᠣᠳᠠᠲᠤ ᠦᠷ᠎ᠡ ᠪᠦᠲᠦᠮᠵᠢ ᠣᠯᠪᠠ᠄ ᠪᠥᠬᠦ | ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠤᠭᠰᠠᠨ ᠬᠡᠮᠵᠢᠶ᠎ᠡ 84209.52 ᠲᠦᠮᠡᠨ ᠲᠥᠭᠦᠷᠢᠭ | ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 44982.18 ᠲᠦᠮᠡᠨ ᠲᠥᠭᠦᠷᠢᠭ ᠨᠡᠮᠡᠭᠳᠡᠪᠡ︔ | ᠪᠣᠳᠠᠲᠠᠢ ᠬᠤᠳᠠᠯᠳᠤᠨ ᠠᠪᠤᠭᠰᠠᠨ ᠵᠣᠭᠤᠰ ᠤᠨ ᠲᠤᠭ᠎ᠠ 80761.96 ᠲᠦᠮᠡᠨ ᠲᠥᠭᠦᠷᠢᠭ ᠬᠦᠷᠴᠦ᠂ ᠳᠡᠭᠡᠷ᠎ᠡ | ᠵᠢᠯ ᠤᠨ ᠠᠳᠠᠯᠢ ᠬᠤᠭᠤᠴᠠᠭᠠᠨ ᠤ ᠬᠢ ᠠᠴᠠ 42657.47 ᠲᠦᠮᠡᠨ ᠲᠥᠭᠦᠷᠢᠭ ᠨᠡᠮᠡᠭᠳᠡᠵᠡᠢ︔3447.56 | ᠲᠦᠮᠡᠨ ᠲᠥᠭᠦᠷᠢᠭ ᠤᠨ ᠪᠡᠯᠡ ᠮᠥᠩᠭᠦ ᠠᠷᠪᠢᠯᠠᠵᠤ᠂ ᠪᠡᠯᠡ ᠮᠥᠩᠭᠦ ᠠᠷᠪᠢᠯᠠᠭᠰᠠᠨ ᠨᠣᠷᠮ᠎ᠠ 4.09% ᠬᠦᠷᠴᠦ᠂ | ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.23 ᠵᠠᠭᠤᠨ ᠤ ᠨᠢᠭᠡᠴᠢ ᠨᠡᠮᠡᠭᠳᠡᠪᠡ᠃ ᠡᠭᠦᠨ ᠳᠤ᠄ ᠪᠥᠬᠦ | ᠬᠤᠲᠠ ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠤᠳᠠᠯᠳᠤᠨ ᠠᠪᠤᠭᠰᠠᠨ ᠵᠣᠭᠤᠰ ᠤᠨ ᠲᠤᠭ᠎ᠠ | 70313.43 ᠲᠦᠮᠡᠨ ᠲᠥᠭᠦᠷᠢᠭ ᠬᠦᠷᠴᠦ᠂ ᠪᠣᠳᠠᠲᠠᠢ ᠬᠤᠳᠠᠯᠳᠤᠨ ᠠᠪᠤᠭᠰᠠᠨ ᠵᠣᠭᠤᠰ ᠤᠨ ᠲᠤᠭ᠎ᠠ ᠶᠢᠨ | 87% ᠶᠢ ᠡᠵᠡᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠪᠣᠳᠠᠲᠠᠢ ᠬᠤᠳᠠᠯᠳᠤᠨ ᠠᠪᠤᠭᠰᠠᠨ ᠵᠣᠭᠤᠰ ᠤᠨ | ᠲᠤᠭ᠎ᠠ ᠠᠴᠠ 41978.13 ᠲᠦᠮᠡᠨ ᠲᠥᠭᠦᠷᠢᠭ ᠨᠡᠮᠡᠭᠳᠡᠪᠡ︔ ᠡᠨᠧᠷᠭᠢ ᠠᠷᠪᠢᠯᠠᠬᠤ᠂ ᠤᠰᠤ ᠠᠷᠪᠢᠯᠠᠬᠤ | ᠦᠢᠯᠡᠳᠬᠦᠨ ᠢ ᠬᠤᠳᠠᠯᠳᠤᠨ ᠠᠪᠤᠭᠰᠠᠨ ᠵᠣᠭᠤᠰ ᠤᠨ ᠲᠤᠭ᠎ᠠ 484.81 ᠲᠦᠮᠡᠨ ᠲᠥᠭᠦᠷᠢᠭ ᠬᠦᠷᠴᠦ᠂ ᠳᠡᠭᠡᠷ᠎ᠡ | ᠵᠢᠯ ᠤᠨ ᠠᠳᠠᠯᠢ ᠬᠤᠭᠤᠴᠠᠭᠠᠨ ᠤ ᠬᠢ ᠠᠴᠠ 338.60 ᠲᠦᠮᠡᠨ ᠲᠥᠭᠦᠷᠢᠭ ᠨᠡᠮᠡᠭᠳᠡᠨ᠂ ᠲᠣᠰ ᠦᠢᠯᠡᠳᠬᠦᠨ ᠤ | ᠭᠠᠷᠴᠠᠭ ᠠᠴᠠ ᠬᠤᠳᠠᠯᠳᠤᠨ ᠠᠪᠬᠤ ᠵᠣᠭᠤᠰ ᠤᠨ ᠲᠤᠭ᠎ᠠ ᠶᠢᠨ 72% ᠢ ᠡᠵᠡᠯᠡᠪᠡ︔ ᠣᠷᠴᠢᠨ ᠠᠬᠤᠢ ᠶᠢᠨ | ᠬᠠᠮᠠᠭᠠᠯᠠᠯᠲᠠ ᠶᠢᠨ ᠦᠢᠯᠡᠳᠬᠦᠨ ᠢ ᠬᠤᠳᠠᠯᠳᠤᠨ ᠠᠪᠤᠭᠰᠠᠨ ᠵᠣᠭᠤᠰ ᠤᠨ ᠲᠤᠭ᠎ᠠ 668.54 ᠲᠦᠮᠡᠨ ᠲᠥᠭᠦᠷᠢᠭ | ᠬᠦᠷᠴᠦ᠂ ᠲᠣᠰ ᠦᠢᠯᠡᠳᠬᠦᠨ ᠤ ᠭᠠᠷᠴᠠᠭ ᠠᠴᠠ ᠬᠤᠳᠠᠯᠳᠤᠨ ᠠᠪᠤᠭᠰᠠᠨ ᠵᠣᠭᠤᠰ ᠤᠨ ᠲᠤᠭ᠎ᠠ ᠶᠢᠨ 86% ᠶᠢ | ᠡᠵᠡᠯᠡᠪᠡ᠃ | ᠡᠨᠡ ᠵᠢᠯ᠂ ᠮᠠᠨ ᠤ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠨᠢ ᠵᠠᠰᠠᠭ ᠤᠨ | ᠣᠷᠳᠣᠨ ᠤ ᠬᠤᠳᠠᠯᠳᠤᠨ ᠠᠪᠬᠤ ᠬᠦᠷᠢᠶᠡᠨ ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠪᠠᠷ ᠬᠠᠷᠠᠯᠲᠠ ᠪᠣᠯᠭᠠᠵᠤ᠂ ᠬᠠᠲᠠᠭᠤ ᠳᠦᠷᠢᠮ ᠤᠨ ᠵᠥᠭᠡᠯᠡᠨ ᠬᠠᠮᠢᠶᠠᠷᠤᠯᠲᠠ ᠳᠤ᠂ ︽ᠬᠢᠨᠠᠯᠲᠠ | ᠲᠠᠯᠪᠢᠬᠤ + ᠦᠢᠯᠡᠴᠢᠯᠡᠭᠡ︾ ᠶᠢ ᠵᠡᠷᠭᠡᠪᠡᠷ ᠶᠠᠪᠤᠭᠤᠯᠬᠤ ᠵᠠᠭᠪᠤᠷ ᠢᠶᠠᠷ ᠬᠤᠳᠠᠯᠳᠤᠨ ᠠᠪᠤᠭᠴᠢ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ ︽ᠵᠠᠢ ᠵᠠᠪᠰᠠᠷ ᠦᠭᠡᠢ︾ ︽ᠨᠢᠭᠤᠷ | ᠡᠰᠡᠷᠭᠦᠯᠡᠨ︾ ︽ᠪᠠᠶᠢᠩᠭᠤᠵᠢᠭᠤᠯᠵᠤ︾᠂ ᠬᠤᠳᠠᠯᠳᠤᠨ ᠠᠪᠬᠤ ᠡᠯ᠎ᠡ ᠲᠠᠯ᠎ᠠ ᠶᠢᠨ ᠭᠤᠣᠯ ᠴᠣᠭᠴᠠ ᠳᠤ | ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠤᠬᠠᠶᠢᠯᠠᠭᠰᠠᠨ | ᠠᠵᠢᠯ ᠤᠨ ᠴᠢᠳᠠᠪᠤᠷᠢ ᠵᠢᠴᠢ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠂ ᠵᠠᠰᠠᠭ ᠤᠨ ᠣᠷᠳᠣᠨ ᠤ ᠬᠤᠳᠠᠯᠳᠤᠨ | ᠠᠪᠬᠤ ᠲᠥᠷᠥ ᠶᠢᠨ ᠪᠣᠳᠣᠯᠭ᠎ᠠ ᠶᠢ ᠨᠠᠩ ᠰᠠᠶᠢᠲᠤᠷ ᠨᠠᠶᠢᠳᠠᠪᠤᠷᠢᠵᠢᠭᠤᠯᠬᠤ ᠪᠠ ᠪᠦᠲᠦᠮᠵᠢᠲᠡᠢ ᠬᠡᠷᠡᠭᠵᠢᠭᠦᠯᠬᠦ ᠶᠢ | ᠠᠬᠢᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶᠡᠨ ᠳᠠᠬᠢ ᠬᠤᠳᠠᠯᠳᠤᠭ᠎ᠠ ᠡᠷᠭᠢᠯᠡᠬᠦ ᠰᠠᠶᠢᠨ | ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠪᠠ᠃ | ᠳᠠᠷᠠᠭᠠᠴᠢ ᠶᠢᠨ ᠠᠯᠬᠤᠮ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠤᠳᠠᠯᠳᠤᠨ ᠠᠪᠤᠭᠴᠢ ᠶᠢᠨ | ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠳᠡᠭᠡᠭᠰᠢᠯᠡᠭᠦᠯᠬᠦ᠂ ᠬᠤᠳᠠᠯᠳᠤᠨ ᠠᠪᠬᠤ ᠶᠢ ᠣᠷᠣᠯᠠᠨ | ᠭᠦᠢᠴᠡᠳᠬᠡᠬᠦ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ᠂ ᠬᠤᠳᠠᠯᠳᠤᠨ | ᠠᠪᠬᠤ ᠶᠢ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠲᠠᠯ᠎ᠠ ᠶᠢ | ᠭᠤᠣᠯᠳᠠᠯᠭ᠎ᠠ ᠲᠠᠢ ᠠᠩᠬᠠᠷᠴᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ︽ | ᠡᠭᠦᠯᠡᠨ ᠲᠠᠪᠴᠠᠩ︾ ᠳᠤ ᠲᠦᠰᠢᠭᠯᠡᠨ᠂ ᠲᠣᠭᠠᠴᠢᠯᠠᠭᠰᠠᠨ ᠦᠢᠯᠡᠴᠢᠯᠡᠭᠡ ᠪᠠᠷ ᠵᠠᠰᠠᠭ ᠤᠨ ᠣᠷᠳᠣᠨ ᠤ ᠬᠤᠳᠠᠯᠳᠤᠨ | ᠠᠪᠬᠤ ᠳᠤ ᠲᠤᠰᠠᠯᠠᠬᠤ ᠪᠠᠷ ᠠᠵᠠ ᠲᠣᠬᠢᠶᠠᠯ ᠪᠣᠯᠭᠠᠵᠤ᠂ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ | ᠯᠦᠭᠡ ᠨᠢᠭᠲᠠ ᠬᠠᠷᠢᠴᠠᠭ᠎ᠠ ᠲᠠᠢ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ ᠶᠢᠨ ᠪᠡᠯᠡ ᠲᠣᠬᠢᠷᠠᠭᠤᠯᠭ᠎ᠠ᠂ | ᠵᠠᠰᠠᠭ ᠤᠨ ᠣᠷᠳᠣᠨ ᠤ ᠨᠣᠭᠤᠭᠠᠨ ᠬᠤᠳᠠᠯᠳᠤᠨ ᠠᠪᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷ | ᠳᠤᠮᠳᠠ ᠵᠢᠵᠢᠭ ᠠᠵᠤ ᠠᠬᠤᠶᠢᠯᠠᠯ ᠢ ᠲᠡᠳᠬᠦᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶᠡᠨ ᠤ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠦᠨ᠎ᠡ᠃ | ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ |