ᠪᠣᠣ ᠭᠠᠩ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/4/26
      ︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠪᠣᠯᠣᠨ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ ᠭᠦᠨᠵᠡᠭᠡᠶᠢᠷᠡᠵᠦ᠂ ᠠᠵᠤ ᠦᠢᠯᠡᠰ ᠤᠨ ᠬᠥᠭᠵᠢᠯᠲᠡ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠬᠦᠴᠦᠨ ᠵᠦᠢᠯ ᠤᠨ ᠪᠠᠲᠤᠯᠠᠭ᠎ᠠ ᠵᠡᠷᠭᠡ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠡᠢ᠃      ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠲᠣᠭᠤᠷᠢᠭ ᠲᠤ᠂ ᠪᠣᠣ ᠭᠠᠩ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠥᠬᠡᠬᠤᠲᠠ ᠶᠢᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠰᠢᠨ ᠬᠤᠸᠠᠨ᠂ ᠰᠢᠨ ᠬᠤᠸᠠ ᠵᠡᠷᠭᠡ ᠠᠵᠤ ᠠᠬᠤᠶᠢᠯᠠᠯ ᠳᠤ ᠭᠦᠨᠵᠡᠭᠡᠶᠢᠷᠡᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠣᠯᠣᠨ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ‌‍ᠬᠡᠯᠡᠬᠦ ᠳᠡᠭᠡᠨ᠂ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠨᠢ ᠤᠯᠤᠰ ᠤᠨ ᠲᠡᠰ ᠤᠨ ᠨᠡᠭᠡᠭᠡᠯᠲᠡ ᠶᠢᠨ ᠲᠣᠭᠤᠷᠢᠭ ᠪᠣᠯᠤᠭᠰᠠᠨ ᠤ ᠬᠤᠪᠢ ᠳᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠰᠢᠨ᠎ᠡ ᠮᠠᠲ᠋ᠧᠷᠢᠶᠠᠯ ᠪᠣᠯᠣᠨ ᠲᠤᠨᠤᠭ ᠲᠥᠬᠦᠭᠡᠷᠦᠮᠵᠢ ᠦᠢᠯᠡᠳᠬᠦ᠂ ᠣᠳᠣᠬᠢᠴᠢᠯᠠᠭᠰᠠᠨ ᠠᠵᠤ ᠦᠢᠯᠡᠳᠪᠦᠷᠢ ᠵᠡᠷᠭᠡ ᠬᠤᠶᠠᠷ ᠶᠡᠭᠡ ᠭᠤᠣᠯᠯᠠᠭᠴᠢ ᠠᠵᠤ ᠦᠢᠯᠡᠰ ᠤᠨ ᠲᠣᠭᠤᠷᠢᠨ ᠳᠤ᠂ ᠵᠦᠩ ᠬᠤᠸᠠᠨ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠥᠬᠡᠬᠤᠲᠠ ᠶᠢᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠵᠡᠷᠭᠡ ᠲᠣᠯᠣᠭᠠᠶᠢᠯᠠᠭᠴᠢ ᠠᠵᠤ ᠠᠬᠤᠶᠢᠯᠠᠯ ᠳᠤ ᠲᠦᠰᠢᠭᠯᠡᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠠᠵᠤ ᠦᠢᠯᠡᠰ ᠤᠨ ᠬᠦᠴᠦᠨ ᠵᠦᠢᠯ ᠲᠥᠪᠯᠡᠷᠡᠨ ᠪᠥᠭᠡᠮᠨᠡᠷᠡᠭᠰᠡᠨ ᠮᠠᠶ᠋ᠢᠭ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠤᠰᠤ ᠴᠠᠬᠢᠯᠭᠠᠨ ᠵᠠᠮ ᠬᠡᠢ ᠵᠡᠷᠭᠡ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ ᠶᠢ ᠴᠢᠩᠭᠠᠳᠬᠠᠵᠤ᠂ ᠭᠠᠵᠠᠷ ᠰᠢᠷᠣᠢ ᠶᠢ ᠡᠷᠴᠢᠮᠵᠢᠭᠦᠯᠦᠨ ᠠᠰᠢᠭᠯᠠᠬᠤ ᠶᠢ ᠰᠠᠶᠢᠲᠤᠷ ᠠᠳᠬᠤᠵᠤ᠂ ᠬᠦᠷᠢᠶᠡᠯᠡᠩ ᠲᠣᠭᠤᠷᠢᠭ ᠤᠨ ᠳᠠᠭᠠᠭᠠᠴᠠ ᠪᠣᠯᠣᠨ ᠲᠠᠲᠠᠬᠤ ᠬᠦᠴᠦᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠬᠦᠷᠢᠶᠡᠯᠡᠩ ᠲᠣᠭᠤᠷᠢᠭ ᠤᠨ ᠤᠳᠤᠷᠢᠳᠬᠤ ᠺᠠᠳ᠋ᠷ ᠥᠪᠡᠷᠲᠡᠭᠡᠨ ᠠᠵᠤ ᠦᠢᠯᠡᠰ ᠢ ᠠᠳᠬᠤᠬᠤ ᠮᠡᠷᠭᠡᠵᠢᠯᠲᠡᠨ ᠪᠣᠯᠵᠤ᠂ ᠠᠵᠤ ᠠᠬᠤᠶᠢᠯᠠᠯ ᠲᠠᠢ ᠬᠠᠮᠲᠤᠪᠠᠷ ᠦᠢᠯᠡᠳᠪᠦᠷᠢᠯᠡᠯ ᠤᠨ ᠴᠢᠳᠠᠪᠤᠷᠢ ᠶᠢ ᠥᠷᠭᠡᠳᠬᠡᠬᠦ᠂ ᠬᠡᠯᠬᠢᠶ᠎ᠡ ᠶᠢ ᠤᠷᠲᠤᠳᠬᠠᠬᠤ ᠂ ᠦᠷ᠎ᠡ ᠠᠰᠢᠭ ᠢ ᠨᠡᠮᠡᠭᠳᠡᠭᠦᠯᠬᠦ ᠶᠢ ᠲᠥᠯᠥᠪᠵᠢᠭᠦᠯᠵᠦ᠂ ︽ᠮᠢᠩᠭᠠᠨ ᠳ᠋ᠦᠩᠰᠢᠭᠤᠷ ᠳᠡᠰ︾ ᠤᠨ ᠬᠦᠷᠢᠶᠡᠯᠡᠩ ᠲᠣᠭᠤᠷᠢᠭ ᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠡᠢ᠃      ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ᠂ ᠪᠣᠣ ᠭᠠᠩ ᠥᠪᠥᠷ ᠮᠣᠩᠭᠤᠯ ᠤᠨ ᠰᠠᠨᠰᠠᠷ ᠤᠨ ᠠᠶᠠᠯᠠᠯ ᠤᠨ ᠬᠤᠩ ᠰᠢᠶᠠ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠪᠣᠯᠣᠨ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠡᠯᠡᠳᠬᠡᠯ ᠤᠨ ᠭᠠᠵᠠᠷ ᠲᠤ ᠬᠦᠷᠴᠦ᠂ ᠰᠠᠨᠰᠠᠷ ᠤᠨ ᠠᠶᠠᠯᠠᠯ ᠤᠨ ᠠᠵᠤ ᠦᠢᠯᠡᠰ ᠤᠨ ᠲᠥᠷᠥᠯ ᠵᠦᠢᠯ ᠪᠣᠯᠣᠨ ᠬᠦᠷᠢᠶᠡᠯᠡᠩ ᠲᠣᠭᠤᠷᠢᠭ ᠤᠨ ᠪᠡᠯᠡᠳᠬᠡᠯ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠢ ᠪᠠᠶᠢᠭᠤᠯᠬᠤ ᠪᠣᠯ ᠣᠷᠣᠨ ᠤ ᠲᠥᠪ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠴᠡᠷᠢᠭ ᠠᠷᠠᠳ ᠤᠨ ᠬᠡᠷᠡᠭᠯᠡᠭᠡ ᠶᠢᠨ ᠠᠭᠤᠰᠤᠯᠴᠠᠯ ᠢ ᠭᠦᠨᠵᠡᠭᠡᠶᠢᠷᠡᠭᠦᠯᠬᠦ ᠴᠢᠬᠤᠯᠠ ᠭᠠᠷᠳᠠᠴᠠ ᠪᠣᠯᠣᠨ᠎ᠠ᠃ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠪᠠᠶᠢᠷᠢᠰᠢᠭᠤᠯᠤᠯ ᠢ ᠨᠠᠷᠢᠨ ᠬᠢᠨᠠᠮᠠᠭᠠᠢ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ ᠲᠥᠯᠦᠪᠵᠢᠭᠦᠯᠭᠡ ᠨᠠᠶᠢᠷᠠᠭᠤᠯᠤᠨ ᠵᠣᠬᠢᠶᠠᠵᠤ᠂ ᠵᠠᠮ ᠤᠨ ᠲᠣᠣᠷ ᠵᠡᠷᠭᠡ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠶᠢ ᠴᠢᠩᠭ᠎ᠠ ᠤᠶᠠᠯᠳᠤᠭᠤᠯᠵᠤ᠂ ᠰᠠᠨᠰᠠᠷ ᠤᠨ ᠠᠶᠠᠯᠠᠯ ᠤᠨ ᠵᠢᠷᠭᠤᠳᠤᠭᠠᠷ ᠬᠦᠷᠢᠶᠡᠯᠡᠩ ᠲᠠᠢ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠰᠠᠨᠰᠠᠷ ᠤᠨ ᠠᠶᠠᠯᠠᠯ ᠤᠨ ᠣᠨᠴᠠᠯᠢᠭᠲᠤ ᠠᠵᠤ ᠦᠢᠯᠡᠰ ᠢ ᠰᠢᠰᠲ᠋ᠧᠮ ᠲᠠᠢ ᠪᠠᠷ ᠲᠥᠯᠥᠪᠵᠢᠭᠦᠯᠦᠨ ᠠᠬᠢᠭᠤᠯᠵᠤ᠂ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠢ ᠲᠦᠷᠭᠡᠨ ᠲᠥᠪᠯᠡᠷᠡᠭᠦᠯᠵᠦ᠂ ᠣᠷᠣᠨ ᠤ ᠲᠥᠪ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠭᠦ ᠬᠦᠴᠦᠨ ᠢ ᠪᠣᠶᠢᠵᠢᠭᠤᠯᠬᠤ ᠬᠡᠷᠡᠭᠲᠡᠢ ᠭᠡᠵᠡᠢ᠃       ᠯᠢᠦ ᠵᠢᠢ ᠶᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号