| | | ︵ᠰᠤᠷᠪᠤᠯᠵᠢᠯᠠᠭᠴᠢ ᠯᠢᠦ ᠱᠠ ᠱᠠ︶ 4 ᠳ᠋ᠦ᠋ᠭᠡᠷ ᠰᠠᠷ᠎ᠠ ᠶᠢᠨ 26 ᠤ ᠡᠳᠦᠷ᠂ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ ︿ᠵᠢᠱᠢᠶᠡᠴᠢ ᠥᠪᠡᠷᠲᠡᠭᠡᠨ ᠵᠠᠰᠠᠬᠤ | ᠣᠷᠣᠨ﹀ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ︾ ᠪᠠᠷ ᠭᠤᠣᠯ ᠰᠡᠳᠦᠪ ᠪᠣᠯᠭᠠᠭᠰᠠᠨ 2023 ᠣᠨ ᠤ | ᠬᠥᠬᠡᠬᠤᠲᠠ ᠶᠢᠨ ︽ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ | ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠡᠬᠢᠯᠡᠪᠡ᠃ | ᠠᠵᠢᠯᠯᠠᠭ᠎ᠠ ᠶᠢᠨ ᠠᠬᠤᠢ ᠲᠠᠯᠠᠪᠠᠢ ᠳᠤ᠂ ᠬᠥᠬᠡᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠡᠯᠴᠢᠨ | ᠰᠠᠨᠠᠭᠠᠴᠢᠯᠠᠭ᠎ᠠ ᠶᠢᠨ ᠪᠢᠴᠢᠭ ᠢ ᠤᠩᠰᠢᠭᠰᠠᠨ ᠪᠥᠭᠡᠳ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ᠂ | ᠦᠵᠡᠭᠦᠯᠦᠯᠭᠡ ᠶᠢᠨ ᠰᠠᠮᠪᠠᠷ᠎ᠠ ᠳᠡᠯᠭᠡᠬᠦ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠭᠠᠷ | ᠳᠡᠪᠲᠡᠷ ᠲᠠᠷᠬᠠᠭᠠᠬᠤ ᠵᠡᠷᠭᠡ ᠬᠡᠯᠪᠡᠷᠢ ᠪᠠᠷ ᠥᠷᠭᠡᠨ ᠤᠯᠠᠨ ᠬᠤᠳᠠ ᠶᠢᠨ ᠠᠷᠠᠳ ᠲᠤ ᠨᠠᠮ ᠤᠨ ᠦᠨᠳᠦᠰᠦᠲᠡᠨ ᠤ | ᠤᠨᠤᠯ ᠲᠦᠷᠦ ᠶᠢᠨ ᠪᠣᠳᠣᠯᠭ᠎ᠠ ᠪᠣᠯᠣᠨ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ | ᠤᠬᠠᠭᠤᠯᠪᠠ᠃ | ᠲᠤᠬᠠᠢ ᠶᠢᠨ ᠡᠳᠦᠷ᠂ ᠮᠠᠨ ᠤ ᠬᠤᠲᠠ ᠪᠠᠰᠠ ᠰᠢᠨ᠎ᠡ ᠬᠤᠲᠠ ᠲᠣᠭᠤᠷᠢᠭ ᠤᠨ ᠭᠦᠩᠵᠦ ᠶᠢᠨ ᠣᠷᠳᠣᠨ | ᠨᠡᠶᠢᠭᠡᠮ ᠲᠣᠭᠤᠷᠢᠭ᠂ ᠬᠤᠲᠣᠩ ᠠᠷᠠᠳ ᠤᠨ ᠲᠣᠭᠤᠷᠢᠭ ᠤᠨ ᠨᠡᠶᠢᠲᠡ ᠶᠢᠨ ᠵᠠᠮ ᠬᠠᠷᠢᠯᠴᠠᠭᠠᠨ ᠤ ᠨᠢᠭᠡᠳᠦᠭᠡᠷ | ᠺᠣᠮᠫᠠᠨᠢ᠂ ᠢᠦᠢ ᠴᠢᠤᠸᠠᠨ ᠲᠣᠭᠤᠷᠢᠭ ᠤᠨ ᠶᠡᠭᠡ ᠵᠣᠣ ᠲᠠᠯᠠᠪᠠᠶ᠂ ᠰᠢᠨ᠎ᠡ ᠬᠤᠲᠠ ᠲᠣᠭᠤᠷᠢᠭ ᠤᠨ ᠰᠤ᠋ ᠬᠤ᠋ | ᠵᠡᠭᠡᠯᠢ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ᠂ ᠰᠠᠶᠢᠬᠠᠨ ᠲᠣᠭᠤᠷᠢᠭ ᠤᠨ ᠰᠢᠯᠢ ᠶᠢᠨ ᠡᠮᠦᠨ᠎ᠡ ᠵᠠᠮ ᠤᠨ ᠪᠠᠭ᠎ᠠ | ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠪᠣᠯᠣᠨ ᠦᠴᠦᠸᠠᠨ ᠰᠢᠶᠠᠨ ᠤ ᠰᠢᠨ᠎ᠡ ᠳᠡᠯᠡᠬᠡᠢ ᠲᠠᠯᠠᠪᠠᠶ ᠳᠤ ᠬᠤᠪᠢᠶᠠᠷᠢ | ᠬᠤᠷᠠᠯ ᠤᠨ ᠲᠠᠯᠠᠪᠠᠶ ᠭᠠᠷᠭᠠᠵᠠᠢ᠃ ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠵᠠᠭᠤᠨ | ᠲᠠᠯᠠᠪᠠᠢ ᠭᠤᠣᠯ ᠰᠡᠳᠦᠪᠲᠦ ᠤᠬᠠᠭᠤᠯᠭ᠎ᠠ ᠲᠠᠶᠢᠯᠤᠮᠵᠢ︾᠂ 56 ᠳ᠋ᠤᠭᠠᠷ ᠵᠠᠮ ᠤᠨ ︽ᠪᠦᠯᠬᠦᠮᠳᠡᠨ ᠤᠷᠤᠭᠰᠢᠯᠠᠬᠤ | ᠲᠡᠮᠳᠡᠭᠲᠦ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠨᠡᠭᠦᠳᠡᠯ ᠤᠬᠠᠭᠤᠯᠭ᠎ᠠ ᠵᠡᠷᠭᠡ ᠠᠵᠢᠯᠯᠠᠭ᠎ᠠ ᠶᠢ ᠲᠣᠰ | ᠲᠣᠰ ᠥᠷᠨᠢᠭᠦᠯᠪᠡ᠃ | ᠣᠶᠢᠯᠠᠭᠠᠭᠰᠠᠨ ᠢᠶᠠᠷ᠂ ᠮᠠᠨ ᠤ ᠬᠤᠲᠠ ᠶᠢᠨ ᠡᠨᠡ ᠵᠢᠯ ᠤᠨ ︽ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ | ᠠᠵᠢᠯᠯᠠᠭ᠎ᠠ ᠨᠢ ᠲᠠᠰ ᠳᠠᠪᠬᠤᠷᠭ᠎ᠠ ᠬᠤᠪᠢᠶᠠᠨ᠂ ᠪᠦᠬᠦᠨ ᠢ ᠬᠠᠮᠤᠷᠤᠨ ᠦᠨᠳᠦᠰᠦᠲᠡᠨ ᠨᠦᠭᠦᠳ ᠤᠨ ᠺᠠᠳ᠋ᠷ ᠣᠯᠠᠨ | ᠲᠦᠮᠡᠨ ᠢ ᠢᠳᠡᠪᠬᠢᠲᠡᠢ ᠣᠷᠣᠯᠴᠠᠭᠤᠯᠬᠤ ᠬᠡᠯᠪᠡᠷᠢ ᠪᠠᠷ ︽8+N︾ ᠶᠢᠨ ᠤᠬᠠᠭᠤᠯᠭ᠎ᠠ ᠪᠠ ᠨᠠᠢᠮᠠᠨ ᠵᠦᠢᠯ ᠤᠨ | ᠭᠤᠣᠯ ᠰᠡᠳᠦᠪᠲᠦ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ᠤᠬᠠᠭᠤᠯᠭ᠎ᠠ ᠶᠢᠨ ᠰᠠᠷ᠎ᠠ ᠶᠢᠨ ᠬᠤᠭᠤᠴᠠᠭᠠᠨ ᠳᠤ᠂ | ᠡᠯ᠎ᠡ ᠬᠠᠮᠢᠶ᠎ᠠ ᠪᠦᠬᠦᠢ ᠨᠢᠭᠡᠴᠡ ᠲᠠᠢ ᠬᠠᠮᠲᠤᠷᠠᠨ ︽ᠬᠥᠬᠡᠬᠤᠲᠠ ᠶᠢᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠠᠭᠤᠨ ᠲᠠᠯᠠᠪᠠᠢ ᠤᠬᠠᠭᠤᠯᠭ᠎ᠠ ᠲᠠᠶᠢᠯᠤᠮᠵᠢ︾᠂ ︽︿ᠰᠣᠨᠣᠰ᠂ ᠲᠡᠦᠬᠡ ᠶᠢᠨ ᠳᠤᠷᠠᠰᠬᠠᠯᠲᠤ | ᠵᠦᠢᠯᠡᠰ ᠢ ᠬᠡᠯᠡᠵᠦ ᠪᠠᠶᠢᠨ᠎ᠠ﹀︱ ᠪᠢᠴᠢᠬᠠᠨ ᠲᠠᠶᠢᠯᠪᠤᠷᠢᠯᠠᠭᠴᠢ ᠶᠢᠨ ᠠᠵᠢᠯᠯᠠᠭ᠎ᠠ︾᠂ ︽ᠡᠨᠡ ᠪᠣᠯ ᠳᠠᠷᠤᠢ ᠮᠢᠨᠤ | ᠠᠮᠢᠳᠤᠷᠠᠵᠤ ᠪᠠᠶᠢᠭ᠎ᠠ ᠬᠥᠬᠡᠬᠤᠲᠠ᠂ ᠬᠥᠬᠡᠬᠤᠲᠠ ᠶᠢ ᠲᠠᠨᠢᠶ᠎ᠠ︾ ᠵᠡᠷᠭᠡ ᠡᠯ᠎ᠡ ᠵᠦᠢᠯ ᠤᠨ ᠣᠨᠴᠠᠯᠢᠭ ᠲᠠᠢ | ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠬᠠᠮ ᠵᠠᠭᠤᠴᠢᠯᠠᠭᠤᠷ᠂ ᠤᠯᠠᠨ ᠲᠠᠯ᠎ᠠ ᠠᠴᠠ ᠨᠠᠮ ᠤᠨ | ᠦᠨᠳᠦᠰᠦᠲᠡᠨ ᠤ ᠤᠨᠤᠯ ᠳᠦᠷᠦ ᠶᠢᠨ ᠪᠣᠳᠣᠯᠭ᠎ᠠ ᠪᠣᠯᠣᠨ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠢ | ᠭᠦᠨᠵᠡᠭᠡᠢ ᠤᠬᠠᠭᠤᠯᠬᠤ ᠪᠠᠷ ᠳᠠᠮᠵᠢᠭᠤᠯᠵᠤ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠤᠯᠠᠨ ᠲᠦᠮᠡᠨ ᠤ | ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠬᠠᠮᠲᠤᠷᠠᠯ ᠬᠦᠴᠦᠨ ᠢ | ᠨᠢᠭᠲᠠᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠳᠠᠰᠤᠷᠠᠯᠳᠠ ᠦᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠣ᠋ ᠰᠢᠨ᠎ᠡ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠨᠡᠩ | ᠥᠨᠳᠥᠷ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠪᠠᠷ ᠣᠷᠣᠨ ᠤ ᠲᠥᠪ ᠤᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ᠮᠠᠨ ᠤ ᠬᠤᠲᠠ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ | ᠪᠠᠶᠢᠭᠤᠯᠬᠤ ᠠᠵᠢᠯ ᠲᠠᠢ ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠬᠠᠨ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ | ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠦᠷᠭᠦᠯᠵᠢᠯᠡᠨ ᠪᠣᠳᠠᠲᠠᠢ ᠳᠤ ᠰᠠᠭᠤᠷᠢᠯᠠᠨ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ | ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠨᠠᠩ ᠥᠷᠭᠡᠨ ᠳᠡᠯᠭᠡᠷ᠂ ᠨᠠᠩ ᠭᠦᠨ | ᠲᠠᠰ ᠳᠠᠪᠬᠤᠷᠭ᠎ᠠ ᠳᠤ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ | ᠣᠷᠣᠨ ᠢ ᠴᠣᠭᠴᠠᠯᠠᠨ ᠪᠠᠶᠢᠭᠤᠯᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠥᠬᠦ | ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠢ ᠠᠬᠢᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ | ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ | ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠣᠷᠣᠨ ᠤ ᠲᠥᠪ ᠤᠨ ᠬᠦᠴᠦᠨ ᠴᠢᠳᠠᠯ ᠢᠶᠠᠨ ᠡᠷᠭᠦᠬᠦ | ᠪᠣᠯᠣᠨ᠎ᠠ᠃ | ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ |