︵ᠰᠤᠷᠪᠤᠯᠵᠢᠯᠠᠭᠴᠢ ᠰᠥᠩ ᠰᠢᠶᠠᠩ ᠬᠤᠸᠠ ᠴᠢᠮᠡᠭᠡᠯᠡᠭᠴᠢ ᠵᠣᠣ ᠿᠦᠨ ᠵᠢᠶᠠᠩ︶ 4 ᠳ᠋ᠦ᠋ᠭᠡᠷ ᠰᠠᠷ᠎ᠠ ᠶᠢᠨ | 26 ᠤ ᠡᠳᠦᠷ᠂ ᠰᠤᠷᠪᠤᠯᠵᠢᠯᠠᠭᠴᠢ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ ᠠᠴᠠ ᠣᠶᠢᠯᠠᠭᠠᠭᠰᠠᠨ ᠨᠢ᠂ ᠡᠨᠡ ᠵᠢᠯ ᠤᠨ ᠨᠢᠭᠡᠳᠦᠭᠡᠷ ᠤᠯᠠᠷᠢᠯ ᠳᠤ ᠮᠠᠨ ᠤ ᠬᠤᠲᠠ ᠶᠢᠨ ᠠᠵᠤ | ᠦᠢᠯᠡᠳᠪᠦᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ︽ᠬᠤᠶᠠᠷ ᠥᠨᠳᠥᠷ ᠨᠢᠭᠡ ᠨᠡᠮᠡᠭᠳᠡᠬᠦ︾ | ᠣᠨᠴᠠᠯᠢᠭ ᠢᠯᠡᠷᠡᠵᠡᠢ᠃ | ︽ᠬᠤᠶᠠᠷ ᠥᠨᠳᠥᠷ︾ ᠭᠡᠳᠡᠭ ᠨᠢ ᠨᠢᠭᠡ ᠳᠤ ᠲᠥᠷᠥᠯ ᠵᠦᠢᠯ ᠤᠨ ᠭᠠᠷ ᠭᠦᠢᠴᠡᠳᠬᠡᠯ ᠢ ᠭᠦᠢᠴᠡᠳᠬᠡᠭᠰᠡᠨ | ᠨᠣᠷᠮ᠎ᠠ ᠥᠨᠳᠥᠷ᠃ ᠪᠥᠬᠦ ᠬᠤᠲᠠ ᠶᠢᠨ 251 ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ︵ | 1506 ᠭᠠᠷ ᠭᠦᠢᠴᠡᠳᠬᠡᠯ ᠳᠤ ᠬᠤᠯᠪᠣᠭᠳᠠᠨ᠎ᠠ︶ ᠠᠴᠠ ᠨᠢᠭᠡᠨᠲᠡ 1069 ᠭᠠᠷ ᠭᠦᠢᠴᠡᠳᠬᠡᠯ ᠢ ᠭᠦᠢᠴᠡᠳᠬᠡᠵᠦ᠂ | 116 ᠭᠠᠷ ᠭᠦᠢᠴᠡᠳᠬᠡᠯ ᠢ ᠶᠠᠭ ᠭᠦᠢᠴᠡᠳᠬᠡᠵᠦ ᠪᠠᠶᠢᠨ᠎ᠠ᠂ ᠭᠠᠷ ᠭᠦᠢᠴᠡᠳᠬᠡᠯ ᠢ ᠭᠦᠢᠴᠡᠳᠬᠡᠭᠰᠡᠨ ᠨᠣᠷᠮ᠎ᠠ 78. | 69%᠂ ᠭᠦᠢᠴᠡᠳᠬᠡᠵᠦ ᠳᠠᠭᠤᠰᠬᠠᠭᠰᠠᠨ ᠨᠣᠷᠮ᠎ᠠ 70.98% ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ | ᠬᠢ ᠠᠴᠠ ᠪᠠᠷᠤᠭ 20 ᠵᠠᠭᠤᠨ ᠤ ᠨᠢᠭᠡᠴᠢ ᠳᠡᠭᠡᠭᠰᠢᠯᠡᠵᠡᠢ᠃ ᠬᠤᠶᠠᠷ ᠲᠤ ᠠᠵᠤ ᠦᠢᠯᠡᠳᠪᠦᠷᠢ ᠶᠢᠨ ᠲᠣᠭᠲᠠᠮᠠᠯ | ᠬᠥᠷᠥᠩᠭᠡ ᠶᠢᠨ ᠪᠡᠯᠡ ᠣᠷᠤᠭᠤᠯᠤᠯᠲᠠ ᠶᠢᠨ ᠨᠡᠮᠡᠭᠳᠡᠯ ᠤᠨ ᠬᠤᠷᠳᠤᠴᠠ ᠥᠨᠳᠥᠷ᠃ ᠨᠢᠭᠡᠳᠦᠭᠡᠷ ᠤᠯᠠᠷᠢᠯ ᠳᠤ᠂ | ᠮᠠᠨ ᠤ ᠬᠤᠲᠠ ᠶᠢᠨ ᠠᠵᠤ ᠦᠢᠯᠡᠳᠪᠦᠷᠢ ᠶᠢᠨ ᠲᠣᠭᠲᠠᠮᠠᠯ ᠪᠡᠯᠡ ᠣᠷᠤᠭᠤᠯᠤᠯᠲᠠ ᠠᠳᠠᠯᠢ ᠬᠤᠭᠤᠴᠠᠭᠠᠨ ᠤ | ᠬᠢ ᠠᠴᠠ 55.5% ᠪᠠᠷ ᠨᠡᠮᠡᠭᠳᠡᠵᠦ᠂ ᠪᠥᠬᠦ ᠬᠤᠲᠠ ᠶᠢᠨ ᠪᠡᠯᠡ ᠣᠷᠤᠭᠤᠯᠤᠯᠲᠠ ᠶᠢᠨ 44.5% ᠶᠢ ᠡᠵᠡᠯᠡᠵᠦ᠂ | ᠪᠥᠬᠦ ᠬᠤᠲᠠ ᠶᠢᠨ ᠪᠡᠯᠡ ᠣᠷᠤᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 55. | 1% ᠬᠦᠷᠴᠦ᠂ ᠪᠥᠬᠦ ᠬᠤᠲᠠ ᠶᠢᠨ ᠪᠡᠯᠡ ᠣᠷᠤᠭᠤᠯᠤᠯᠲᠠ ᠶᠢᠨ ᠨᠡᠮᠡᠭᠳᠡᠯ ᠢ 22.3 ᠵᠠᠭᠤᠨ ᠤ ᠨᠢᠭᠡᠴᠢ | ᠳᠠᠶᠢᠴᠢᠯᠠᠨ᠂ ᠪᠥᠬᠦ ᠬᠤᠲᠠ ᠶᠢᠨ ᠪᠡᠯᠡ ᠣᠷᠤᠭᠤᠯᠤᠯᠲᠠ ᠶᠢᠨ ᠲᠤᠯᠭᠠᠭᠤᠷᠢᠯᠠᠬᠤ ᠦᠢᠯᠡᠳᠦᠯ ᠢ ᠲᠠᠰᠤᠷᠠᠯᠲᠠ ᠦᠭᠡᠢ | ᠴᠢᠩᠭᠠᠳᠬᠠᠪᠠ᠃ | ︽ᠨᠢᠭᠡ ᠨᠡᠮᠡᠭᠳᠡᠬᠦ︾ ᠭᠡᠳᠡᠭ ᠨᠢ ᠡᠨᠡ ᠵᠢᠯ ᠤᠨ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠲᠥᠷᠥᠯ | ᠵᠦᠢᠯ ᠤᠨ ᠲᠤᠭ᠎ᠠ ᠨᠡᠮᠡᠭᠳᠡᠬᠦ ᠶᠢ ᠵᠢᠭᠠᠵᠤ ᠪᠠᠶᠢᠨ᠎ᠠ᠃ 251 ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠦᠷᠦᠯ | ᠵᠦᠢᠯ ᠠᠴᠠ ᠨᠢᠭᠡᠨᠲᠡ 158 ᠨᠢ ᠠᠵᠢᠯ ᠢᠶᠠᠨ ᠡᠬᠢᠯᠡᠭᠦᠯᠦᠨ ᠰᠡᠷᠭᠦᠭᠡᠵᠦ᠂ ᠠᠵᠢᠯ ᠢᠶᠠᠨ ᠡᠬᠢᠯᠡᠭᠦᠯᠵᠦ ᠰᠡᠷᠭᠦᠭᠡᠭᠰᠡᠨ | ᠨᠤᠷᠮ᠎ᠠ 62.95% ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 25 ᠵᠠᠭᠤᠨ ᠤ ᠨᠢᠭᠡᠴᠢ ᠨᠡᠮᠡᠭᠳᠡᠪᠡ᠃ | ᠲᠣᠰ ᠵᠢᠯ ᠳᠤ᠂ ᠭᠤᠣᠯᠳᠠᠯᠭ᠎ᠠ ᠲᠠᠢ ᠲᠦᠯᠬᠢᠨ ᠠᠬᠢᠭᠤᠯᠵᠤ ᠬᠡᠷᠡᠭᠵᠢᠭᠦᠯᠦᠭᠰᠡᠨ ᠶᠡᠷᠦᠩᠬᠡᠢ ᠪᠡᠯᠡ ᠣᠷᠤᠭᠤᠯᠤᠯᠲᠠ | ᠨᠢ 90.3 ᠳ᠋ᠦᠩᠰᠢᠭᠤᠷ ᠲᠥᠭᠦᠷᠢᠭ ᠤᠨ ᠰᠢᠨ ᠬᠤᠸᠠᠨ ᠤ 10 ᠲᠦᠮᠡᠨ ᠲᠣᠨ ᠤ ᠬᠡᠷᠡᠯ ᠴᠡᠨᠡᠭ ᠤᠨ ᠲᠠᠰ ᠤᠨ | ᠣᠯᠠᠨ ᠲᠠᠯᠠᠰᠲᠤ ᠴᠠᠬᠢᠭᠤᠷ ᠤᠨ ᠲᠥᠷᠥᠯ ᠵᠦᠢᠯ᠂ ᠶᠡᠷᠦᠩᠬᠡᠢ ᠪᠡᠯᠡ ᠣᠷᠤᠭᠤᠯᠤᠯᠲᠠ ᠨᠢ 60 ᠳ᠋ᠦᠩᠰᠢᠭᠤᠷ | ᠲᠥᠭᠦᠷᠢᠭ ᠤᠨ ᠲᠢᠶᠠᠨ ᠬᠤᠸ ᠶᠢᠨ 60 ᠲᠦᠮᠡᠨ ᠲᠣᠨ ᠰᠢᠯᠢ ᠰᠢᠷᠬᠡᠭ᠂ ᠶᠡᠷᠦᠩᠬᠡᠢ ᠪᠡᠯᠡ ᠣᠷᠤᠭᠤᠯᠤᠯᠲᠠ ᠨᠢ | 28.28 ᠳ᠋ᠦᠩᠰᠢᠭᠤᠷ ᠲᠥᠭᠦᠷᠢᠭ ᠤᠨ ᠰᠢᠨ ᠬᠤᠸᠠ ᠶᠢᠨ 1 ᠲᠦᠮᠡᠨ ᠲᠣᠨ ᠤ ᠡᠯᠧᠺᠲᠷᠣᠨ ᠤ ᠲᠠᠰ ᠤᠨ ᠣᠯᠠᠨ | ᠲᠠᠯᠠᠰᠲᠤ ᠴᠠᠬᠢᠭᠤᠷ ᠤᠨ ᠲᠥᠷᠥᠯ ᠵᠦᠢᠯ᠂ ᠶᠡᠷᠦᠩᠬᠡᠢ ᠪᠡᠯᠡ ᠣᠷᠤᠭᠤᠯᠤᠯᠲᠠ ᠨᠢ 23 ᠳ᠋ᠦᠩᠰᠢᠭᠤᠷ | ᠲᠥᠭᠦᠷᠢᠭ ᠤᠨ ᠳᠤᠮᠳᠠ ᠯᠢᠲ᠋ᠢ ᠶᠢᠨ ᠭᠤᠷᠪᠠᠳᠤᠭᠠᠷ ᠬᠤᠭᠤᠴᠠᠭᠠᠨ ᠤ ᠲᠥᠷᠥᠯ ᠵᠦᠢᠯ᠂ ᠶᠡᠷᠦᠩᠬᠡᠢ ᠪᠡᠯᠡ | ᠣᠷᠤᠭᠤᠯᠤᠯᠲᠠ ᠨᠢ 8 ᠳ᠋ᠦᠩᠰᠢᠭᠤᠷ ᠲᠥᠭᠦᠷᠢᠭ ᠤᠨ ᠢᠯᠢ ᠶᠢᠨ ᠡᠷᠡᠭᠦᠯ ᠮᠡᠨᠳᠦ ᠶᠢᠨ ᠬᠥᠨᠳᠡᠢ ᠶᠢᠨ ᠰᠦᠨ | ᠲᠠᠯᠬ᠎ᠠ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠵᠡᠷᠭᠡ ᠴᠥᠮ ᠠᠵᠢᠯ ᠢᠶᠠᠨ ᠡᠬᠢᠯᠡᠭᠦᠯᠪᠡ᠃ | ᠡᠭᠦᠨ ᠠᠴᠠ ᠭᠠᠳᠠᠨ᠎ᠠ᠂ ᠨᠢᠭᠡᠳᠦᠭᠡᠷ ᠤᠯᠠᠷᠢᠯ ᠳᠤ᠂ ᠠᠵᠤ ᠦᠢᠯᠡᠳᠪᠦᠷᠢ ᠶᠢᠨ ᠲᠣᠭᠲᠠᠮᠠᠯ ᠪᠡᠯᠡ | ᠣᠷᠤᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ | ᠳᠠᠪᠠᠭᠰᠠᠨ ᠭᠠᠵᠠᠷ ᠣᠷᠣᠨ ᠪᠣᠯ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ | ᠦᠴᠦᠸᠠᠨ ᠰᠢᠶᠠᠨ ᠪᠠ ᠰᠢᠨ᠎ᠡ ᠬᠤᠲᠠ ᠲᠣᠭᠤᠷᠢᠭ ᠪᠣᠯᠣᠨ᠎ᠠ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ | 913.4%᠂ 780.2% ᠪᠠ 239.9% ᠪᠠᠷ ᠨᠡᠮᠡᠭᠳᠡᠪᠡ᠃ ᠰᠠᠶᠢᠬᠠᠨ ᠲᠣᠭᠤᠷᠢᠭ᠂ ᠲᠣᠭᠲᠠᠬᠤ ᠰᠢᠶᠠᠨ᠂ | ᠲᠦᠮᠡᠳ ᠵᠡᠭᠦᠨ ᠬᠤᠰᠢᠭᠤ ᠪᠣᠯᠣᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠠᠴᠠ ᠪᠦᠬᠦ | ᠬᠤᠳᠠ ᠶᠢᠨ ᠠᠵᠤ ᠦᠢᠯᠡᠳᠪᠦᠷᠢ ᠶᠢᠨ ᠪᠡᠯᠡ ᠣᠷᠤᠭᠤᠯᠤᠯᠲᠠ ᠶᠢ ᠨᠡᠯᠢᠶᠡᠳ ᠡᠷᠴᠢᠮ ᠲᠠᠢ ᠲᠠᠶᠢᠴᠢᠯᠠᠵᠠᠢ᠃ | ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ |