︽ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠥᠭᠵᠢᠯᠲᠡ ᠶᠢ ᠳᠡᠮᠵᠢᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/4/28
      ᠨᠢᠭᠡ᠂ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ      ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠥᠭᠵᠢᠯᠲᠡ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠂ ᠲᠥᠷᠥ ᠶᠢᠨ ᠪᠣᠳᠣᠯᠭ᠎ᠠ ᠶᠢᠨ ᠳᠡᠮᠵᠢᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠶᠡᠷᠦᠩᠬᠡᠶᠢᠯᠡᠭᠰᠡᠨ ᠪᠠᠲᠤᠯᠠᠬᠤ ᠣᠷᠣᠨ ᠤ ᠬᠤᠳᠠᠯᠳᠤᠭᠠᠴᠢᠨ ᠤᠷᠢᠬᠤ ᠠᠵᠢᠯ ᠤᠨ ᠡᠷᠴᠢᠮ ᠢᠶᠠᠨ ᠦᠨᠡᠨᠬᠦ ᠴᠢᠩᠭᠠᠷᠠᠭᠤᠯᠤᠨ᠂ ᠬᠤᠳᠠᠯᠳᠤᠭᠠᠴᠢᠨ ᠤᠷᠢᠬᠤ ᠠᠭᠤᠷ ᠠᠮᠢᠰᠬᠤᠯ ᠢ ᠵᠤᠵᠠᠭᠠᠳᠬᠠᠵᠤ᠂ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢᠨ ᠲᠤᠰᠠᠳᠠ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ︽3 + 1︾ ᠶᠢᠨ ᠠᠵᠤ ᠦᠢᠯᠡᠰ ᠤᠨ ᠬᠥᠭᠵᠢᠯᠲᠡ ᠶᠢᠨ ᠰᠢᠰᠲ᠋ᠧᠮ ᠵᠢᠴᠢ ᠵᠠᠭᠤᠨ ᠳ᠋ᠦᠩᠰᠢᠭᠤᠷ ᠤᠨ ᠬᠦᠷᠢᠶᠡᠯᠡᠩ ᠲᠣᠭᠤᠷᠢᠭ ᠤᠨ ᠬᠠᠷᠠᠯᠲᠠ ᠶᠢ ᠦᠨᠳᠦᠰᠦᠯᠡᠨ᠂ ᠡᠭᠦᠨ ᠤ ᠬᠠᠮᠲᠤ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠣᠨᠴᠠᠯᠢᠭ ᠪᠠ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠲᠠᠢ ᠤᠶᠠᠯᠳᠤᠭᠤᠯᠤᠨ᠂ ᠤᠤᠯ ᠤᠨ ᠬᠥᠬᠡᠬᠤᠲᠠ ᠶᠢᠨ ᠵᠠᠰᠠᠭ ᠤᠨ ᠣᠷᠳᠣᠨ ᠤ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠥᠭᠵᠢᠯᠲᠡ ᠶᠢ ᠳᠡᠮᠵᠢᠬᠦ ᠰᠠᠨᠠᠯ ︵ᠬᠥᠬᠡᠬᠤᠲᠠ ᠵᠠᠰᠠᠭ ᠲᠠᠷᠬᠠᠭᠠᠭᠰᠠᠨ ﹇2019﹈ 30 ᠳ᠋ᠤᠭᠠᠷ ᠲᠣᠭᠠᠲᠤ︶ ᠳᠤ ᠵᠠᠰᠠᠪᠤᠷᠢ ᠣᠷᠣᠭᠤᠯᠪᠠ᠃ ᠵᠠᠰᠠᠪᠤᠷᠢ ᠣᠷᠣᠭᠤᠯᠬᠤ ᠶᠠᠪᠤᠴᠠ ᠳᠤ᠂ ᠳᠤᠮᠳᠠ ᠬᠡᠰᠡᠭ ᠪᠠᠷᠠᠭᠤᠨ ᠬᠡᠰᠡᠭ ᠤᠨ ᠪᠤᠰᠤᠳ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠳᠡᠮᠵᠢᠬᠦ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠥᠷᠭᠡᠨ ᠢᠶᠠᠷ ᠯᠠᠪᠯᠠᠯᠲᠠ ᠪᠣᠯᠭᠠᠨ ᠰᠢᠩᠭᠡᠬᠡᠨ ᠠᠪᠬᠤ ᠶᠢᠨ ᠬᠠᠮᠲᠤ ᠬᠥᠨᠳᠡᠯᠡᠨ ᠢᠶᠠᠷ ᠬᠠᠷᠢᠴᠠᠭᠤᠯᠤᠨ᠂ ᠭᠤᠣᠯ ᠪᠣᠯᠬᠤ ᠬᠤᠲᠠ ᠶᠢᠨ ᠱᠠᠲᠤᠨ ᠤ ᠨᠢᠭᠡᠴᠡ ᠠᠴᠠ ᠰᠠᠨᠠᠯ ᠬᠤᠷᠢᠶᠠᠭᠰᠠᠨ ᠤ ᠳᠠᠷᠠᠭ᠎ᠠ ᠬᠠᠮᠢᠶ᠎ᠠ ᠪᠦᠬᠦᠢ ᠰᠠᠨᠠᠯ ᠢ ᠦᠨᠳᠦᠰᠦᠯᠡᠨ ᠲᠡᠭᠦᠯᠳᠡᠷᠵᠢᠭᠦᠯᠵᠦ᠂ ︽ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠥᠭᠵᠢᠯᠲᠡ ᠶᠢ ᠳᠡᠮᠵᠢᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠪᠣᠶ ᠪᠣᠯᠭᠠᠪᠠ᠃      ᠬᠤᠶᠠᠷ᠂ ᠭᠤᠣᠯ ᠠᠭᠤᠯᠭ᠎ᠠ      ︽ᠰᠠᠨᠠᠯ︾ ᠢ ᠨᠡᠶᠢᠲᠡ ᠲᠠᠪᠤᠨ ᠪᠦᠯᠦᠭ ᠲᠤ ᠬᠤᠪᠢᠶᠠᠵᠤ᠂ ᠲᠣᠰ ᠲᠣᠰ ᠨᠡᠶᠢᠳᠡᠮ ᠬᠡᠷᠡᠭᠯᠡᠬᠦ ᠲᠥᠷᠥ ᠶᠢᠨ ᠪᠣᠳᠣᠯᠭ᠎ᠠ᠂ ᠲᠤᠰᠬᠠᠢ ᠵᠦᠢᠯ ᠤᠨ ᠲᠥᠷᠥ ᠶᠢᠨ ᠪᠣᠳᠣᠯᠭ᠎ᠠ᠂ ᠴᠢᠳᠠᠪᠤᠷᠢᠲᠠᠨ ᠤ ᠲᠥᠷᠥ ᠶᠢᠨ ᠪᠣᠳᠣᠯᠭ᠎ᠠ᠂ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠵᠢᠴᠢ ᠪᠤᠰᠤᠳ ᠵᠦᠢᠯ ᠪᠣᠯᠣᠨ᠎ᠠ᠂ ᠡᠭᠦᠨ ᠳᠤ᠂ ᠨᠡᠶᠢᠳᠡᠮ ᠬᠡᠷᠡᠭᠯᠡᠬᠦ ᠲᠥᠷᠥ ᠶᠢᠨ ᠪᠣᠳᠣᠯᠭ᠎ᠠ ᠵᠢᠴᠢ ᠲᠤᠰᠬᠠᠢ ᠵᠦᠢᠯ ᠤᠨ ᠲᠥᠷᠥ ᠶᠢᠨ ᠪᠣᠳᠣᠯᠭ᠎ᠠ ᠨᠢ ︽ᠰᠠᠨᠠᠯ︾ ᠤᠨ ᠭᠤᠣᠯ ᠠᠭᠤᠯᠭ᠎ᠠ ᠪᠣᠯᠣᠨ᠎ᠠ᠃ ᠨᠡᠶᠢᠳᠡᠮ ᠬᠡᠷᠡᠭᠯᠡᠬᠦ ᠲᠥᠷᠥ ᠶᠢᠨ ᠪᠣᠳᠣᠯᠭ᠎ᠠ ᠨᠢ 4 ᠵᠦᠢᠯ ᠲᠠᠢ ᠪᠠᠶᠢᠵᠤ᠂ ᠭᠤᠣᠯᠳᠠᠭᠤ ᠭᠠᠳᠠᠭᠠᠳᠤ  ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ᠂ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ᠂ ᠭᠡᠷ ᠤᠨ ᠲᠦᠷᠢᠶᠡᠰᠦ᠂ ᠪᠠᠷᠠᠭᠠᠨ ᠤ ᠭᠦᠢᠯᠭᠡᠭᠡᠨ ᠤ ᠲᠠᠯ᠎ᠠ ᠳᠤ ᠨᠥᠬᠦᠪᠦᠷᠢ ᠥᠭᠭᠦᠨ᠎ᠡ︔ ᠲᠤᠰᠬᠠᠢ ᠳᠦᠷᠦᠯ ᠤᠨ ᠳᠦᠷᠦ ᠶᠢᠨ ᠪᠣᠳᠣᠯᠭ᠎ᠠ ᠨᠢ 8 ᠵᠦᠢᠯ ᠲᠠᠢ᠂ ᠭᠤᠣᠯᠳᠠᠭᠤ ᠣᠷᠣᠨ ᠤ ᠳᠣᠲᠣᠷᠠᠬᠢ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ ᠡᠭᠦᠨ ᠤ ᠵᠡᠷᠭᠡ ᠳᠤ᠂ ᠠᠵᠤ ᠠᠬᠤᠶᠢᠯᠠᠯ᠂ ᠨᠡᠶᠢᠭᠡᠮ ᠤᠨ ᠪᠦᠯᠬᠦᠮ ᠪᠠ ᠬᠤᠪᠢ ᠬᠥᠮᠥᠨ ᠤ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠪᠠᠷ ᠳᠠᠮᠵᠢᠭᠤᠯᠤᠨ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠥᠭᠵᠢᠯᠲᠡ ᠪᠠ ᠲᠥᠯᠦᠪᠵᠢᠭᠦᠯᠭᠡ ᠳᠤ ᠨᠡᠶᠢᠴᠡᠬᠦ ᠠᠵᠤ ᠠᠬᠤᠶᠢᠯᠠᠯ᠂ ᠲᠥᠷᠥᠯ ᠵᠦᠢᠯ ᠢ ᠣᠷᠣᠭᠤᠯᠬᠤ ᠶᠢ ᠵᠣᠷᠢᠭᠵᠢᠭᠤᠯᠬᠤ ᠶᠢᠨ ᠲᠥᠯᠥᠭᠡ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠬᠠᠮᠢᠶ᠎ᠠ ᠪᠦᠬᠦᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠲᠤᠰᠬᠠᠶᠢᠯᠠᠨ ᠲᠣᠭᠲᠠᠭᠠᠭᠰᠠᠨ ᠪᠠᠶᠢᠨ᠎ᠠ᠃      ︵ᠨᠢᠭᠡ︶ ᠨᠡᠶᠢᠳᠡᠮ ᠬᠡᠷᠡᠭᠯᠡᠬᠦ ᠲᠦᠷᠦ ᠶᠢᠨ ᠪᠣᠳᠣᠯᠭ᠎ᠠ ᠶᠢᠨ ᠲᠠᠯ᠎ᠠ ᠪᠠᠷ      1. ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠶᠢᠨ ᠱᠠᠩᠨᠠᠯ᠃ ᠠᠵᠤ ᠠᠬᠤᠶᠢᠯᠠᠯ ᠤᠨ ᠪᠡᠶᠡᠯᠡᠭᠦᠯᠦᠭᠰᠡᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠶᠢ ᠠᠳᠠᠯᠢ ᠪᠤᠰᠤ ᠪᠠᠷᠢᠮᠵᠢᠶ᠎ᠠ ᠪᠠᠷ ᠱᠠᠩᠨᠠᠨ ᠬᠥᠬᠢᠭᠦᠯᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ 1 ᠳ᠋ᠣᠯᠯᠠᠷ ᠢᠶᠠᠷ ᠪᠠᠷᠢᠮᠵᠢᠶᠠᠯᠠᠨ ᠲᠣᠰ ᠲᠣᠰ 0.03 ᠲᠥᠭᠦᠷᠢᠭ᠂ 0.04 ᠲᠥᠭᠦᠷᠢᠭ᠂ 0.05 ᠲᠥᠭᠦᠷᠢᠭ ᠠᠷᠠᠳ ᠤᠨ ᠵᠣᠭᠤᠰ ᠢᠶᠠᠷ ᠱᠠᠩᠨᠠᠵᠤ᠂ ᠳᠠᠩ ᠭᠠᠭᠴᠠ ᠠᠵᠤ ᠠᠬᠤᠶᠢᠯᠠᠯ ᠤᠨ ᠣᠨ ᠤ ᠱᠠᠩᠨᠠᠯ ᠢ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ︔      2. ᠭᠡᠷ ᠤᠨ ᠲᠦᠷᠢᠶᠡᠰᠦᠨ ᠤ ᠨᠥᠬᠦᠪᠦᠷᠢ᠃ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠦᠢᠯᠡᠳᠪᠦᠷᠢ ᠶᠢᠨ ᠭᠡᠷ ᠪᠠᠶᠢᠰᠢᠩ ᠢ ᠲᠦᠷᠢᠶᠡᠰᠦᠯᠡᠨ ᠬᠡᠷᠡᠭᠯᠡᠭᠰᠡᠨ ᠠᠵᠤ ᠠᠬᠤᠶᠢᠯᠠᠯ ᠤᠨ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠢ ᠨᠡᠶᠢᠲᠡ 5000 ᠲᠦᠮᠡᠨ ᠳ᠋ᠣᠯᠯᠠᠷ ︵ᠪᠠᠭᠲᠠᠨ᠎ᠠ︶ ᠠᠴᠠ 1 ᠳ᠋ᠦᠩᠰᠢᠭᠤᠷ ᠳ᠋ᠣᠯᠯᠠᠷ ᠲᠤ ᠬᠦᠷᠦᠭᠰᠡᠨ ᠪᠠᠶᠢᠪᠠᠯ᠂ ᠲᠡᠭᠦᠨ ᠤ ᠲᠤᠬᠠᠢ ᠶᠢᠨ ᠵᠢᠯ ᠤᠨ ᠪᠣᠳᠠᠲᠠᠢ ᠲᠤᠰᠢᠶᠠᠭᠰᠠᠨ ᠲᠦᠷᠢᠶᠡᠰᠦᠨ ᠮᠥᠩᠭᠦ ᠶᠢᠨ 50% ᠪᠠᠷ ᠨᠥᠬᠦᠪᠦᠷᠢ ᠣᠯᠭᠤᠨ᠎ᠠ︔ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠢ ᠨᠡᠶᠢᠲᠡ 1 ᠳ᠋ᠦᠩᠰᠢᠭᠤᠷ ︵ᠪᠠᠭᠲᠠᠨ᠎ᠠ︶ ᠳ᠋ᠣᠯᠯᠠᠷ ᠠᠴᠠ ᠳᠠᠪᠠᠭᠰᠠᠨ ᠪᠠᠶᠢᠪᠠᠯ᠂ ᠲᠡᠭᠦᠨ ᠤ ᠲᠤᠬᠠᠢ ᠶᠢᠨ ᠵᠢᠯ ᠤᠨ ᠪᠣᠳᠠᠲᠠᠢ ᠲᠤᠰᠢᠶᠠᠭᠰᠠᠨ ᠲᠦᠷᠢᠶᠡᠰᠦᠨ ᠮᠥᠩᠭᠦ ᠶᠢᠨ ᠪᠥᠬᠦ ᠲᠤᠭ᠎ᠠ ᠪᠠᠷ ᠨᠥᠬᠦᠪᠦᠷᠢ ᠣᠯᠭᠤᠨ᠎ᠠ᠃ ᠠᠵᠤ ᠠᠬᠤᠶᠢᠯᠠᠯ ᠨᠢᠭᠡᠪᠦᠷᠢ ᠶᠢᠨ ᠲᠦᠷᠢᠶᠡᠰᠦᠨ ᠮᠥᠩᠭᠦ ᠶᠢᠨ ᠨᠥᠬᠦᠪᠦᠷᠢ ᠶᠢ 500 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠪᠣᠯᠬᠤ ᠦᠭᠡᠢ︔      3. ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠨᠥᠬᠦᠪᠦᠷᠢ᠃ ᠠᠵᠤ ᠠᠬᠤᠶᠢᠯᠠᠯ ᠤᠨ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠳᠤ ᠨᠥᠬᠦᠪᠦᠷᠢ ᠥᠭᠴᠦ᠂ ᠪᠣᠳᠠᠲᠠᠢ ᠪᠡᠶᠡᠯᠡᠭᠦᠯᠦᠭᠰᠡᠨ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠲᠤᠭ᠎ᠠ ᠶᠢᠨ 5% ᠪᠠᠷ ᠨᠢᠭᠡ ᠤᠳᠠᠭ᠎ᠠ ᠶᠢᠨ ᠴᠢᠨᠠᠷᠲᠠᠢ ᠪᠡᠯᠡ ᠣᠷᠤᠭᠤᠯᠤᠯᠲᠠ ᠶᠢᠨ ᠱᠠᠩᠨᠠᠯ ᠤᠨ ᠨᠥᠬᠦᠪᠦᠷᠢ ᠣᠯᠭᠤᠵᠤ᠂ ᠨᠥᠬᠦᠪᠦᠷᠢ ᠶᠢ ᠬᠠᠮᠤᠭ ᠥᠨᠳᠥᠷ ᠲᠡᠭᠡᠨ 1000 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃      4. ᠪᠠᠷᠠᠭᠠᠨ ᠤ ᠭᠦᠢᠯᠭᠡᠭᠡᠨ ᠤ ᠨᠥᠬᠦᠪᠦᠷᠢ᠃ ᠠᠵᠤ ᠠᠬᠤᠶᠢᠯᠠᠯ ᠤᠨ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠡᠳ᠋ ᠪᠠᠷᠠᠭ᠎ᠠ ᠶᠢᠨ ᠬᠡᠮᠵᠢᠶ᠎ᠡ ᠨᠢ 50 ᠪᠠᠷᠢᠮᠵᠢᠶ᠎ᠠ ᠬᠠᠶᠢᠷᠴᠠᠭ ᠠᠴᠠ ᠳᠣᠣᠷ᠎ᠠ ᠦᠭᠡᠢ ᠪᠠᠶᠢᠪᠠᠯ᠂ 20 ᠲᠣᠬᠤᠢ ᠪᠠᠷᠢᠮᠵᠢᠶ᠎ᠠ ᠬᠠᠶᠢᠷᠴᠠᠭ ᠪᠦᠷᠢ ᠳᠤ 1000 ᠲᠥᠭᠦᠷᠢᠭ ᠠᠷᠠᠳ ᠤᠨ ᠵᠣᠭᠤᠰ ᠤᠨ ᠱᠠᠩᠨᠠᠯ ᠣᠯᠭᠤᠵᠤ᠂ 40 ᠲᠣᠬᠤᠢ ᠪᠠᠷᠢᠮᠵᠢᠶ᠎ᠠ ᠬᠠᠶᠢᠷᠴᠠᠭ ᠪᠦᠷᠢ ᠳᠤ 2000 ᠲᠥᠭᠦᠷᠢᠭ ᠠᠷᠠᠳ ᠤᠨ ᠵᠣᠭᠤᠰ ᠤᠨ ᠱᠠᠩᠨᠠᠯ ᠣᠯᠭᠤᠨ᠎ᠠ᠃ ᠳᠠᠩ ᠭᠠᠭᠴᠠ ᠠᠵᠤ ᠠᠬᠤᠶᠢᠯᠠᠯ ᠤᠨ ᠵᠢᠯ ᠪᠦᠷᠢ ᠶᠢᠨ ᠱᠠᠩᠨᠠᠯ ᠤᠨ ᠶᠡᠷᠦᠩᠬᠡᠢ ᠲᠤᠭ᠎ᠠ ᠶᠢ 200 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃      ︵ᠬᠤᠶᠠᠷ︶ ᠲᠤᠰᠬᠠᠢ ᠵᠦᠢᠯ ᠤᠨ ᠲᠥᠷᠥ ᠶᠢᠨ ᠪᠣᠳᠣᠯᠭ᠎ᠠ ᠶᠢᠨ ᠲᠠᠯ᠎ᠠ ᠪᠠᠷ      1. ᠥᠩᠭᠡᠲᠦ ᠲᠡᠮᠦᠷᠯᠢᠭ ᠵᠢᠴᠢ ᠰᠤᠪᠤᠳ ᠡᠷᠳᠡᠨᠢ ᠶᠢᠨ ᠵᠠᠰᠠᠯ ᠴᠢᠮᠡᠭᠯᠡᠯ ᠡᠳ᠋ᠰᠢᠭᠦᠯᠬᠦ ᠠᠵᠤ ᠠᠬᠤᠶᠢᠯᠠᠯ᠃ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 10 ᠳ᠋ᠦᠩᠰᠢᠭᠤᠷ ᠳ᠋ᠣᠯᠯᠠᠷ ︵ᠪᠠᠭᠲᠠᠬᠤ ᠦᠭᠡᠢ︶᠂ 20 ᠳ᠋ᠦᠩᠰᠢᠭᠤᠷ ᠳ᠋ᠣᠯᠯᠠᠷ ︵ᠪᠠᠭᠲᠠᠬᠤ ᠦᠭᠡᠢ︶᠂ 30 ᠳ᠋ᠦᠩᠰᠢᠭᠤᠷ ᠳ᠋ᠣᠯᠯᠠᠷ ︵ᠪᠠᠭᠲᠠᠬᠤ ᠦᠭᠡᠢ︶ ᠬᠦᠷᠦᠭᠰᠡᠨ ᠢ ᠣᠨ ᠢᠶᠠᠷ ᠲᠣᠰ ᠲᠣᠰ ᠨᠢᠭᠡ ᠤᠳᠠᠭ᠎ᠠ ᠶᠢᠨ ᠴᠢᠨᠠᠷᠲᠠᠢ ᠪᠠᠷ 100 ᠲᠦᠮᠡᠨ ᠲᠥᠭᠦᠷᠢᠭ᠂ 200 ᠲᠦᠮᠡᠨ ᠲᠥᠭᠦᠷᠢᠭ᠂ 300 ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠱᠠᠩᠨᠠᠨ᠎ᠠ᠃      2. ᠤᠯᠤᠰ ᠤᠨ 3A᠂ 4A᠂ 5A ᠲᠠᠰ ᠤᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢᠶᠠᠷ ᠦᠨᠡᠯᠡᠭᠳᠡᠭᠰᠡᠨ᠃ ᠨᠢᠭᠡ ᠤᠳᠠᠭ᠎ᠠ ᠶᠢᠨ ᠴᠢᠨᠠᠷᠲᠠᠢ ᠪᠠᠷ ᠠᠵᠤ ᠠᠬᠤᠶᠢᠯᠠᠯ ᠳᠤ ᠲᠣᠰ ᠲᠣᠰ 10 ᠲᠦᠮᠡᠨ ᠲᠥᠭᠦᠷᠢᠭ᠂ 30 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠠᠷᠠᠳ ᠤᠨ ᠵᠣᠭᠤᠰ ᠤᠨ ᠱᠠᠩᠨᠠᠯ ᠣᠯᠭᠤᠨ᠎ᠠ᠃      3. ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ᠃ ᠲᠤᠬᠠᠢ ᠶᠢᠨ ᠵᠢᠯ ᠳᠤ ᠰᠢᠨ᠎ᠡ ᠪᠠᠷ ᠪᠠᠶᠢᠭᠤᠯᠤᠭᠰᠠᠨ ᠪᠤᠶᠤ ᠪᠡᠯᠡ ᠮᠥᠩᠭᠦ ᠨᠡᠮᠡᠭᠰᠡᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠪᠠ ᠭᠠᠳᠠᠭᠠᠳᠤ ᠪᠡᠯᠡ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠳᠤ ᠱᠠᠩᠨᠠᠯ ᠣᠯᠭᠤᠵᠤ᠂ ᠠᠷᠠᠳ ᠤᠨ ᠵᠣᠭᠤᠰ ᠢᠶᠠᠷ ᠱᠠᠩᠨᠠᠬᠤ ᠪᠠᠷᠢᠮᠵᠢᠶ᠎ᠠ ᠶᠢ ᠲᠤᠬᠠᠢ ᠶᠢᠨ ᠵᠢᠯ ᠤᠨ ᠪᠣᠳᠠᠲᠠᠢ ᠠᠰᠢᠭᠯᠠᠭᠰᠠᠨ ᠭᠠᠳᠠᠭᠠᠳᠤ ᠪᠡᠯᠡ ᠶᠢᠨ ᠵᠣᠭᠤᠰ ᠤᠨ ᠲᠤᠭ᠎ᠠ ᠶᠢᠨ 1% ︵ᠭᠠᠳᠠᠭᠠᠳᠤ ᠶᠢᠨ ᠲᠠᠯ᠎ᠠ ᠶᠢᠨ ᠬᠤᠪᠢ ᠣᠷᠣᠭᠤᠯᠤᠭᠴᠢ ᠶᠢᠨ ᠵᠢᠭᠡᠯᠡᠯᠭᠡ ᠶᠢ ᠪᠠᠭᠲᠠᠭᠠᠬᠤ ᠦᠭᠡᠢ ︶ ᠪᠠᠷ ᠲᠣᠭᠲᠠᠭᠠᠵᠤ᠂ ᠳᠠᠩ ᠭᠠᠭᠴᠠ ᠠᠵᠤ ᠠᠬᠤᠶᠢᠯᠠᠯ ᠤᠨ ᠱᠠᠩᠨᠠᠯ ᠤᠨ ᠶᠡᠷᠦᠩᠬᠡᠢ ᠲᠤᠭ᠎ᠠ ᠶᠢ ᠠᠷᠠᠳ ᠤᠨ ᠵᠣᠭᠤᠰ ᠢᠶᠠᠷ 500 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃      4. ᠭᠠᠳᠠᠭᠠᠳᠤ ᠠᠷᠠᠯᠵᠢᠶ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠢ ᠪᠣᠶᠢᠵᠢᠭᠤᠯᠤᠨ᠎ᠠ ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠦᠨᠡᠮᠰᠢᠯ ᠢ ᠣᠯᠣᠭᠰᠠᠨ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠢ ᠨᠢᠭᠡ ᠤᠳᠠᠭ᠎ᠠ ᠶᠢᠨ ᠴᠢᠨᠠᠷᠲᠠᠢ ᠪᠠᠷ 100 ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠱᠠᠩᠨᠠᠨ᠎ᠠ᠃      5. ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠲᠤᠬᠠᠶᠢᠯᠠᠭᠰᠠᠨ ᠠᠵᠢᠯ ᠢ ᠡᠷᠬᠢᠯᠡᠵᠦ ᠪᠠᠶᠢᠭ᠎ᠠ ᠠᠵᠤ ᠠᠬᠤᠶᠢᠯᠠᠯ᠃ ᠲᠤᠬᠠᠢ ᠶᠢᠨ ᠵᠢᠯ ᠳᠤ ᠬᠢᠯᠢ ᠪᠠᠷ ᠭᠠᠷᠬᠤ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠤᠨ ᠠᠷᠠᠯᠵᠢᠶᠠᠯᠠᠭᠰᠠᠨ ᠪᠥᠬᠦ ᠲᠤᠭ᠎ᠠ ᠨᠢ 100 ᠲᠦᠮᠡᠨ ᠳ᠋ᠣᠯᠯᠠᠷ ᠠᠴᠠ ᠳᠠᠪᠠᠭᠰᠠᠨ ᠳᠤ᠂ 1 ᠳ᠋ᠣᠯᠯᠠᠷ ᠪᠦᠷᠢ ᠳᠤ ᠠᠷᠠᠳ ᠤᠨ ᠵᠣᠭᠤᠰ ᠢᠶᠠᠷ 0.01 ᠲᠥᠭᠦᠷᠢᠭ ᠱᠠᠩᠨᠠᠵᠤ᠂ ᠠᠷᠠᠳ ᠤᠨ ᠵᠣᠭᠤᠰ ᠢᠶᠠᠷ ᠬᠠᠮᠤᠭ ᠥᠨᠳᠥᠷ ᠲᠡᠭᠡᠨ 10 ᠲᠦᠮᠡᠨ ᠲᠥᠭᠦᠷᠢᠭ ᠱᠠᠩᠨᠠᠨ᠎ᠠ᠃       6. ᠪᠠᠶᠢᠴᠠᠭᠠᠨ ᠰᠢᠯᠭᠠᠵᠤ ᠭᠡᠷᠡᠴᠢᠯᠡᠬᠦ᠂ ᠪᠥᠬᠦ ᠪᠥᠮᠪᠥᠷᠴᠡᠭ ᠤᠨ ᠭᠠᠶᠢᠯᠢ ᠪᠠᠲᠤᠯᠠᠵᠤ ᠰᠡᠯᠪᠢᠨ ᠵᠠᠰᠠᠬᠤ ᠦᠢᠯᠡᠴᠢᠯᠡᠭᠡᠨ ᠤ ᠠᠵᠤ ᠠᠬᠤᠶᠢᠯᠠᠯ᠃ ᠡᠵᠡᠩᠨᠡᠯᠲᠡ ᠪᠠᠨ ᠳᠠᠩᠰᠠᠯᠠᠭᠤᠯᠤᠨ ᠲᠤᠬᠠᠶᠢᠯᠠᠭᠰᠠᠨ ᠠᠵᠢᠯ ᠢᠶᠠᠨ ᠥᠷᠨᠢᠭᠦᠯᠦᠭᠰᠡᠨ ᠤ ᠳᠠᠷᠠᠭ᠎ᠠ᠂ ᠨᠢᠭᠡ ᠤᠳᠠᠭ᠎ᠠ ᠶᠢᠨ ᠴᠢᠨᠠᠷᠲᠠᠢ ᠪᠠᠷ 10 ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠱᠠᠩᠨᠠᠨ᠎ᠠ᠃      7. ᠬᠠᠭᠤᠴᠢᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠠᠵᠤ ᠠᠬᠤᠶᠢᠯᠠᠯ᠃ 2000 ᠲᠥᠭᠦᠷᠢᠭ / ᠮᠠᠰᠢᠨ ᠲᠡᠷᠭᠡ ᠶᠢᠨ ᠪᠠᠷᠢᠮᠵᠢᠶ᠎ᠠ ᠪᠠᠷ᠂ ᠳᠠᠩ ᠭᠠᠭᠴᠠ ᠠᠵᠤ ᠠᠬᠤᠶᠢᠯᠠᠯ ᠳᠤ 200 ᠲᠦᠮᠡᠨ ᠲᠥᠭᠦᠷᠢᠭ ᠢ ᠠᠷᠠᠳ ᠤᠨ ᠵᠣᠭᠤᠰ / ᠵᠢᠯ ᠠᠴᠠ ᠬᠡᠲᠦᠷᠡᠭᠦᠯᠬᠦ ᠦᠭᠡᠢ ᠪᠠᠷ ᠱᠠᠩᠨᠠᠯ ᠣᠯᠭᠤᠨ᠎ᠠ᠃      8. ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠭᠰᠠᠨ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠭᠰᠠᠨ ᠠᠵᠤ ᠠᠬᠤᠶᠢᠯᠠᠯ᠂ ᠨᠡᠶᠢᠭᠡᠮ ᠤᠨ ᠪᠦᠯᠬᠦᠮ ᠪᠠ ᠬᠤᠪᠢ ᠬᠥᠮᠥᠨ᠃ ᠤᠷᠢᠵᠤ ᠢᠷᠡᠭᠰᠡᠨ ᠠᠵᠤ ᠠᠬᠤᠶᠢᠯᠠᠯ ᠤᠨ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠣᠳᠠᠲᠠᠢ ᠲᠤᠭ᠎ᠠ ᠶᠢ ᠠᠳᠠᠯᠢ ᠪᠤᠰᠤ ᠪᠠᠷᠢᠮᠵᠢᠶ᠎ᠠ ᠪᠠᠷ ᠱᠠᠩᠨᠠᠵᠤ᠂ ᠠᠷᠠᠳ ᠤᠨ ᠵᠣᠭᠤᠰ ᠢᠶᠠᠷ 5 ᠲᠦᠮᠡᠨ ᠲᠥᠭᠦᠷᠢᠭ᠂ 10 ᠲᠦᠮᠡᠨ ᠲᠥᠭᠦᠷᠢᠭ᠂ 20 ᠲᠦᠮᠡᠨ ᠲᠥᠭᠦᠷᠢᠭ᠂ 30 ᠲᠦᠮᠡᠨ ᠲᠥᠭᠦᠷᠢᠭ ᠢᠶᠠᠷ ᠲᠤᠰ ᠲᠤᠰ ᠨᠢᠭᠡ ᠤᠳᠠᠭ᠎ᠠ ᠶᠢᠨ ᠴᠢᠨᠠᠷᠲᠠᠢ ᠪᠠᠷ ᠱᠠᠩᠨᠠᠵᠤ᠂ ᠳᠠᠩ ᠭᠠᠭᠴᠠ ᠠᠵᠤ ᠠᠬᠤᠶᠢᠯᠠᠯ᠂ ᠨᠡᠶᠢᠭᠡᠮ ᠤᠨ ᠪᠦᠯᠬᠦᠮ ᠪᠣᠯᠣᠨ ᠬᠤᠪᠢ ᠬᠥᠮᠥᠨ ᠤ ᠣᠨ ᠤ ᠱᠠᠩᠨᠠᠯ ᠢ ᠠᠷᠠᠳ ᠤᠨ ᠵᠣᠭᠤᠰ ᠢᠶᠠᠷ 200 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃      ᠬᠦᠨᠳᠦ ᠣᠨᠴᠠ ᠶᠡᠭᠡ ᠭᠠᠳᠠᠭᠠᠳᠤ ᠳᠤ ᠬᠠᠨᠳᠤᠭᠤᠯᠤᠭᠰᠠᠨ ᠲᠥᠷᠥᠯ ᠵᠦᠢᠯ ᠢ ᠤᠷᠢᠵᠤ ᠢᠷᠡᠬᠦ ᠵᠢᠴᠢ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠣᠨᠴᠠᠭᠠᠢ ᠬᠤᠪᠢ ᠨᠡᠮᠡᠷᠢ ᠦᠵᠡᠭᠦᠯᠦᠭᠰᠡᠨ ᠲᠠᠪᠴᠠᠩ᠂ ᠬᠤᠳᠠᠯᠳᠤᠭᠠᠴᠢᠨ ︵ᠡᠪᠯᠡᠯ︶ ᠤ ᠨᠡᠶᠢᠭᠡᠮᠯᠢᠭ᠂ ᠠᠵᠤ ᠠᠬᠤᠶᠢᠯᠠᠯ ᠵᠢᠴᠢ ᠬᠤᠪᠢ ᠬᠥᠮᠥᠨ ᠢ ᠨᠢᠭᠡ ᠤᠴᠢᠷ ᠤᠨ ᠨᠢᠭᠡ ᠵᠥᠪᠯᠡᠬᠦ ᠠᠷᠭ᠎ᠠ ᠮᠠᠶ᠋ᠢᠭ ᠢᠶᠠᠷ ᠱᠠᠩᠨᠠᠨ ᠬᠥᠬᠢᠭᠦᠯᠦᠨ᠎ᠡ᠃      ︵ᠭᠤᠷᠪᠠ︶ ᠴᠢᠳᠠᠪᠤᠷᠢᠲᠠᠨ ᠤ ᠲᠤᠬᠠᠢ ᠲᠦᠷᠦ ᠶᠢᠨ ᠪᠣᠳᠣᠯᠭ᠎ᠠ ᠶᠢᠨ ᠲᠠᠯ᠎ᠠ ᠪᠠᠷ      ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠶᠢ ︽ᠬᠥᠬᠡᠬᠤᠲᠠ ᠶᠢᠨ ᠴᠢᠳᠠᠪᠤᠷᠢᠲᠠᠨ ᠲᠠᠲᠠᠬᠤ ᠲᠥᠷᠥ ᠶᠢᠨ ᠪᠣᠳᠣᠯᠭ᠎ᠠ ᠶᠢᠨ 10 ᠵᠤᠷᠪᠤᠰ ᠴᠢᠳᠠᠪᠤᠷᠢᠲᠠᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠳᠡᠮᠵᠢᠬᠦ ᠢᠵᠢ ᠪᠦᠷᠢᠳᠦᠭᠦᠯᠬᠦ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︽ᠬᠥᠬᠡᠬᠤᠲᠠ ᠶᠢᠨ ᠴᠢᠳᠠᠪᠤᠷᠢᠲᠠᠨ ᠲᠠᠲᠠᠬᠤ ᠲᠥᠷᠥ ᠶᠢᠨ ᠪᠣᠳᠣᠯᠭ᠎ᠠ ᠶᠢᠨ 10 ᠵᠤᠷᠪᠤᠰ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶ᠎ᠡ ᠴᠠᠷᠠᠭ᠎ᠠ ᠶᠢᠨ ᠢᠵᠢ ᠪᠦᠷᠢᠳᠦᠭᠦᠯᠬᠦ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ︵ᠬᠥᠬᠡᠬᠤᠲᠠ ᠵᠠᠰᠠᠭ ᠲᠠᠷᠬᠠᠭᠠᠭᠰᠠᠨ ﹇2022﹈ 26 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃      ︵ᠳᠥᠷᠪᠡ︶ ᠢᠵᠢ ᠪᠦᠷᠢᠳᠦᠭᠦᠯᠬᠦ ᠲᠦᠷᠦ ᠶᠢᠨ ᠪᠣᠳᠣᠯᠭ᠎ᠠ ᠶᠢᠨ ᠲᠠᠯ᠎ᠠ ᠪᠠᠷ      ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠨᠢ ᠪᠥᠬᠦ ᠤᠯᠤᠰ ᠤᠨ ᠪᠤᠰᠤᠳ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠲᠠᠢ ᠠᠳᠠᠯᠢᠬᠠᠨ ᠢᠶᠠᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠭᠤᠮᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠠᠷᠭ᠎ᠠ︾ ︵ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠵᠠᠷᠯᠢᠭ 256 ᠳ᠋ᠤᠭᠠᠷ ᠲᠣᠭᠠᠲᠤ︶ ᠳᠤ ᠬᠠᠮᠢᠶᠠᠷᠤᠭᠳᠠᠵᠤ᠂ ᠲᠣᠰ ᠬᠠᠮᠢᠶᠠᠷᠤᠯᠲᠠ ᠶᠢᠨ ᠠᠷᠭ᠎ᠠ ᠳᠠᠬᠢ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠲᠥᠬᠦᠮ ᠬᠢᠨᠠᠯᠲᠠ ᠬᠠᠮᠢᠶᠠᠷᠤᠯᠲᠠ᠂ ᠭᠠᠶᠢᠯᠢ ᠲᠠᠲᠠᠪᠤᠷᠢ ᠵᠡᠷᠭᠡ ᠠᠭᠤᠯᠭ᠎ᠠ ᠶᠢ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠠᠳᠠᠯᠢᠬᠠᠨ ᠢᠶᠠᠷ ᠬᠡᠷᠡᠭᠯᠡᠨ᠎ᠡ᠃      ︵ᠲᠠᠪᠤ︶ ᠪᠤᠰᠤᠳ ᠵᠦᠢᠯ      ︽ᠰᠠᠨᠠᠯ︾ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠵᠤ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠣᠷᠣᠵᠤ ᠰᠠᠭᠤᠭᠰᠠᠨ ᠪᠣᠶ ᠪᠦᠬᠦᠢ ᠠᠵᠤ ᠠᠬᠤᠶᠢᠯᠠᠯ ᠳᠤ ᠬᠡᠷᠡᠭᠯᠡᠨ᠎ᠡ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠪᠠᠶᠢᠭᠤᠯᠤᠭᠰᠠᠨ ᠦᠭᠡᠢ ᠠᠵᠤ ᠠᠬᠤᠶᠢᠯᠠᠯ ᠨᠢ ︽ᠰᠠᠨᠠᠯ︾ ᠳᠠᠬᠢ ᠱᠠᠩᠨᠠᠵᠤ ᠲᠤᠰᠠᠯᠠᠬᠤ ᠵᠦᠢᠯ ᠵᠤᠷᠪᠤᠰ ᠢ ᠬᠦᠷᠲᠡᠬᠦ ᠦᠭᠡᠢ᠃      ᠤᠯᠤᠰ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠷᠢᠶ᠎ᠠ ᠭᠠᠵᠠᠷ ᠲᠤ ᠲᠣᠬᠢᠷᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠦᠬᠦᠨ ᠢ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠶᠣᠰᠣᠭᠠᠷ ᠬᠡᠷᠡᠭᠵᠢᠭᠦᠯᠦᠨ᠎ᠡ᠃        ︽ᠰᠠᠨᠠᠯ︾ ᠳᠠᠬᠢ ᠨᠡᠶᠢᠳᠡᠮ ᠬᠡᠷᠡᠭᠯᠡᠬᠦ ᠲᠥᠷᠥ ᠶᠢᠨ ᠪᠣᠳᠣᠯᠭ᠎ᠠ ᠪᠠ ᠲᠤᠰᠬᠠᠢ ᠵᠦᠢᠯ ᠤᠨ ᠲᠥᠷᠥ ᠶᠢᠨ ᠪᠣᠳᠣᠯᠭ᠎ᠠ ᠶᠢ ᠳᠠᠪᠬᠤᠴᠠᠭᠤᠯᠤᠨ ᠬᠡᠷᠡᠭᠯᠡᠵᠦ ᠪᠣᠯᠣᠨ᠎ᠠ︔ ︽ᠰᠠᠨᠠᠯ︾ ᠢ ᠬᠤᠲᠠ ᠶᠢᠨ ᠱᠠᠲᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠠᠮᠢᠶ᠎ᠠ ᠪᠦᠬᠦᠢ ᠱᠠᠩᠨᠠᠯ᠂ ᠨᠥᠬᠦᠪᠦᠷᠢ ᠶᠢᠨ ᠲᠥᠷᠥ ᠶᠢᠨ ᠪᠣᠳᠣᠯᠭ᠎ᠠ ᠲᠠᠢ ᠳᠠᠪᠬᠤᠴᠠᠭᠤᠯᠤᠨ ᠬᠡᠷᠡᠭᠯᠡᠵᠦ ᠪᠣᠯᠣᠨ᠎ᠠ᠃      ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠴᠢᠬᠤᠯᠠ ᠶᠡᠭᠡ ᠲᠥᠷᠥᠯ ᠵᠦᠢᠯ᠂ ᠴᠢᠬᠤᠯᠠ ᠶᠡᠭᠡ ᠤᠴᠢᠷ ᠶᠠᠪᠤᠳᠠᠯ ᠳᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ︽ᠨᠢᠭᠡ ᠤᠴᠢᠷ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠲᠣᠭᠲᠠᠭᠠᠨ᠎ᠠ᠃      ᠲᠣᠰ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠠᠴᠠ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠃ ︽ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠥᠭᠵᠢᠯᠲᠡ ᠶᠢ ᠳᠡᠮᠵᠢᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠬᠥᠬᠡᠬᠤᠲᠠ ᠵᠠᠰᠠᠭ ᠲᠠᠷᠬᠠᠭᠠᠭᠰᠠᠨ ﹇2019﹈ 30 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃      ᠭᠤᠷᠪᠠ᠂ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ      ︽ᠰᠠᠨᠠᠯ︾ ᠢ ᠨᠡᠶᠢᠲᠡᠯᠡᠭᠰᠡᠨ ᠤ ᠳᠠᠷᠠᠭ᠎ᠠ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠢᠨ ︽ᠰᠠᠨᠠᠯ︾ ᠢ ᠬᠡᠷᠡᠭᠵᠢᠭᠦᠯᠬᠦ ᠨᠠᠷᠢᠨ ᠳᠦᠷᠢᠮ ᠢ ᠢᠵᠢ ᠪᠦᠷᠢᠳᠦᠭᠦᠯᠦᠨ ᠳᠠᠷᠤᠮᠠᠯᠯᠠᠨ ᠲᠠᠷᠬᠠᠭᠠᠵᠤ᠂ ᠠᠵᠤ ᠠᠬᠤᠶᠢᠯᠠᠯ ᠤᠨ ︽ᠰᠠᠨᠠᠯ︾ ᠳᠤ ᠳᠤᠷᠠᠳᠤᠭᠰᠠᠨ ᠳᠡᠮᠵᠢᠬᠦ ᠪᠡᠯᠡ ᠮᠥᠩᠭᠦ ᠶᠢ ᠭᠤᠶᠤᠴᠢᠯᠠᠬᠤ ᠳᠤ ᠬᠡᠷᠡᠭᠯᠡᠬᠦ ᠭᠤᠶᠤᠴᠢᠯᠠᠨ ᠮᠡᠳᠡᠭᠦᠯᠬᠦ ᠮᠠᠲ᠋ᠧᠷᠢᠶᠠᠯ᠂ ᠴᠤᠪᠤᠷᠠᠯ ᠵᠡᠷᠭᠡ ᠠᠭᠤᠯᠭ᠎ᠠ ᠶᠢ ᠲᠣᠳᠣᠷᠬᠠᠢ ᠲᠣᠭᠲᠠᠭᠠᠪᠠ᠃      ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号