ᠮᠠᠨ ᠤ ᠬᠤᠲᠠ ᠳᠤ ᠦᠪᠡᠷᠲᠡᠭᠡᠨ ᠵᠠᠰᠠᠬᠤ ᠤᠷᠤᠨ ᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠᠰᠠ ᠨᠢᠭᠡ ᠨᠡᠮᠡᠭᠳᠡᠪᠡ
ᠨᠡᠶᠢᠲᠡᠯᠡᠭᠰᠡᠨ ᠴᠠᠭ᠄
2023/4/3
      ︵ᠰᠤᠷᠪᠤᠯᠵᠢᠯᠠᠭᠴᠢ ᠤᠯᠠᠭᠠᠨᠲᠤᠶᠠᠭ᠎ᠠ︶ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ 2022 ᠣᠨ ᠤ ᠲᠠᠷᠢᠶᠠᠯᠠᠩ ᠮᠠᠯ ᠠᠵᠤ ᠠᠬᠤᠶ᠂ ᠡᠨᠧᠷᠭᠢ ᠶᠢᠨ ᠬᠦᠷᠢᠶ᠎ᠡ ᠴᠠᠷᠠᠭ᠎ᠠ ᠶᠢᠨ ᠠᠩᠬᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠨᠡᠷᠡᠰ ᠢ ᠨᠡᠶᠢᠲᠡᠯᠡᠵᠦ᠂ ᠮᠧᠩ ᠼᠤᠤ ᠠᠮᠢ ᠠᠬᠤᠶ ᠣᠷᠴᠢᠨ ᠲᠣᠭᠤᠷᠢᠨ ︵ᠪᠦᠯᠦᠭᠯᠡᠯ ︶ ᠤ ᠬᠤᠪᠢᠴᠠᠭᠠᠳᠤ ᠬᠢᠵᠠᠭᠠᠷᠲᠤ ᠺᠣᠮᠫᠠᠨᠢ ᠪᠠᠷ ᠲᠦᠰᠢᠭ ᠪᠣᠯᠭᠠᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠵᠢᠭᠡᠯ ᠡᠪᠡᠰᠦᠨ ᠤ ᠡᠭᠦᠯᠳᠡᠷ ᠪᠣᠶᠢᠵᠢᠭᠤᠯᠬᠤ ᠪᠠ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠰᠣᠩᠭᠤᠭᠳᠠᠭᠰᠠᠨ ᠪᠠᠶᠢᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠵᠢᠭᠡᠯ ᠡᠪᠡᠰᠦᠨ ᠤ ᠡᠭᠦᠯᠳᠡᠷ ᠪᠣᠶᠢᠵᠢᠭᠤᠯᠬᠤ ᠪᠠ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠤᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠡᠬᠢ ᠪᠠᠶᠠᠯᠢᠭ ᠤᠨ ᠲᠣᠮᠣ ᠳ᠋ᠠᠶᠢᠲ᠋ᠠ ᠶᠢᠨ ᠶᠡᠷᠦᠩᠬᠡᠶᠢᠯᠡᠭᠰᠡᠨ ᠬᠡᠷᠡᠭᠯᠡᠭᠡᠨ ᠤ ᠠᠵᠤ ᠠᠬᠤᠶᠢᠯᠠᠯ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠰᠠᠭᠤᠷᠢᠨ ᠳᠡᠭᠡᠷ᠎ᠡ ᠰᠢᠯᠢᠳᠡᠭᠵᠢᠭᠦᠯᠦᠨ ᠳᠠᠬᠢᠨ ᠪᠠᠶᠢᠭᠤᠯᠵᠤ ᠪᠣᠶ ᠪᠤᠯᠤᠭᠰᠠᠨ ᠶᠤᠮ᠂ ᠳᠠᠬᠢᠨ ᠪᠠᠶᠢᠭᠤᠯᠤᠭᠰᠠᠨ ᠤ ᠳᠠᠷᠠᠭᠠᠬᠢ ᠲᠤᠷᠰᠢᠯᠲᠠ ᠶᠢᠨ ᠲᠠᠰᠤᠭ ᠨᠢ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠡᠪᠡᠰᠦᠨ ᠦᠷ᠎ᠡ ᠶᠢᠨ ᠦᠢᠯᠡᠰ ᠢ ᠬᠥᠭᠵᠢᠭᠦᠯᠬᠦ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠡᠪᠡᠰᠦᠨ ᠦᠷ᠎ᠡ ᠶᠢᠨ ᠦᠢᠯᠡᠰ ᠤᠨ ᠬᠦᠷᠢᠶ᠎ᠡ ᠴᠠᠷᠠᠭ᠎ᠠ ᠳᠤ ᠴᠢᠬᠤᠯᠠ ᠶᠡᠭᠡ ᠵᠠᠩᠭᠢᠯᠠᠭ᠎ᠠ ᠶᠢᠨ ᠮᠡᠷᠭᠡᠵᠢᠯ ᠤᠨ ᠰᠢᠨ᠎ᠡ ᠶᠢ ᠡᠭᠦᠳᠦᠨ᠂ ᠵᠢᠱᠢᠶ᠎ᠡ ᠦᠵᠡᠭᠦᠯᠦᠨ᠂ ᠤᠯᠠᠷᠢᠭᠤᠯᠬᠤ ᠪᠠ ᠬᠡᠷᠡᠭᠯᠡᠵᠦ᠂ ᠡᠪᠡᠰᠦᠨ ᠦᠷ᠎ᠡ ᠶᠢᠨ ᠦᠢᠯᠡᠰ ᠤᠨ ᠠᠵᠤ ᠦᠢᠯᠡᠰ ᠤᠨ ᠬᠥᠭᠵᠢᠯᠲᠡ ᠳᠤ ᠴᠢᠩᠭ᠎ᠠ ᠬᠦᠴᠦᠲᠡᠶ ᠮᠡᠷᠭᠡᠵᠢᠯ ᠤᠨ ᠪᠠᠲᠤᠯᠠᠭ᠎ᠠ ᠬᠠᠩᠭᠠᠬᠤ ᠪᠣᠯᠣᠨ᠎ᠠ᠃      ᠲᠣᠰ ᠲᠤᠷᠰᠢᠯᠲᠠ ᠶᠢᠨ ᠲᠠᠰᠤᠭ ᠲᠤ ᠤᠯᠤᠰ ᠤᠨ ᠳᠣᠲᠣᠭᠠᠳᠤ ᠶᠢᠨ ᠲᠡᠷᠢᠭᠦᠨ ᠵᠡᠷᠭᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠳᠠᠪᠠᠭᠤᠯᠢᠭ ᠪᠦᠯᠬᠦᠮ ᠨᠡᠶᠢᠲᠡ ᠲᠠᠢ ᠪᠠᠶᠢᠵᠤ᠂ ᠴᠢᠬᠤᠯᠠ ᠲᠡᠵᠢᠭᠡᠯ ᠡᠪᠡᠰᠦᠨ ᠤ ᠦᠷ᠎ᠡ ᠶᠢᠨ ᠡᠬᠢ ᠪᠠᠶᠠᠯᠢᠭ ᠢ ᠨᠠᠷᠢᠯᠢᠭ ᠣᠨᠣᠪᠴᠢᠲᠠᠶ ᠬᠢᠨᠠᠨ ᠲᠣᠭᠲᠠᠭᠠᠬᠤ ᠪᠠ ᠵᠠᠩᠭᠢᠯᠠᠭ᠎ᠠ ᠶᠢᠨ ᠭᠧᠨ ᠢ ᠳᠡᠭᠡᠳᠦ ᠬᠡᠮᠵᠢᠶ᠎ᠡ ᠪᠠᠷ ᠠᠭᠤᠳᠠᠯᠬᠤ᠂ ᠲᠡᠵᠢᠭᠡᠯ ᠡᠪᠡᠰᠦᠨ ᠤ ᠭᠧᠨ ᠤ ᠢᠨᠵᠧᠨᠧᠷᠢᠩ ᠤᠨ ᠮᠡᠷᠭᠡᠵᠢᠯ ᠤᠨ ᠰᠢᠰᠲ᠋ᠧᠮ ᠤᠨ ᠰᠢᠨ᠎ᠡ ᠶᠢ ᠡᠭᠦᠳᠬᠦ ᠪᠠ ᠰᠢᠯᠢᠳᠡᠭᠵᠢᠭᠦᠯᠬᠦ᠂ ᠴᠢᠬᠤᠯᠠ ᠲᠡᠵᠢᠭᠡᠯ ᠡᠪᠡᠰᠦᠨ ᠤ ᠰᠢᠨ᠎ᠡ ᠡᠭᠦᠯᠳᠡᠷ ᠢ ᠪᠣᠶᠢᠵᠢᠭᠤᠯᠬᠤ᠂ ᠰᠢᠨ᠎ᠡ ᠡᠭᠦᠯᠳᠡᠷ ᠢ ᠥᠨᠳᠥᠷ ᠪᠦᠲᠦᠮᠵᠢᠲᠡᠢ ᠪᠠᠷ ᠦᠷᠡᠵᠢᠭᠦᠯᠦᠨ ᠪᠣᠶᠢᠵᠢᠭᠤᠯᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠵᠢᠱᠢᠶ᠎ᠡ ᠦᠵᠡᠭᠦᠯᠬᠦ ᠵᠡᠷᠭᠡ ᠬᠠᠮᠢᠶ᠎ᠠ ᠪᠦᠬᠦᠢ ᠠᠵᠢᠯ ᠢ ᠭᠤᠣᠯᠳᠠᠯᠭ᠎ᠠ ᠲᠠᠢ ᠥᠷᠨᠢᠭᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号