︵ᠰᠤᠷᠪᠤᠯᠵᠢᠯᠠᠭᠴᠢ ᠰᠦᠩ ᠰᠢᠶᠠᠩ ᠬᠤᠸᠠ︶ ᠡᠨᠡ ᠵᠢᠯ ᠤᠨ ᠲᠤᠷᠰᠢ᠂ ᠮᠠᠨ ᠤ ᠬᠤᠳᠠ ᠠᠮᠢ ᠠᠬᠤᠢ ᠶᠢ | ᠬᠠᠮᠠᠭᠠᠯᠠᠵᠤ ᠰᠡᠷᠭᠦᠭᠡᠨ ᠵᠠᠰᠠᠬᠤ ᠲᠥᠰᠥᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠢᠳᠡᠪᠬᠢᠲᠡᠢ | ᠬᠡᠷᠡᠭᠵᠢᠭᠦᠯᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ | ᠵᠢᠱᠢᠶ᠎ᠡ ᠦᠵᠡᠭᠦᠯᠬᠦ ᠪᠠᠷᠢᠯᠭ᠎ᠠ ᠶᠢᠨ ᠲᠦᠷᠦᠯ ᠵᠦᠢᠯ ᠢ ᠭᠤᠶᠤᠴᠢᠯᠠᠨ ᠮᠡᠳᠡᠭᠦᠯᠪᠡ᠃ | ᠡᠨᠡ ᠵᠢᠯ᠂ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠪᠡᠯᠡ ᠮᠥᠩᠭᠦ ᠠᠴᠠ ᠮᠠᠨ ᠤ ᠬᠤᠲᠠ ᠶᠢᠨ ᠠᠮᠢ | ᠠᠬᠤᠢ ᠶᠢ ᠬᠠᠮᠠᠭᠠᠯᠠᠵᠤ ᠰᠡᠷᠭᠦᠭᠡᠨ ᠵᠠᠰᠠᠬᠤ ᠲᠥᠰᠥᠯ ᠳᠤ 2 ᠲᠥᠷᠥᠯ ᠵᠦᠢᠯ ᠢ ᠲᠣᠭᠲᠠᠪᠠ᠃ ᠡᠨᠡ ᠨᠢ ᠲᠤᠰ | ᠲᠤᠰ ᠴᠢᠩ ᠱᠦᠢ ᠾᠧ ᠰᠢᠶᠠᠨ ᠤ ᠬᠤᠸᠠᠩ ᠲᠤ ᠴᠢᠦ ᠯᠢᠩ ᠭᠤᠸ ᠶᠢᠨ ᠬᠥᠷᠥᠰᠥ ᠰᠢᠷᠣᠢ ᠶᠢ ᠬᠠᠮᠠᠭᠠᠯᠠᠬᠤ | ᠣᠷᠣᠨ ︵ᠬᠠᠲᠤᠨ ᠭᠤᠣᠯ ᠳᠠᠭᠠᠤ︶ ᠤ ᠬᠠᠶᠠᠭᠳᠠᠭᠰᠠᠨ ᠲᠥᠷᠥᠯ ᠵᠦᠢᠯ ᠪᠠ ᠦᠴᠦᠸᠠᠨ ᠰᠢᠶᠠᠨ ᠤ ᠠᠮᠢ | ᠠᠬᠤᠢ ᠶᠢ ᠬᠠᠮᠠᠭᠠᠯᠠᠵᠤ ᠰᠡᠷᠭᠦᠭᠡᠨ ᠵᠠᠰᠠᠬᠤ ᠲᠥᠷᠥᠯ ᠵᠦᠢᠯ ᠪᠣᠯᠣᠨ᠎ᠠ᠃ ᠣᠳᠣᠬᠠᠨ ᠳᠤ᠂ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢᠭᠡᠨᠲᠡ ᠳᠡᠭᠡᠷ᠎ᠡ ᠳᠤᠷᠠᠳᠤᠭᠰᠠᠨ ᠡᠭᠦᠷᠭᠡ ᠶᠢ ᠴᠢᠩ ᠱᠦᠢ ᠾᠧ | ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠ ᠦᠴᠦᠸᠠᠨ ᠰᠢᠶᠠᠨ ᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠳᠤ ᠪᠠᠭᠤᠯᠭᠠᠵᠤ᠂ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠠᠯᠠᠪᠠᠶ ᠳᠤ ᠣᠷᠣᠵᠤ | ᠪᠠᠷᠢᠯᠭ᠎ᠠ ᠡᠬᠢᠯᠡᠭᠦᠯᠬᠦ ᠪᠠᠷ ᠲᠥᠯᠥᠪᠯᠡᠵᠦ ᠪᠠᠶᠢᠨ᠎ᠠ᠃ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ | ᠵᠢᠱᠢᠯᠲᠡ ᠪᠠᠷ ᠵᠠᠰᠠᠬᠤ ᠲᠠᠯᠠᠪᠠᠶ ᠨᠢ 2.44 ᠲᠡᠭᠰᠢ ᠳᠥᠷᠪᠡᠯᠵᠢᠨ ᠺᠢᠯᠣᠮᠧᠲᠷ ᠲᠤ ᠬᠦᠷᠬᠦ ᠪᠣᠯᠣᠨ᠎ᠠ᠃ | ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ | ᠶᠣᠰᠣᠭᠠᠷ᠂ ᠮᠠᠨ ᠤ ᠬᠤᠲᠠ 2023 ᠣᠨ ᠤ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ | ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠵᠢᠱᠢᠶ᠎ᠡ ᠦᠵᠡᠭᠦᠯᠬᠦ ᠪᠠᠷᠢᠯᠭ᠎ᠠ ᠶᠢᠨ ᠲᠥᠷᠥᠯ ᠵᠦᠢᠯ ᠢ ᠢᠳᠡᠪᠬᠢᠲᠡᠢ | ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠵᠦ᠂ ᠡᠮᠦᠨᠡᠬᠢ ᠬᠤᠭᠤᠴᠠᠭᠠᠨ ᠤ ᠨᠠᠷᠢᠨ ᠬᠢᠨᠠᠮᠠᠭᠠᠢ ᠪᠡᠯᠡᠳᠬᠡᠯ ᠢᠶᠠᠷ | ᠳᠡᠮᠵᠢᠨ᠂ ︽ᠤᠮᠠᠷᠠᠲᠤ ᠶᠢᠨ ᠡᠯᠡᠰᠦ ᠶᠢ ᠰᠡᠷᠭᠡᠶᠢᠯᠡᠬᠦ ᠪᠦᠰᠡ ︱ ᠬᠠᠲᠤᠨ ᠭᠤᠣᠯ ᠤᠨ ᠭᠤᠣᠯᠳᠠᠯᠭ᠎ᠠ ᠲᠠᠢ ᠠᠮᠢ | ᠠᠬᠤᠢ ᠶᠢᠨ ᠣᠷᠣᠨ ᠤ ᠵᠢᠱᠢᠶ᠎ᠡ ᠦᠵᠡᠭᠦᠯᠬᠦ ᠲᠥᠷᠥᠯ ᠵᠦᠢᠯ︾ ᠨᠢ ᠨᠢᠭᠡᠨᠲᠡ ᠬᠤᠲᠠ ᠶᠢᠨ ᠵᠠᠰᠠᠭ ᠤᠨ ᠣᠷᠳᠣᠨ ᠤ | ᠬᠢᠨᠠᠨ ᠪᠠᠶᠢᠴᠠᠭᠠᠯᠲᠠ ᠶᠢ ᠥᠩᠭᠡᠷᠡᠭᠡᠵᠦ᠂ ᠣᠲᠣ ᠶᠠᠭ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ | ᠮᠥᠴᠢᠷ ᠲᠤ ᠮᠡᠳᠡᠭᠦᠯᠵᠦ ᠪᠠᠶᠢᠨ᠎ᠠ᠃ ᠲᠣᠰ ᠪᠠᠷᠢᠯᠭ᠎ᠠ ᠶᠢ ᠨᠡᠶᠢᠲᠡ 5 ᠠᠮᠢ ᠠᠬᠤᠢ ᠶᠢᠨ ᠰᠡᠷᠭᠦᠭᠡᠯᠲᠡ ᠶᠢᠨ ᠣᠷᠣᠨ | ᠂ 15 ᠪᠠᠷᠢᠯᠭ᠎ᠠ ᠶᠢᠨ ᠥᠬᠢᠨ ᠲᠥᠷᠥᠯ ᠵᠦᠢᠯ ᠪᠣᠯᠭᠠᠨ ᠬᠤᠪᠢᠶᠠᠵᠤ᠂ ᠮᠠᠨ ᠤ ᠬᠤᠲᠠ ᠶᠢᠨ ᠲᠡᠦᠬᠡᠨ ᠠᠴᠠ | ᠦᠯᠡᠳᠡᠭᠳᠡᠵᠦ ᠢᠷᠡᠭᠰᠡᠨ 407 ᠬᠠᠶᠠᠭᠳᠠᠮᠠᠯ ᠠᠭᠤᠷᠬᠠᠢ ᠶᠢᠨ ᠵᠢᠷᠤᠭ ᠤᠨ ᠲᠣᠯᠪᠤ ᠶᠢ ᠬᠠᠮᠤᠷᠴᠤ᠂ ᠵᠢᠷᠤᠭ ᠤᠨ | ᠲᠣᠯᠪᠤ ᠶᠢᠨ ᠲᠠᠯᠠᠪᠠᠶ ᠨᠢ 12.27 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠵᠠᠰᠠᠬᠤ ᠣᠷᠣᠨ ᠤ ᠲᠠᠯᠠᠪᠠᠶ ᠨᠢ | 27.46 ᠲᠡᠭᠰᠢ ᠳᠥᠷᠪᠡᠯᠵᠢᠨ ᠺᠢᠯᠣᠮᠧᠲᠷ ᠪᠣᠯᠣᠨ᠎ᠠ᠃ |