ᠪᠣᠣ ᠭᠠᠩ ᠬᠤᠷᠠᠯ ᠳᠤ ᠣᠷᠣᠯᠴᠠᠵᠤ ᠾᠧ ᠬᠠᠢ ᠳ᠋ᠦᠩ ᠬᠤᠷᠠᠯ ᠢ ᠡᠷᠬᠢᠯᠡᠪᠡ | ︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 6 ᠤ ᠡᠳᠦᠷ᠂ ᠮᠠᠨ ᠤ ᠬᠤᠳᠠ ᠰᠦ ᠶᠢᠨ | ᠦᠢᠯᠡᠰ ᠢ ᠬᠥᠭᠵᠢᠭᠦᠯᠦᠨ ᠮᠠᠨᠳᠤᠭᠤᠯᠬᠤ ᠶᠡᠭᠡ ᠬᠤᠷᠠᠯ ᠢ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠰᠦ ᠶᠢᠨ ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢ ᠰᠢᠯᠢᠳᠡᠭᠵᠢᠭᠦᠯᠦᠨ ᠲᠡᠰ | ᠳᠡᠪᠰᠢᠭᠦᠯᠬᠦ ᠶᠢ ᠠᠬᠢᠭᠤᠯᠵᠤ᠂ ᠡᠯ᠎ᠡ ᠲᠠᠯ᠎ᠠ ᠶᠢᠨ ᠬᠢᠨ ᠢ ᠨᠢᠭᠲᠠᠷᠠᠭᠤᠯᠵᠤ ᠬᠦᠴᠦ ᠪᠠᠨ ᠬᠠᠮᠲᠤᠳᠬᠠᠨ | ᠬᠥᠬᠡᠬᠤᠲᠠ ᠶᠢᠨ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠠᠢ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ | ᠭᠠᠩ ᠬᠤᠷᠠᠯ ᠳᠤ ᠣᠷᠣᠯᠴᠠᠭᠰᠠᠨ ᠪᠥᠭᠡᠳ ᠭᠤᠣᠯ ᠰᠡᠳᠦᠪᠲᠦ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠶᠡᠭᠡ ᠬᠤᠷᠠᠯ ᠢ ᠡᠷᠭᠢᠯᠡᠪᠡ᠃ | ᠪᠣᠣ ᠭᠠᠩ ᠢᠯᠡᠷᠬᠡᠶᠢᠯᠡᠭᠰᠡᠨ ᠨᠢ᠂ ᠣᠷᠣᠨ ᠤ ᠲᠥᠪ ᠰᠦ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ | ᠪᠣᠯ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ᠂ ᠰᠦ ᠶᠢᠨ ᠦᠢᠯᠡᠰ ᠤᠨ | ᠬᠥᠭᠵᠢᠯᠲᠡ ᠶᠢ ᠠᠬᠢᠭᠤᠯᠬᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ | ᠲᠠᠯ᠎ᠠ ᠪᠠᠷ ᠠᠬᠢᠭᠤᠯᠬᠤ᠂ ᠲᠣᠮᠣ ᠢᠳᠡᠭᠡᠨ ᠤ ᠦᠵᠡᠯᠲᠡ ᠶᠢ ᠪᠤᠢ ᠪᠣᠯᠭᠠᠬᠤ ᠲᠤᠬᠠᠢ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠲᠤᠭᠤᠰᠢᠯᠠᠭᠤᠯᠬᠤ ᠪᠣᠳᠠᠲᠠᠢ ᠠᠵᠢᠯᠯᠠᠭ᠎ᠠ ᠪᠣᠯᠣᠨ᠎ᠠ᠂ ᠮᠥᠨᠴᠦ ᠪᠢᠳᠡᠨ ᠤ ︽ᠳᠤᠮᠳᠠᠳᠤ | ᠤᠯᠤᠰ ᠤᠨ ᠰᠦ ᠶᠢᠨ ᠬᠤᠳᠠ︾ ᠪᠣᠯᠤᠭᠰᠠᠨ ᠤ ᠬᠤᠪᠢ ᠳᠤ ᠵᠠᠶᠢᠯᠠᠭᠤᠯᠵᠤ ᠪᠣᠯᠣᠰᠢ ᠦᠭᠡᠢ ᠴᠢᠬᠤᠯᠠ ᠡᠭᠦᠷᠭᠡ | ᠬᠠᠷᠢᠭᠤᠴᠠᠯᠭ᠎ᠠ ᠪᠣᠯᠣᠨ᠎ᠠ᠃ | ᠪᠣᠣ ᠭᠠᠩ ᠵᠢᠭᠠᠬᠤ ᠳᠠᠭᠠᠨ᠂ ᠣᠷᠣᠨ ᠤ ᠲᠥᠪ ᠤᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ | ᠂ ︽ᠨᠢᠭᠡ ᠰᠢᠷᠬᠡᠭ ᠡᠪᠡᠰᠦ ᠠᠴᠠ ᠨᠢᠭᠡ ᠴᠣᠮᠣ ᠰᠦ ᠬᠦᠷᠲᠡᠯ᠎ᠡ︾ ᠪᠦᠬᠦ ᠠᠵᠤ ᠦᠢᠯᠡᠰ ᠤᠨ ᠬᠡᠯᠬᠢᠶ᠎ᠡ ᠶᠢ | ᠭᠤᠣᠯᠳᠠᠯᠭ᠎ᠠ ᠲᠠᠢ ᠪᠠᠶᠢᠭᠤᠯᠬᠤ ᠬᠡᠷᠡᠭᠲᠡᠢ᠃ ︽ᠰᠠᠶᠢᠨ ᠡᠭᠦᠯᠳᠡᠷ ᠢ ᠪᠣᠶᠢᠵᠢᠭᠤᠯᠬᠤ︾ ᠳᠡᠭᠡᠷ᠎ᠡ ᠬᠦᠴᠦ ᠲᠠᠯᠪᠢᠵᠤ᠂ | ᠰᠦ ᠶᠢᠨ ᠦᠢᠯᠡᠰ ᠤᠨ ᠬᠥᠭᠵᠢᠯᠲᠡ ᠶᠢᠨ ︽ᠴᠠᠬᠢᠮ︾ ᠢ ᠰᠠᠶᠢᠬᠠᠨ ᠦᠢᠯᠡᠳᠴᠦ᠂ ᠪᠥᠬᠦ ᠤᠯᠤᠰ ᠤᠨ ᠴᠣᠷ ᠤᠨ | ᠭᠠᠭᠴᠠ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠤᠯᠭᠠᠭᠤᠷᠢᠯᠠᠯ ᠤᠨ ᠦᠢᠯᠡᠳᠦᠯ ᠢ ᠪᠠᠳᠠᠷᠠᠭᠤᠯᠤᠨ᠂ ᠡᠭᠦᠯᠳᠡᠷ ᠪᠣᠶᠢᠵᠢᠭᠤᠯᠬᠤ ᠳᠤ ᠰᠢᠨ᠎ᠡ ᠶᠢ ᠡᠭᠦᠳᠬᠦ | ᠪᠠ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠮᠠᠨ ᠤ ᠬᠤᠲᠠ ᠪᠠᠨ | ᠤᠯᠤᠰ ᠤᠨ ᠰᠠᠭᠠᠯᠢ ᠶᠢᠨ ᠦᠨᠢᠶ᠎ᠡ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠪᠣᠯᠭᠠᠨ ᠪᠦᠲᠦᠭᠡᠨ | ᠪᠠᠶᠢᠭᠤᠯᠵᠤ᠂ ᠣᠷᠣᠨ ᠤ ᠲᠥᠪ ᠤᠨ ᠦᠬᠡᠷ ᠢ ᠵᠢᠩᠬᠢᠨᠢ ︽ᠪᠤᠵᠠᠭᠠᠶᠢᠷᠠᠭᠤᠯᠬᠤ︾ ᠬᠡᠷᠡᠭᠲᠡᠢ᠃ ︽ᠰᠠᠶᠢᠨ ᠡᠪᠡᠰᠦ | ᠳᠠᠷᠢᠬᠤ︾ ᠳᠡᠭᠡᠷ᠎ᠡ ᠬᠦᠴᠦ ᠲᠠᠯᠪᠢᠵᠤ᠂ ᠰᠦ ᠶᠢᠨ ᠦᠢᠯᠡᠰ ᠤᠨ ᠬᠥᠭᠵᠢᠯᠲᠡ ᠶᠢᠨ ︽ᠠᠮᠠᠨ ᠬᠦᠨᠡᠰᠦ︾ ᠶᠢ | ᠰᠠᠶᠢᠲᠤᠷ ᠨᠡᠮᠡᠭᠳᠡᠭᠦᠯᠦᠨ᠂ ᠴᠢᠨᠠᠷ ᠰᠠᠶᠢᠲᠠᠢ ᠲᠡᠵᠢᠭᠡᠯ ᠡᠪᠡᠰᠦᠨ ᠤ ᠮᠡᠷᠭᠡᠵᠢᠯ ᠤᠨ ᠪᠣᠭᠤᠮᠲᠠ ᠶᠢ ᠰᠢᠪᠲᠤᠯᠵᠤ᠂ | ᠴᠢᠨᠠᠷ ᠰᠠᠶᠢᠲᠠᠢ ᠲᠡᠵᠢᠭᠡᠯ ᠡᠪᠡᠰᠦᠨ ᠤ ᠰᠠᠭᠤᠷᠢᠨ ᠭᠠᠵᠠᠷ ᠢ ᠥᠷᠭᠡᠳᠬᠡᠨ᠂ ᠲᠡᠵᠢᠭᠡᠯ ᠡᠪᠡᠰᠦᠨ ᠤ ᠬᠠᠩᠭᠠᠯᠭ᠎ᠠ ᠶᠢ | ᠪᠥᠬᠦ ᠬᠦᠴᠦᠨ ᠢᠶᠠᠷ ᠢᠶᠠᠨ ᠪᠠᠲᠤᠯᠠᠵᠤ᠂ ︽ᠳᠤᠮᠳᠠᠳᠤ ᠤᠯᠤᠰ ᠤᠨ ᠲᠡᠵᠢᠭᠡᠯ ᠡᠪᠡᠰᠦᠨ ᠤ ᠠᠷᠠᠯᠵᠢᠶᠠᠨ ᠤ ᠬᠤᠲᠠ︾ | ᠶᠢ ᠪᠦᠲᠦᠭᠡᠨ ᠪᠠᠶᠢᠭᠤᠯᠬᠤ ᠬᠡᠷᠡᠭᠲᠡᠢ᠃ ︽ᠰᠠᠶᠢᠨ ᠦᠬᠡᠷ ᠲᠡᠵᠢᠭᠡᠬᠦ︾ ᠳᠡᠭᠡᠷ᠎ᠡ ᠬᠦᠴᠦ ᠲᠠᠯᠪᠢᠵᠤ᠂ ᠰᠦ ᠶᠢᠨ | ᠦᠢᠯᠡᠰ ᠤᠨ ᠬᠥᠭᠵᠢᠯᠲᠡ ᠶᠢᠨ ︽ᠵᠢᠭᠰᠠᠭᠠᠯ ᠤᠨ ᠭᠠᠵᠠᠷ︾ ᠢ ᠰᠠᠶᠢᠲᠤᠷ ᠪᠠᠶᠢᠭᠤᠯᠵᠤ᠂ ᠣᠳᠣᠬᠢᠴᠢᠯᠠᠭᠰᠠᠨ | ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠬᠤ ᠶᠢᠨ ᠬᠠᠮᠲᠤ᠂ ᠬᠥᠬᠡᠬᠤᠲᠠ ᠪᠤᠭᠤᠲᠤ | ᠣᠷᠳᠣᠰ ᠤᠯᠠᠭᠠᠨᠴᠠᠪ ᠤᠨ ᠦᠷᠡᠵᠢᠭᠦᠯᠦᠨ ᠪᠣᠶᠢᠵᠢᠭᠤᠯᠬᠤ ᠶᠢ ᠨᠢᠭᠡ ᠴᠣᠭᠴᠠᠵᠢᠭᠤᠯᠤᠭᠰᠠᠨ ᠰᠦ ᠶᠢᠨ ᠢᠷᠡᠯᠲᠡ ᠶᠢᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠠᠮᠵᠢᠯᠴᠠᠨ ᠠᠬᠢᠭᠤᠯᠵᠤ᠂ ᠰᠦ ᠶᠢᠨ ᠦᠢᠯᠡᠰ ᠤᠨ | ᠬᠥᠭᠵᠢᠯᠲᠡ ᠶᠢᠨ ᠰᠠᠭᠤᠷᠢ ᠶᠢ ᠪᠠᠲᠤᠳᠬᠠᠬᠤ ᠬᠡᠷᠡᠭᠲᠡᠢ᠃ ︽ᠰᠠᠶᠢᠨ ᠰᠦ ᠦᠢᠯᠡᠳᠪᠦᠷᠢᠯᠡᠬᠦ︾ ᠳᠡᠭᠡᠷ᠎ᠡ ᠬᠦᠴᠦ | ᠲᠠᠯᠪᠢᠵᠤ᠂ ᠰᠦ ᠶᠢᠨ ᠦᠢᠯᠡᠰ ᠤᠨ ᠬᠥᠭᠵᠢᠯᠲᠡ ᠶᠢᠨ ︽ᠨᠠᠷᠠᠲᠤ ᠲᠡᠮᠳᠡᠭ︾ ᠢ ᠰᠠᠶᠢᠲᠤᠷ ᠪᠣᠶ ᠪᠣᠯᠭᠠᠵᠤ᠂ | ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠪᠠ ᠮᠧᠩ ᠨᠢᠦ ᠶᠢᠨ ᠳᠤᠮᠳᠠᠳᠤ ᠤᠯᠤᠰ ᠤᠨ | ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ | ᠲᠦᠷᠭᠡᠳᠬᠡᠵᠦ᠂ ᠰᠦ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠡᠪᠴᠢᠶᠡᠵᠢᠯ᠂ ᠶᠠᠰᠤ ᠴᠢᠨᠠᠷ ᠤᠨ | ᠳᠡᠭᠡᠭᠰᠢᠯᠡᠯᠲᠡ᠂ ᠦᠷ᠎ᠡ ᠠᠰᠢᠭ ᠤᠨ ᠨᠡᠮᠡᠭᠳᠡᠯ ᠢ ᠳᠠᠶᠢᠴᠢᠯᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠥᠭᠵᠢᠯᠲᠡ ᠶᠢᠨ | ᠢᠷᠡᠭᠡᠳᠦᠢ ᠳᠤ ᠠᠩᠬᠠᠷᠤᠯ ᠢᠶᠠᠨ ᠲᠥᠪᠯᠡᠷᠡᠭᠦᠯᠦᠨ᠂ ᠳᠡᠭᠡᠳᠦ ᠲᠠᠰ ᠤᠨ ᠰᠦ᠂ ᠣᠨᠴᠠᠯᠢᠭᠲᠤ ᠰᠦ ᠶᠢ ᠢᠳᠡᠪᠬᠢᠲᠡᠢ | ᠬᠥᠭᠵᠢᠭᠦᠯᠵᠦ᠂ ᠨᠠᠶᠢᠷᠠᠯᠭ᠎ᠠ ᠲᠠᠢ ᠰᠦᠨ ᠲᠠᠯᠬ᠎ᠠ᠂ ᠪᠢᠰᠢᠯᠠᠭ᠂ ᠰᠢᠷ᠎ᠠ ᠲᠣᠰᠣ᠂ ᠴᠠᠭᠠᠨ ᠲᠣᠰᠣ ᠵᠡᠷᠭᠡ ᠥᠨᠳᠥᠷ | ᠨᠡᠮᠡᠯᠲᠡ ᠥᠷᠲᠡᠭᠲᠦ ᠦᠢᠯᠡᠳᠬᠦᠨ ᠢ ᠰᠤᠳᠤᠯᠤᠨ ᠨᠡᠭᠡᠭᠡᠵᠦ ᠦᠢᠯᠡᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ | ᠦᠢᠯᠡᠳᠬᠦᠨ ᠤ ᠬᠠᠩᠭᠠᠯᠭ᠎ᠠ ᠶᠢ ᠪᠠᠶᠠᠯᠢᠭᠵᠢᠭᠤᠯᠤᠨ᠂ ᠬᠥᠭᠵᠢᠯᠲᠡ ᠶᠢᠨ ᠬᠥᠳᠡᠯᠭᠡᠭᠦ ᠬᠦᠴᠦᠨ ᠢ ᠪᠣᠶᠢᠵᠢᠭᠤᠯᠬᠤ | ᠬᠡᠷᠡᠭᠲᠡᠢ᠃ ︽ᠰᠠᠶᠢᠨ ᠬᠡᠯᠬᠢᠶ᠎ᠡ ᠶᠢ ᠪᠠᠶᠢᠭᠤᠯᠬᠤ︾ ᠳᠡᠭᠡᠷ᠎ᠡ ᠬᠦᠴᠦ ᠲᠠᠯᠪᠢᠵᠤ᠂ ᠰᠦ ᠶᠢᠨ ᠦᠢᠯᠡᠰ ᠤᠨ | ᠬᠥᠭᠵᠢᠯᠲᠡ ᠶᠢᠨ ︽ᠪᠠᠭᠤᠷᠠᠢ︾ ᠢ ᠰᠠᠶᠢᠲᠤᠷ ᠨᠥᠬᠦᠪᠦᠷᠢᠯᠡᠵᠦ᠂ ᠬᠥᠲᠥᠴᠢ ᠠᠵᠤ ᠠᠬᠤᠶᠢᠯᠠᠯ ᠢᠶᠠᠷ ᠬᠥᠲᠥᠯᠥᠮᠵᠢ | ᠪᠣᠯᠭᠠᠨ᠂ ᠲᠥᠬᠦᠭᠡᠷᠦᠮᠵᠢ ᠦᠶᠯᠡᠳᠬᠦ᠂ ᠪᠣᠭᠤᠳᠠᠯ ᠪᠠᠭᠯᠠᠭ᠎ᠠ ᠶᠢᠨ ᠬᠤᠷᠣᠭᠳᠠᠯ ᠮᠠᠲ᠋ᠧᠷᠢᠶᠠᠯ᠂ ᠬᠦᠢᠲᠡᠨ | ᠬᠡᠯᠬᠢᠶ᠎ᠡ ᠶᠢᠨ ᠪᠠᠷᠠᠭᠠᠨ ᠤ ᠭᠦᠢᠯᠭᠡᠭᠡ ᠵᠡᠷᠭᠡ ᠠᠵᠤ ᠦᠢᠯᠡᠰ ᠤᠨ ᠬᠥᠬᠡᠬᠤᠲᠠ ᠳᠤ ᠴᠤᠭᠯᠠᠷᠠᠬᠤ ᠶᠢ ᠲᠦᠷᠭᠡᠳᠬᠡᠨ | ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠦᠢᠯᠡᠳᠪᠦᠷᠢᠯᠡᠵᠦ ᠡᠳ᠋ᠰᠢᠭᠦᠯᠬᠦ ᠠᠴᠠ ᠬᠡᠷᠡᠭᠯᠡᠭᠡᠨ ᠤ ᠦᠵᠦᠭᠦᠷ | ᠳᠠᠰᠢ ᠤᠷᠲᠤᠳᠬᠠᠬᠤ ᠬᠡᠷᠡᠭᠲᠡᠢ ᠭᠡᠵᠡᠢ᠃ | ᠪᠣᠣ ᠭᠠᠩ ᠴᠢᠬᠤᠯᠠᠴᠢᠯᠠᠭᠰᠠᠨ ᠨᠢ᠂ ᠣᠷᠣᠨ ᠤ ᠲᠥᠪ ᠤᠨ ᠰᠦ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠦᠨᠡᠨ ᠰᠡᠳᠬᠢᠯ ᠠᠴᠠ ᠪᠠᠨ ᠬᠤᠳᠠᠯᠳᠤᠭᠠᠴᠢᠨ ᠤᠷᠢᠨ᠂ | ᠦᠨᠡᠨ ᠰᠡᠳᠬᠢᠯ ᠠᠴᠠ ᠪᠠᠨ ᠬᠠᠯᠠᠮᠵᠢᠯᠠᠵᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ᠂ ᠪᠡᠯᠡ ᠮᠥᠩᠭᠦ ᠶᠢᠨ | ᠣᠷᠣᠭᠤᠯᠤᠯᠲᠠ ᠪᠣᠯᠣᠨ ᠰᠢᠨ᠎ᠡ ᠶᠢ ᠡᠭᠦᠳᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠢᠳᠡᠪᠬᠢᠲᠡᠢ ᠪᠠᠷ | ᠰᠠᠨᠠᠭᠠᠴᠢᠯᠠᠭ᠎ᠠ ᠠᠴᠠ ᠪᠠᠨ ᠭᠠᠳᠠᠭᠰᠢ ᠭᠠᠷᠴᠤ ᠠᠵᠢᠯ ᠵᠣᠯᠭᠠᠭᠤᠯᠵᠤ᠂ ᠤᠷᠢᠵᠤ ᠠᠪᠴᠢᠷᠠᠨ ᠵᠥᠪᠳᠡᠯᠴᠡᠵᠦ᠂ ᠠᠵᠤ | ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠡᠯ᠎ᠡ ᠲᠦᠷᠦᠯ ᠤᠨ ᠠᠵᠤ ᠠᠬᠤᠶᠢᠯᠠᠯ ᠤᠨ | ᠬᠥᠬᠡᠬᠤᠲᠠ ᠳᠤ ᠢᠷᠡᠵᠤ ᠬᠥᠭᠵᠢᠬᠦ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠬᠤ ᠬᠡᠷᠡᠭᠲᠡᠢ᠃ ᠦᠨᠡᠨᠴᠢ | ᠰᠡᠳᠬᠢᠯ ᠢᠶᠠᠷ ᠬᠤᠳᠠᠯᠳᠤᠭᠠᠴᠢᠨ ᠢ ᠠᠮᠤᠷᠵᠢᠭᠤᠯᠵᠤ᠂ ᠦᠨᠡᠨᠴᠢ ᠪᠠᠷ ᠦᠢᠯᠡᠴᠢᠯᠡᠵᠦ᠂ ᠠᠵᠤ ᠠᠬᠤᠶᠢᠯᠠᠯ ᠤᠨ | ᠮᠡᠳᠡᠯᠭᠡ ᠶᠢᠨ ᠥᠮᠴᠢᠯᠡᠯ ᠤᠨ ᠡᠷᠬᠡ ᠪᠠ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ | ᠶᠣᠰᠣᠭᠠᠷ ᠬᠠᠮᠠᠭᠠᠯᠠᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠠᠶᠠᠭᠠᠷᠴᠢᠯᠠᠭᠰᠠᠨ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠶᠡᠬᠡᠪᠡᠷ ᠪᠤᠢ ᠪᠣᠯᠭᠠᠵᠤ᠂ ᠦᠢᠯᠡᠴᠢᠯᠡᠭᠡᠨ ᠤ ᠪᠠᠲᠤᠯᠠᠭ᠎ᠠ ᠶᠢ ᠴᠢᠩ | ᠰᠡᠳᠬᠢᠯ ᠠᠴᠠ ᠪᠠᠨ ᠰᠠᠶᠢᠲᠤᠷ ᠬᠢᠬᠦ ᠬᠡᠷᠡᠭᠲᠡᠢ᠃ ᠦᠨᠡᠨ ᠠᠵᠢᠯᠯᠠᠨ ᠪᠣᠳᠠᠲᠠᠢ ᠬᠢᠵᠦ᠂ ᠦᠨᠡᠨ ᠴᠢᠷᠮᠠᠶᠢᠨ ᠠᠵᠢᠯ | ᠪᠦᠲᠦᠭᠡᠵᠦ᠂ ᠠᠵᠤ ᠠᠬᠤᠶᠢᠯᠠᠯ ᠲᠠᠢ ᠭᠠᠷ ᠬᠤᠯᠪᠣᠨ ᠮᠥᠷᠥ ᠵᠡᠷᠭᠡᠴᠡᠵᠦ ᠬᠠᠮᠲᠤᠪᠠᠷ ᠲᠡᠮᠡᠴᠡᠵᠦ᠂ ᠳᠤᠮᠳᠠᠳᠤ | ᠤᠯᠤᠰ ᠤᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ︽ᠰᠦ ᠶᠢᠨ ᠬᠤᠳᠠ︾ ᠶᠢᠨ ᠬᠦᠴᠦᠨ | ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃ | ᠬᠤᠷᠠᠯ ᠳᠡᠭᠡᠷ᠎ᠡ᠂ ᠢᠯᠢ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ | ᠪᠥᠭᠡᠳ ᠶᠡᠷᠦᠩᠬᠡᠢ ᠵᠠᠬᠢᠷᠤᠯ ᠫᠠᠨ ᠭᠠᠩ᠂ ᠮᠧᠩ ᠨᠢᠦ ᠪᠦᠯᠦᠭᠯᠡᠯ ᠤᠨ ᠶᠡᠷᠦᠩᠬᠡᠢ ᠵᠠᠬᠢᠷᠤᠯ ᠯᠦ ᠮᠢᠨ ᠹᠠᠩ᠂ ᠣᠳᠣ | ᠦᠶ᠎ᠡ ᠶᠢᠨ ᠮᠠᠯ ᠠᠵᠤ ᠠᠬᠤᠢ ᠶᠢᠨ ᠶᠡᠷᠦᠩᠬᠡᠢ ᠵᠠᠬᠢᠷᠤᠯ ᠰᠦᠨ ᠢᠦᠢ ᠭᠠᠩ᠂ ᠰᠠᠢ ᠺᠧ ᠰᠢᠩ ᠪᠦᠯᠦᠭᠯᠡᠯ ᠤᠨ | ᠶᠡᠷᠦᠩᠬᠡᠢ ᠳᠠᠭᠠᠭᠠᠮᠠᠯ ᠪᠦᠦ ᠵᠢᠶᠦ᠋ᠨ ᠵᠢᠶᠧ᠂ ᠵᠧᠩ ᠱᠢ ᠠᠮᠢ ᠠᠬᠤᠢ ᠶᠢᠨ ᠲᠠᠷᠢᠶᠠᠯᠠᠩ ᠤᠨ ᠬᠡᠷᠡᠭ ᠮᠡᠳᠡᠭᠴᠢᠳ ᠤᠨ | ᠳᠠᠷᠤᠭ᠎ᠠ ᠮᠠ ᠬᠤᠩ ᠸᠧᠢ᠂ ᠯᠢ ᠯᠧ ᠺᠣᠮᠫᠠᠨᠢ ᠶᠢᠨ ᠳ᠋ᠠ ᠵᠥᠩ ᠲᠣᠭᠤᠷᠢᠭ ᠤᠨ ᠶᠡᠷᠦᠩᠬᠡᠢ ᠵᠠᠬᠢᠷᠤᠯ ᠵᠤ᠋ ᠢ ᠳ᠋ᠦᠩ᠂ | ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠨᠠᠮ ᠤᠨ ᠬᠤᠷᠢᠶ᠎ᠠ ᠶᠢᠨ ᠱᠦᠵᠢ | ᠂ ᠪᠠᠩᠬᠢ ᠶᠢᠨ ᠳᠠᠷᠤᠭ᠎ᠠ ᠮᠧᠩ ᠵᠧᠨ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠮᠡᠳ | ᠵᠡᠭᠦᠨ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠧᠢ ᠬᠤᠩ ᠵᠢᠶᠦ᠋ᠨ ᠲᠣᠰ ᠲᠣᠰ ︽ᠰᠦ ᠶᠢᠨ ᠠᠵᠤ | ᠦᠢᠯᠡᠰ ᠤᠨ ᠪᠥᠭᠡᠮᠨᠡᠷᠡᠯ ᠢ ᠪᠠᠶᠢᠭᠤᠯᠬᠤ︾ ︽ᠬᠡᠪᠴᠢᠶᠡᠵᠢᠭᠰᠡᠨ ᠮᠠᠯᠵᠢᠯ ᠤᠨ ᠲᠠᠯᠠᠪᠠᠶ ᠶᠢ ᠲᠥᠯᠥᠪᠵᠢᠭᠦᠯᠦᠨ | ᠪᠦᠲᠦᠭᠡᠨ ᠪᠠᠶᠢᠭᠤᠯᠵᠤ ᠡᠵᠡᠩᠨᠡᠬᠦ︾ ︽ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ︾ ︽ᠮᠠᠯ ᠪᠡᠯᠴᠢᠭᠡᠷ ᠢ | ᠨᠢᠭᠡ ᠴᠣᠭᠴᠠᠵᠢᠭᠤᠯᠤᠨ ᠬᠥᠭᠵᠢᠭᠦᠯᠬᠦ︾ ︽ᠪᠦᠲᠦᠭᠡᠭᠳᠡᠬᠦᠨ ᠤ ᠪᠣᠭᠤᠳᠠᠯ ᠪᠠᠭᠯᠠᠭ᠎ᠠ ᠪᠠᠷ ᠰᠦ ᠶᠢᠨ ᠠᠵᠤ | ᠦᠢᠯᠡᠰ ᠤᠨ ᠲᠠᠰ ᠳᠡᠪᠰᠢᠬᠦ ᠳᠤ ᠬᠦᠴᠦᠨ ᠨᠡᠮᠡᠷᠢᠯᠡᠬᠦ︾ ︽ᠮᠥᠩᠭᠦᠨ ᠭᠦᠢᠯᠭᠡᠭᠡᠨ ᠢᠶᠠᠷ ᠰᠦ ᠶᠢᠨ ᠦᠢᠯᠡᠰ ᠤᠨ | ᠬᠥᠭᠵᠢᠯᠲᠡ ᠳᠤ ᠬᠦᠴᠦᠨ ᠨᠡᠮᠡᠷᠢᠯᠡᠬᠦ︾ ︽ᠪᠠᠷᠠᠭᠠᠨ ᠤ ᠭᠦᠢᠯᠭᠡᠭᠡ ᠪᠠᠷ ᠰᠦ ᠶᠢᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠪᠠᠲᠤᠯᠠᠬᠤ︾ ᠵᠡᠷᠭᠡ ᠭᠤᠣᠯ ᠰᠡᠳᠦᠪ ᠤᠨ ᠲᠣᠭᠤᠷᠢᠨ ᠳᠤ ᠶᠠᠷᠢᠶ᠎ᠠ ᠲᠠᠯᠪᠢᠪᠠ᠃ | ᠬᠤᠲᠠ ᠶᠢᠨ ᠬᠠᠮᠢᠶ᠎ᠠ ᠪᠦᠬᠦᠢ ᠤᠳᠤᠷᠢᠳᠬᠤ ᠨᠥᠬᠦᠳ᠂ ᠡᠯ᠎ᠡ ᠬᠤᠰᠢᠭᠤ ᠰᠢᠶᠠᠨ ᠲᠣᠭᠤᠷᠢᠭ᠂ | ᠨᠡᠭᠡᠭᠡᠯᠲᠡ ᠶᠢᠨ ᠲᠣᠭᠤᠷᠢᠭ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠ 150 | ᠭᠠᠷᠤᠢ ᠡᠪᠡᠰᠦᠨ ᠦᠷ᠎ᠡ ᠶᠢᠨ ᠦᠢᠯᠡᠰ᠂ ᠲᠡᠵᠢᠭᠡᠨ ᠦᠷᠡᠵᠢᠭᠦᠯᠬᠦ ᠦᠢᠯᠡᠰ᠂ ᠴᠠᠭᠠᠨ ᠢᠳᠡᠭᠡᠨ ᠤ ᠡᠳ᠋ᠰᠢᠭᠦᠯᠭᠡ᠂ | ᠪᠦᠲᠦᠭᠡᠭᠳᠡᠬᠦᠨ ᠤ ᠪᠣᠭᠤᠳᠠᠯ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠵᠢᠴᠢ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ |