ᠮᠠᠨ ᠤ ᠬᠤᠲᠠ ᠶᠢᠨ ᠬᠤᠶᠠᠷ ᠲᠥᠷᠥᠯ ᠵᠦᠢᠯ ᠤᠯᠤᠰ ᠤᠨ ᠲᠠᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠪᠠ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠢᠶᠠᠷ ᠠᠮᠵᠢᠯᠲᠠ ᠲᠠᠢ ᠵᠥᠪᠰᠢᠶᠡᠷᠡᠭᠳᠡᠪᠡ
ᠨᠡᠶᠢᠲᠡᠯᠡᠭᠰᠡᠨ ᠴᠠᠭ᠄
2023/4/7
      ︵ᠰᠤᠷᠪᠤᠯᠵᠢᠯᠠᠭᠴᠢ ᠮᠢᠶᠣᠣ ᠴᠢᠩ︶ 4 ᠳ᠋ᠦ᠋ᠭᠡᠷ ᠰᠠᠷ᠎ᠠ ᠶᠢᠨ 6 ᠤ ᠡᠳᠦᠷ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠮᠠᠨ ᠤ ᠬᠤᠳᠠ ᠶᠢᠨ ᠬᠤᠷᠢᠨᠭᠡᠷ ᠰᠢᠶᠠᠨ ᠤ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠤᠨ ᠠᠵᠤ ᠦᠢᠯᠡᠰ ᠤᠨ ᠪᠥᠭᠡᠮᠨᠡᠷᠡᠯ 2023 ᠣᠨ ᠤ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠪᠣᠯᠣᠨ 2023 ᠣᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠵᠥᠪᠰᠢᠶᠡᠷᠡᠯ ᠢ ᠠᠮᠵᠢᠯᠲᠠ ᠲᠠᠢ ᠣᠯᠪᠠ᠃      ᠣᠶᠢᠯᠠᠭᠠᠭᠰᠠᠨ ᠢᠶᠠᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠡᠳ᠋ ᠤᠨ ᠵᠠᠰᠠᠭ ᠤᠨ ᠶᠠᠮᠤᠨ ︽2023 ᠣᠨ ᠤ ᠲᠠᠷᠢᠶᠠᠯᠠᠩ ᠠᠵᠤ ᠦᠢᠯᠡᠰ ᠤᠨ ᠠᠭᠤᠰᠤᠯᠴᠠᠨ ᠬᠥᠭᠵᠢᠬᠦ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠲᠠᠷᠢᠶᠠᠯᠠᠩ ᠠᠯᠪᠠᠨ ᠲᠥᠯᠥᠪᠯᠡᠭᠡ ᠡᠳ᠋ ﹇2023﹈ 5 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠢᠭᠡᠳᠦᠭᠡᠷ ᠮᠥᠴᠡ ᠳᠤ ᠮᠡᠳᠡᠭᠦᠯᠬᠦ ᠮᠠᠲ᠋ᠧᠷᠢᠶᠠᠯ ᠢᠶᠠᠨ ᠵᠣᠬᠢᠶᠠᠨ ᠪᠠᠶᠢᠭᠤᠯᠤᠨ ᠬᠦᠷᠭᠡᠨ ᠮᠡᠳᠡᠭᠦᠯᠵᠦ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠤᠰᠬᠠᠢ ᠮᠡᠷᠭᠡᠵᠢᠯᠲᠡᠨ ᠤ ᠬᠢᠨᠠᠨ ᠪᠠᠶᠢᠴᠠᠭᠠᠯᠲᠠ ᠪᠠ ᠬᠠᠷᠢᠭᠤ ᠮᠠᠷᠭᠤᠯᠲᠠ ᠳᠤ ᠣᠷᠣᠯᠴᠠᠬᠤ ᠪᠠᠷ ᠳᠠᠮᠵᠢᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠤᠨ ᠠᠵᠤ ᠦᠢᠯᠡᠰ ᠤᠨ ᠪᠥᠭᠡᠮᠨᠡᠷᠡᠯ ᠨᠢ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠢᠶᠠᠷ ᠠᠮᠵᠢᠯᠲᠠ ᠲᠠᠢ ᠵᠥᠪᠰᠢᠶᠡᠷᠡᠭᠳᠡᠵᠦ᠂ ᠬᠤᠷᠢᠨᠭᠡᠷ ᠰᠢᠶᠠᠨ ᠤ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠨᠢ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢᠶᠠᠷ ᠠᠮᠵᠢᠯᠲᠠ ᠲᠠᠢ ᠠᠮᠵᠢᠯᠲᠠᠲᠠᠢ ᠵᠥᠪᠰᠢᠶᠡᠷᠡᠭᠳᠡᠵᠡᠢ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ 4 ᠳ᠋ᠦ᠋ᠭᠡᠷ  ᠰᠠᠷ᠎ᠠ ᠶᠢᠨ 4 ᠤ ᠡᠳᠦᠷ ᠠᠴᠠ 6 ᠤ ᠡᠳᠦᠷ ᠪᠣᠯᠲᠠᠯ᠎ᠠ ᠡᠭᠦᠳᠦᠨ ᠪᠠᠶᠢᠭᠤᠯᠬᠤ ᠶᠢ ᠵᠥᠪᠰᠢᠶᠡᠷᠡᠬᠦ ᠪᠠᠷ ᠪᠠᠶᠢᠭ᠎ᠠ ᠨᠡᠷᠡᠰ ᠢ ᠵᠠᠷᠯᠠᠨ ᠨᠡᠶᠢᠲᠡᠯᠡᠨ᠎ᠡ᠃      ᠡᠨᠡ ᠬᠤᠶᠠᠷ ᠲᠦᠷᠦᠯ ᠵᠦᠢᠯ ᠤᠨ ᠠᠮᠵᠢᠯᠲᠠ ᠲᠠᠢ ᠪᠠᠷ ᠵᠥᠪᠰᠢᠶᠡᠷᠡᠭᠳᠡᠭᠰᠡᠨ ᠨᠢ ᠮᠠᠨ ᠤ ᠬᠤᠳᠠ ᠶᠢᠨ︽ᠳᠤᠮᠳᠠᠳᠤ ᠤᠯᠤᠰ ᠤᠨ ᠰᠦ ᠶᠢᠨ ᠬᠤᠳᠠ︾ ᠠᠴᠠ ︽ᠳᠡᠯᠡᠬᠡᠢ ᠶᠢᠨ ᠰᠦ ᠶᠢᠨ ᠬᠤᠳᠠ︾ ᠲᠡᠰᠢ ᠤᠷᠤᠭᠰᠢᠯᠠᠬᠤ ᠶᠢ ᠬᠦᠴᠦᠲᠡᠢ ᠠᠬᠢᠭᠤᠯᠬᠤ ᠪᠣᠯᠣᠨ᠎ᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号