︵ᠰᠤᠷᠪᠤᠯᠵᠢᠯᠠᠭᠴᠢ ᠮᠢᠶᠣᠣ ᠴᠢᠩ︶ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ | ᠰᠢᠢᠳᠪᠦᠷᠢᠯᠡᠬᠦ ᠳᠤᠮᠳᠠᠬᠢ ᠡᠶᠡᠳᠡᠭᠦᠯᠭᠡ ᠶᠢᠨ ᠦᠨᠳᠦᠰᠦᠨ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ | ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠴᠠᠭ ᠲᠤᠬᠠᠢ ᠳᠤᠨᠢ ᠥᠨᠳᠥᠷ | ᠪᠦᠲᠦᠮᠵᠢᠲᠡᠢ ᠰᠢᠢᠳᠪᠦᠷᠢᠯᠡᠵᠦ᠂ ᠬᠥᠳᠡᠯᠮᠦᠷᠢᠴᠢᠨ ᠬᠢᠭᠡᠳ ᠬᠥᠮᠥᠨ ᠬᠡᠷᠡᠭᠯᠡᠬᠦ ᠨᠢᠭᠡᠴᠡ ᠶᠢᠨ ᠬᠠᠤᠯᠢ ᠶᠣᠰᠣᠨ ᠤ | ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠂ ᠬᠥᠳᠡᠯᠮᠦᠷᠢ ᠠᠵᠢᠯᠲᠠᠨ ᠤ ᠶᠠᠪᠤᠳᠠᠯ ᠤᠨ ᠡᠶ᠎ᠡ ᠵᠣᠬᠢᠴᠠᠯ ᠲᠠᠢ | ᠬᠠᠷᠢᠴᠠᠭ᠎ᠠ ᠶᠢ ᠪᠠᠶᠢᠭᠤᠯᠬᠤ ᠶᠢᠨ ᠲᠥᠯᠥᠭᠡ ᠣᠶᠢᠷ᠎ᠠ ᠳᠤ᠂ ᠬᠥᠬᠡᠬᠤᠲᠠ ᠶᠢᠨ ᠬᠥᠳᠡᠯᠮᠦᠷᠢ ᠠᠵᠢᠯᠲᠠᠨ ᠤ | ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶᠠᠨ ᠤ ᠡᠶᠡᠳᠡᠭᠦᠯᠬᠦ ᠲᠥᠪ ᠪᠠᠶᠢᠭᠤᠯᠤᠭᠳᠠᠪᠠ᠃ | ᠡᠶᠡᠳᠡᠭᠦᠯᠬᠦ ᠲᠥᠪ ᠤᠨ ᠲᠤᠰᠢᠶᠠᠯ ᠬᠠᠷᠢᠭᠤᠴᠠᠯᠭ᠎ᠠ ᠳᠤ᠄ ᠬᠥᠳᠡᠯᠮᠦᠷᠢ ᠠᠵᠢᠯᠲᠠᠨ ᠤ ᠶᠠᠪᠤᠳᠠᠯ ᠤᠨ ᠬᠠᠤᠯᠢ | ᠴᠠᠭᠠᠵᠠ᠂ ᠬᠠᠤᠯᠢ ᠲᠣᠭᠲᠠᠭᠠᠯ ᠪᠠ ᠲᠦᠷᠦ ᠶᠢᠨ ᠪᠣᠳᠣᠯᠭ᠎ᠠ ᠶᠢ ᠤᠬᠠᠭᠤᠯᠬᠤ︔ ᠡᠶᠡᠳᠡᠭᠦᠯᠦᠭᠴᠢ ᠳᠤ | ᠬᠠᠮᠢᠶᠠᠷᠤᠯᠲᠠ ᠶᠠᠪᠤᠭᠤᠯᠬᠤ︔ ᠬᠠᠷᠢᠶ᠎ᠠ ᠭᠠᠵᠠᠷ ᠤᠨ ᠬᠡᠪᠴᠢᠶᠡᠨ ᠳᠤ ᠡᠭᠦᠰᠦᠭᠰᠡᠨ ᠬᠥᠳᠡᠯᠮᠦᠷᠢ ᠠᠵᠢᠯᠲᠠᠨ ᠤ | ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ︔ ᠡᠶᠡᠳᠡᠬᠦ ᠬᠡᠯᠡᠯᠴᠡᠭᠡᠷ᠂ ᠡᠶᠡᠳᠡᠭᠦᠯᠬᠦ ᠬᠡᠯᠡᠯᠴᠡᠭᠡᠷ ᠢ ᠭᠦᠢᠴᠡᠳᠬᠡᠬᠦ ᠳᠤ | ᠬᠢᠨᠠᠯᠲᠠ ᠲᠠᠯᠪᠢᠬᠤ︔ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠵᠢᠴᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠲᠠᠢ ᠬᠠᠮᠵᠢᠯᠴᠠᠨ ᠬᠠᠷᠢᠶ᠎ᠠ | ᠭᠠᠵᠠᠷ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠰᠡᠷᠭᠡᠶᠢᠯᠡᠵᠦ ᠡᠶᠡᠳᠡᠭᠦᠯᠬᠦ ᠬᠠᠮᠢᠶ᠎ᠠ ᠪᠦᠬᠦᠢ | ᠠᠵᠢᠯ︔ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠬᠡᠷᠡᠭ ᠢ ᠪᠦᠷᠢᠳᠬᠡᠬᠦ᠂ | ᠬᠤᠷᠢᠶᠠᠩᠭᠤᠶᠢᠯᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠲᠣᠭᠲᠠᠭᠠᠯ ᠶᠣᠰᠣᠭᠠᠷ ᠲᠤᠭ᠎ᠠ ᠪᠠᠷᠢᠮᠲᠠ ᠶᠢᠨ ᠮᠡᠳᠡᠭᠡ | ᠵᠠᠩᠭᠢ ᠵᠢᠴᠢ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠳᠤ ᠬᠤᠯᠪᠣᠭᠳᠠᠬᠤ ᠪᠤᠰᠤᠳ | ᠠᠵᠢᠯ ᠢ ᠳᠡᠭᠡᠭᠰᠢ ᠮᠡᠳᠡᠭᠦᠯᠦᠨ᠎ᠡ᠃ | |