2023 ᠣᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠥᠪᠥᠷ ᠮᠣᠩᠭᠤᠯ ᠤᠨ ᠭᠤᠣᠯ ᠲᠠᠯᠠᠪᠤᠷ ᠤᠨ ᠠᠵᠢᠯᠯᠠᠭ᠎ᠠ ᠬᠥᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2023/5/10
      ︵ᠰᠤᠷᠪᠤᠯᠵᠢᠯᠠᠭᠴᠢ ᠸᠠᠩ ᠵᠦᠩ ᠵᠸᠦ︶ ᠡᠨᠡ ᠵᠢᠯ ᠤᠨ 5 ᠳ᠋ᠤᠭᠠᠷ ᠰᠠᠷ᠎ᠠ ᠶᠢᠨ 12 ᠤᠨ ᠡᠳᠦᠷ ᠪᠣᠯ 15 ᠳᠠᠬᠢ ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠪᠣᠯᠣᠨ᠎ᠠ᠂ ᠡᠨᠡ ᠵᠢᠯ ᠤᠨ ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠨᠢ ︽ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠵᠦ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠶ᠎ᠠ︾ ᠭᠡᠳᠡᠭ ᠢᠶᠠᠷ ᠭᠤᠣᠯ ᠰᠡᠳᠦᠪ ᠪᠣᠯᠭᠠᠵᠠᠢ᠃ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢ ᠪᠥᠬᠦ ᠲᠠᠯ᠎ᠠ ᠪᠠᠷ ᠣᠯᠠᠨ ᠠᠷᠭ᠎ᠠ ᠵᠠᠮ ᠢᠶᠠᠷ ᠣᠯᠠᠨ ᠲᠦᠮᠡᠨ ᠳᠤ ᠲᠦᠭᠡᠮᠡᠯᠵᠢᠭᠦᠯᠵᠦ᠂ ᠣᠯᠠᠨ ᠨᠡᠶᠢᠲᠡ ᠶᠢᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠠᠯ᠎ᠠ ᠪᠠᠷ ᠬᠢ ᠠᠩᠬᠠᠷᠤᠯ ᠤᠨ ᠬᠡᠮᠵᠢᠶ᠎ᠡ ᠪᠠ ᠣᠷᠣᠯᠴᠠᠬᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ 5 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠠᠢ ᠬᠠᠮᠲᠤᠷᠠᠨ ᠡᠷᠭᠢᠯᠡᠭᠰᠡᠨ 2023 ᠣᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠥᠪᠥᠷ ᠮᠣᠩᠭᠤᠯ ᠤᠨ ᠭᠤᠣᠯ ᠲᠠᠯᠠᠪᠤᠷ ᠤᠨ ᠠᠵᠢᠯᠯᠠᠭ᠎ᠠ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠳᠤ ᠶᠠᠪᠤᠭᠳᠠᠪᠠ᠃      ᠠᠵᠢᠯᠯᠠᠭ᠎ᠠ ᠳᠤᠮᠳᠠ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠳᠤ ︽ᠤᠯᠤᠰ ᠤᠨ ᠲᠠᠰ ᠤᠨ ᠭᠠᠵᠠᠷ ᠬᠥᠳᠡᠯᠦᠯᠲᠡ ᠶᠢ ᠰᠡᠷᠭᠡᠶᠢᠯᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ︾ ᠤᠨ ᠫᠠᠶᠢᠰᠠ ᠣᠯᠭᠤᠪᠠ᠃ ᠣᠶᠢᠯᠠᠭᠠᠭᠰᠠᠨ ᠢᠶᠠᠷ᠂ 2022 ᠣᠨ ᠳᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠳᠤᠮᠳᠠᠳᠤ ᠤᠯᠤᠰ ᠤᠨ ᠭᠠᠵᠠᠷ ᠬᠥᠳᠡᠯᠦᠯᠲᠡ ᠶᠢᠨ ᠲᠣᠪᠴᠢᠶ᠎ᠠ ᠶᠢᠨ ᠦᠨᠡᠯᠡᠯᠲᠡ ᠪᠠᠷ ᠳᠡᠮᠵᠢᠨ᠂ ︽ᠤᠯᠤᠰ ᠤᠨ ᠲᠠᠰ ᠤᠨ ᠭᠠᠵᠠᠷ ᠬᠥᠳᠡᠯᠦᠯᠲᠡ ᠶᠢ ᠰᠡᠷᠭᠡᠶᠢᠯᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ︾ ᠢᠶᠠᠷ ᠦᠨᠡᠯᠡᠭᠳᠡᠵᠡᠢ᠃ ︽ᠭᠠᠵᠠᠷ ᠬᠥᠳᠡᠯᠦᠯᠲᠡ ᠶᠢ ᠤᠷᠢᠳᠴᠢᠯᠠᠨ ᠵᠢᠱᠢᠬᠦ ᠳᠤ ᠶᠠᠭᠠᠬᠢᠭᠠᠳ ᠡᠶᠢᠮᠦ ᠬᠦᠴᠢᠷ ᠪᠠᠶᠢᠳᠠᠭ ᠪᠣᠶ ︾ ᠭᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠦᠴᠦᠭᠡ ᠶᠢ ᠲᠣᠭᠯᠠᠵᠤ᠂ ᠥᠪᠥᠷ ᠮᠣᠩᠭᠤᠯ ᠤᠨ ᠭᠠᠵᠠᠷ ᠬᠥᠳᠡᠯᠦᠯᠲᠡ ᠶᠢᠨ ᠥᠷᠲᠡᠭᠡ ᠶᠢᠨ ᠳᠡᠭᠡᠳᠦ ᠵᠡᠷᠭᠡ ᠶᠢᠨ ᠢᠨᠵᠧᠨᠧᠷ ᠬᠤᠸ ᠮᠧᠢ ᠰᠢᠶᠠᠨ ︽ᠭᠠᠵᠠᠷ ᠬᠥᠳᠡᠯᠬᠦ ᠳᠤ ᠥᠪᠡᠷ ᠢ ᠪᠠᠨ ᠬᠡᠷᠬᠢᠨ ᠬᠠᠮᠠᠭᠠᠯᠠᠬᠤ ᠶᠢ ᠴᠢ ᠮᠡᠳᠡᠨ᠎ᠡ ᠤᠤ︾ ᠭᠡᠬᠦ ᠮᠡᠲᠦ ᠶᠢᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠬᠢᠪᠡ᠃      ᠵᠠᠯᠭᠠᠭᠠᠳ᠂ ᠮᠠᠨ ᠤ ᠣᠷᠣᠨ ᠪᠠᠶᠠᠯᠢᠭ ᠠᠭᠤᠯᠭ᠎ᠠ ᠲᠠᠢ ᠬᠥᠳᠡᠯᠭᠡᠭᠡᠨ ᠤ ᠬᠡᠯᠪᠡᠷᠢ ᠪᠠᠷ ᠳᠠᠮᠵᠢᠭᠤᠯᠤᠨ᠂  ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠠᠷᠭ᠎ᠠ ᠮᠠᠶ᠋ᠢᠭ ᠢᠶᠠᠷ ᠳᠠᠮᠵᠢᠨ ᠨᠠᠩ ᠣᠯᠠᠨ ᠬᠦᠮᠦᠰ ᠤᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢ ᠨᠢ ᠴᠢᠩᠭᠠᠷᠠᠭᠤᠯᠵᠤ᠂ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号