ᠾᠧ ᠬᠠᠢ ᠳ᠋ᠦᠩ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠳᠤ ᠬᠦᠷᠴᠦ ᠠᠰᠠᠭᠤᠳᠠᠯ | ᠲᠤᠰᠬᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠴᠤ ᠠᠭᠤᠯᠵᠠᠪᠠ | ︵ᠰᠤᠷᠪᠤᠯᠵᠢᠯᠠᠭᠴᠢ ᠠᠷᠢᠭᠤᠨ᠎ᠠ︶ 5 ᠳ᠋ᠤᠭᠠᠷ ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ | ᠲᠣᠪᠴᠢᠶ᠎ᠠ ᠶᠢᠨ ᠠᠷᠠᠳ ᠤᠨ ᠰᠣᠷᠪᠤᠯᠵᠢᠯᠠᠭ᠎ᠠ ᠶᠢ ᠭᠥᠯᠢᠶᠡᠨ ᠠᠪᠬᠤ ᠲᠠᠰᠤᠭ ᠲᠤ ᠬᠦᠷᠴᠦ ᠠᠰᠠᠭᠤᠳᠠᠯ | ᠲᠤᠰᠬᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠴᠤ ᠠᠭᠤᠯᠵᠠᠪᠠ᠃ ᠲᠡᠷᠡ ᠴᠢᠬᠤᠯᠠᠴᠢᠯᠠᠬᠤ ᠳᠠᠭᠠᠨ᠂ | ᠠᠷᠠᠳ ᠲᠦᠮᠡᠨ ᠢ ᠳᠡᠭᠡᠳᠦᠯᠡᠨ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠪᠠᠨ ᠪᠠᠲᠤ ᠰᠠᠬᠢᠵᠤ᠂ ᠤᠯᠠᠨ | ᠲᠦᠮᠡᠨ ᠤ ᠵᠣᠭᠰᠣᠯᠲᠠ ᠳᠤ ᠵᠣᠭᠰᠣᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠦᠬᠦᠨ ᠢ ᠰᠠᠶᠢᠲᠤᠷ ᠬᠢᠬᠦ ᠳᠡᠭᠡᠷ᠎ᠡ ᠢᠯᠡᠷᠡᠭᠦᠯᠵᠦ᠂ | ᠬᠥᠮᠥᠨ ᠤ ᠪᠠᠶᠢᠳᠠᠯ ᠬᠡᠷᠡᠭ ᠶᠠᠪᠤᠳᠠᠯ ᠤᠨ ᠪᠠᠶᠢᠳᠠᠯ ᠳᠤᠨᠢ ᠲᠣᠬᠢᠷᠠᠭᠤᠯᠤᠨ ︽ᠰᠤᠳᠠᠯ ᠪᠠᠷᠢᠵᠤ ᠵᠣᠷ ᠪᠢᠴᠢᠬᠦ︾᠂ | ᠬᠠᠤᠯᠢ ᠲᠣᠭᠲᠠᠭᠠᠯ ᠶᠣᠰᠣᠭᠠᠷ᠂ ᠵᠦᠢ ᠵᠣᠬᠢᠰᠲᠠᠢ ᠪᠠᠷ ᠤᠯᠠᠨ ᠲᠦᠮᠡᠨ ᠢ ᠬᠠᠪᠰᠤᠷᠤᠨ ᠠᠰᠠᠭᠤᠳᠠᠯ ᠢ | ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠠᠵᠢᠯ ᠢ ᠦᠨᠡᠨᠬᠦ ᠤᠯᠠᠨ ᠲᠦᠮᠡᠨ ᠤ ᠰᠡᠳᠬᠢᠯ ᠳᠤ ᠬᠦᠷᠲᠡᠯ᠎ᠡ ᠬᠢᠬᠦ | ᠬᠡᠷᠡᠭᠲᠡᠢ ᠭᠡᠵᠡᠢ᠃ | ᠲᠤᠰ ᠡᠳᠦᠷ᠂ ᠾᠧ ᠬᠠᠢ ᠳ᠋ᠦᠩ ᠤᠷᠢᠳ ᠬᠤᠵᠢᠳ ᠲᠠᠪᠤᠨ ᠪᠦᠯᠦᠭ ᠰᠤᠷᠪᠤᠯᠵᠢᠯᠠᠬᠤ ᠪᠠᠷ ᠢᠷᠡᠭᠰᠡᠨ | ᠣᠯᠠᠨ ᠲᠦᠮᠡᠨ ᠢ ᠬᠦᠯᠢᠶᠡᠨ ᠠᠪᠴᠤ ᠠᠭᠤᠯᠵᠠᠪᠠ᠃ ᠰᠣᠷᠪᠤᠯᠵᠢᠯᠠᠭ᠎ᠠ ᠶᠢ ᠬᠦᠯᠢᠶᠡᠨ ᠠᠪᠬᠤ ᠳᠤᠮᠳᠠ᠂ ᠾᠧ ᠬᠠᠢ | ᠳ᠋ᠦᠩ ᠰᠣᠨᠣᠰᠬᠤ ᠶᠢᠨ ᠳᠠᠭᠠᠤ ᠲᠡᠮᠳᠡᠭᠯᠡᠯ ᠬᠢᠵᠦ᠂ ᠮᠠᠲ᠋ᠧᠷᠢᠶᠠᠯ ᠢ ᠨᠠᠷᠢᠨ ᠬᠢᠨᠠᠮᠠᠭᠠᠢ ᠤᠷᠪᠠᠭᠤᠯᠤᠨ ᠦᠵᠡᠵᠦ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠬᠠᠮᠲᠤᠪᠠᠷ ᠰᠢᠢᠳᠪᠦᠷᠢᠯᠡᠬᠦ ᠠᠷᠭ᠎ᠠ ᠶᠢ | ᠰᠤᠳᠤᠯᠵᠠᠢ᠃ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠳᠤ ᠴᠢᠭᠯᠡᠭᠦᠯᠦᠨ᠂ ᠬᠤᠯᠪᠣᠭᠳᠠᠯ ᠪᠦᠬᠦᠢ | ᠬᠠᠷᠢᠭᠤᠴᠠᠯᠭᠠᠲᠤ ᠨᠢᠭᠡᠴᠡ ᠳᠤ ᠬᠤᠭᠤᠴᠠᠭ᠎ᠠ ᠲᠣᠭᠲᠠᠭᠠᠨ ᠪᠣᠳᠠᠲᠠᠢ ᠰᠢᠢᠳᠪᠦᠷᠢᠯᠡᠬᠦ ᠶᠢ ᠳᠠᠭᠠᠭᠠᠯᠭᠠᠪᠠ᠃ | ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠬᠠᠷᠢᠭᠤ ᠥᠭᠭᠦᠭᠰᠡᠨ ᠰᠠᠨᠠᠯ ᠳᠤ ᠰᠡᠳᠬᠢᠯ ᠬᠠᠨᠤᠮᠵᠢᠲᠠᠢ | ᠪᠠᠶᠢᠬᠤ ᠪᠠᠨ ᠢᠯᠡᠳᠬᠡᠪᠡ᠃ | ᠾᠧ ᠬᠠᠢ ᠳ᠋ᠦᠩ ᠵᠢᠭᠠᠵᠤ ᠭᠠᠷᠭᠠᠭᠰᠠᠨ ᠨᠢ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠪᠣᠯ ᠨᠠᠮ ᠪᠠ | ᠵᠠᠰᠠᠭ ᠤᠨ ᠣᠷᠳᠣᠨ ᠤ ᠠᠷᠠᠳ ᠣᠯᠠᠨ ᠯᠤᠭ᠎ᠠ ᠶᠢᠨ ᠬᠠᠷᠢᠯᠴᠠᠭ᠎ᠠ ᠶᠢ ᠨᠢᠭᠲᠠᠷᠠᠭᠤᠯᠬᠤ ᠣᠨᠴᠠᠭᠠᠶ ᠬᠥᠭᠦᠷᠭᠡ ᠪᠠ | ᠬᠤᠯᠪᠣᠭᠠᠰᠤ ᠮᠥᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠬᠤ ᠪᠠ ᠵᠠᠰᠠᠭ ᠤᠨ ᠶᠠᠪᠤᠳᠠᠯ ᠳᠤ | ᠣᠯᠵᠤ ᠠᠯᠳᠠᠭᠰᠠᠨ ᠢ ᠣᠶᠢᠯᠠᠭᠠᠬᠤ ᠴᠢᠬᠤᠯᠠ ᠴᠣᠩᠬᠤ ᠮᠥᠨ ᠭᠡᠵᠡᠢ᠃ ᠲᠡᠷᠡ ᠱᠠᠭᠠᠷᠳᠠᠬᠤ ᠳᠠᠭᠠᠨ᠂ ᠤᠯᠠᠨ | ᠲᠦᠮᠡᠨ ᠤ ᠵᠣᠭᠰᠣᠯᠲᠠ ᠠᠴᠠ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠵᠢᠯ ᠢ ᠠᠳᠬᠤᠬᠤ ᠳᠠᠭᠠᠨ ᠴᠢᠳᠠᠮᠠᠭᠠᠢ | ᠪᠠᠶᠢᠵᠤ᠂ ᠤᠯᠠᠨ ᠲᠦᠮᠡᠨ ᠤ ᠰᠡᠳᠬᠢᠯ ᠤᠨ ᠦᠭᠡ ᠶᠢ ᠨᠠᠷᠢᠨ ᠬᠢᠨᠠᠮᠠᠭᠠᠢ ᠰᠣᠨᠣᠰᠴᠤ᠂ ᠤᠯᠠᠨ ᠲᠦᠮᠡᠨ ᠤ ᠰᠠᠨᠠᠯ ᠢ | ᠴᠤᠭᠯᠠᠭᠤᠯᠬᠤ ᠠᠷᠭ᠎ᠠ ᠵᠠᠮ ᠢ ᠰᠢᠯᠤᠭᠤᠳᠬᠠᠵᠤ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ | ᠪᠦᠬᠦ ᠬᠦᠴᠦᠨ ᠴᠢᠳᠠᠯ ᠢᠶᠠᠷ ᠢᠶᠠᠨ ᠰᠢᠢᠳᠪᠦᠷᠢᠯᠡᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ | ᠦᠨᠡᠨᠬᠦ ᠬᠠᠮᠠᠭᠠᠯᠠᠬᠤ ᠬᠡᠷᠡᠭᠲᠡᠢ᠃ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠪᠡᠶ᠎ᠡ ᠪᠠᠨ ᠪᠥᠬᠦᠶᠢᠨ ᠰᠡᠳᠬᠢᠯ ᠢᠶᠠᠨ | ᠲᠦᠪᠯᠡᠷᠡᠭᠦᠯᠦᠨ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠨᠡᠶᠢᠭᠡᠮ ᠤᠨ ᠪᠠᠶᠢᠳᠠᠯ | ᠠᠷᠠᠳ ᠤᠨ ᠰᠠᠨᠠᠭ᠎ᠠ ᠶᠢ ᠣᠶᠢᠯᠠᠭᠠᠵᠤ᠂ ᠤᠯᠠᠨ ᠲᠦᠮᠡᠨ ᠤ ᠰᠤᠷᠪᠤᠯᠵᠢᠯᠠᠬᠤ ᠪᠠᠷ ᠢᠷᠡᠭᠰᠡᠨ ᠠᠰᠠᠭᠤᠳᠠᠯ ᠢ ᠦᠨᠡᠨᠬᠦ | ᠰᠢᠢᠳᠪᠦᠷᠢᠯᠡᠵᠦ᠂ ︽ᠠᠷᠠᠳ ᠲᠦᠮᠡᠨ ᠤ ᠬᠦᠴᠢᠷᠳᠡᠯ ᠢ ᠰᠢᠢᠳᠪᠦᠷᠢᠯᠡᠬᠦ︾ ᠶᠢ ᠪᠣᠳᠠᠲᠠᠢ ᠠᠵᠢᠯᠯᠠᠭ᠎ᠠ ᠳᠡᠭᠡᠷ᠎ᠡ ᠪᠠᠨ | ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ | ᠰᠠᠶᠢᠲᠤᠷ ᠮᠥᠷᠳᠡᠨ ᠱᠠᠯᠠᠪᠳᠠᠭᠤᠯᠤᠨ ᠭᠦᠢᠴᠡᠳᠬᠡᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠲᠡᠭᠦᠯᠳᠡᠷᠵᠢᠭᠦᠯᠵᠦ᠂ ᠤᠴᠢᠷ ᠪᠦᠬᠦᠨ ᠳᠤ ᠬᠠᠷᠢᠭᠤᠯᠲᠠ ᠥᠭᠴᠦ᠂ ᠶᠠᠪᠤᠳᠠᠯ ᠪᠦᠬᠦᠨ ᠳᠤ ᠬᠠᠷᠢᠭᠤ ᠥᠭᠴᠦ᠂ | ᠵᠠᠰᠠᠭ ᠤᠨ ᠣᠷᠳᠣᠨ ᠤ ᠦᠢᠯᠡᠴᠢᠯᠡᠭᠡᠨ ᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠡᠢ᠃ | ᠲᠦᠮᠡᠳ ᠵᠡᠭᠦᠨ ᠬᠤᠰᠢᠭᠤ᠂ ᠰᠢᠨ᠎ᠡ ᠬᠤᠳᠠ ᠲᠣᠭᠤᠷᠢᠭ᠂ ᠬᠤᠳᠠ ᠶᠢᠨ ᠰᠣᠶᠣᠯ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠰᠣᠷᠪᠤᠯᠵᠢᠯᠠᠭ᠎ᠠ ᠶᠢ ᠬᠦᠯᠢᠶᠡᠨ ᠠᠪᠬᠤ ᠳᠤ ᠣᠷᠣᠯᠴᠠᠪᠠ᠃ |