ᠮᠠᠨ ᠤ ᠬᠤᠲᠠ ᠶᠢᠨ ᠠᠨᠠᠭᠠᠬᠤ ᠤᠬᠠᠭᠠᠨ ᠤ ᠵᠢᠷᠤᠭ ᠳᠦᠷᠰᠦ ᠶᠢᠨ ᠪᠠᠶᠢᠴᠠᠭᠠᠯᠲᠠ ᠶᠢᠨ ᠦᠨ᠎ᠡ ᠪᠠᠭᠤᠷᠠᠪᠠ
ᠨᠡᠶᠢᠲᠡᠯᠡᠭᠰᠡᠨ ᠴᠠᠭ᠄
2023/5/11
      ︵ᠰᠤᠷᠪᠤᠯᠵᠢᠯᠠᠭᠴᠢ ᠯᠢᠶᠠᠩ ᠵᠢᠩ ᠱᠤ᠋︶ 5 ᠳ᠋ᠤᠭᠠᠷ ᠰᠠᠷ᠎ᠠ ᠶᠢᠨ 10 ᠤ ᠡᠳᠦᠷ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠪᠡᠳᠴᠢᠲᠡᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠶᠢᠨ ᠲᠥᠯᠥᠭᠡ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠵᠢᠷᠤᠭ ᠳᠦᠷᠰᠦ ᠶᠢᠨ ᠲᠥᠷᠥᠯ ᠤᠨ ᠡᠮᠴᠢᠯᠡᠭᠡᠨ ᠤ ᠦᠢᠯᠡᠴᠢᠯᠡᠭᠡᠨ ᠤ ᠵᠦᠢᠯ ᠤᠨ ᠦᠨ᠎ᠡ ᠬᠠᠩᠰᠢ ᠶᠢ ᠵᠢᠷᠤᠮᠵᠢᠭᠤᠯᠤᠨ ᠲᠣᠬᠢᠷᠠᠭᠤᠯᠬᠤ ᠲᠤᠬᠠᠢ ᠬᠠᠮᠢᠶ᠎ᠠ ᠪᠦᠬᠦᠢ ᠠᠵᠢᠯ ᠢ ᠢᠳᠡᠪᠬᠢᠲᠡᠢ ᠨᠠᠶᠢᠳᠠᠪᠤᠷᠢᠵᠢᠭᠤᠯᠵᠤ᠂ ᠡᠩ ᠤᠨ ᠡᠮᠴᠢᠯᠡᠭᠡᠨ ᠤ ᠦᠢᠯᠡᠴᠢᠯᠡᠭᠡ᠂ ᠵᠢᠷᠤᠭ ᠳᠦᠷᠰᠦ ᠶᠢᠨ ᠲᠥᠷᠥᠯ ᠤᠨ ᠡᠮᠴᠢᠯᠡᠭᠡᠨ ᠤ ᠦᠢᠯᠡᠴᠢᠯᠡᠭᠡᠨ ᠤ ᠵᠦᠢᠯ ᠤᠨ 206 ᠵᠦᠢᠯ ᠳᠤ ᠲᠣᠬᠢᠷᠠᠭᠤᠯᠤᠯᠲᠠ ᠬᠢᠬᠦ ᠶᠢᠨ ᠬᠠᠮᠲᠤ 161 ᠵᠦᠢᠯ ᠢ ᠥᠷᠭᠡᠳᠬᠡᠨ ᠲᠣᠬᠢᠷᠠᠭᠤᠯᠤᠯᠲᠠ ᠬᠢᠪᠡ᠃      ᠣᠶᠢᠯᠠᠭᠠᠭᠰᠠᠨ ᠢᠶᠠᠷ᠂ ᠡᠭᠦᠨ ᠳᠤ X ᠰᠠᠴᠤᠷᠠᠭ᠂ CT᠂ ᠰᠣᠷᠢᠨᠵᠢᠨ ᠳᠠᠷᠪᠢᠯᠲᠠ ᠶᠢᠨ ᠴᠢᠩᠭᠠᠷᠠᠭᠤᠯᠤᠭᠰᠠᠨ ᠳᠦᠷᠰᠦ ᠪᠦᠲᠦᠭᠡᠬᠦ ᠵᠡᠷᠭᠡ ᠠᠨᠠᠭᠠᠬᠤ ᠤᠬᠠᠭᠠᠨ ᠤ ᠵᠢᠷᠤᠭ ᠳᠦᠷᠰᠦ ᠶᠢᠨ ᠦᠢᠯᠡᠴᠢᠯᠡᠭᠡᠨ ᠤ ᠦᠨ᠎ᠡ ᠨᠡᠯᠢᠶᠡᠳ ᠶᠡᠭᠡ ᠬᠡᠮᠵᠢᠶ᠎ᠡ ᠪᠠᠷ ᠪᠠᠭᠤᠷᠠᠪᠠ᠂ ᠵᠢᠱᠢᠶᠡᠯᠡᠪᠡᠯ ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠴᠡᠭᠡᠵᠢᠨ ᠬᠡᠰᠡᠭ ᠤᠨ X ᠰᠠᠴᠤᠷᠠᠭ ᠤᠨ ᠦᠨ᠎ᠡ ᠶᠢ 35 ᠲᠥᠭᠦᠷᠢᠭ ᠪᠠᠶᠢᠭᠰᠠᠨ ᠠᠴᠠ 25 ᠲᠥᠭᠦᠷᠢᠭ ᠪᠣᠯᠭᠠᠨ ᠲᠣᠬᠢᠷᠠᠭᠤᠯᠪᠠ︔ ᠲᠣᠯᠣᠭᠠᠢ ᠶᠢᠨX ᠰᠠᠴᠤᠷᠠᠭ ᠤᠨ ᠺᠣᠮᠫᠢᠦ᠋ᠲ᠋ᠧᠷ ᠤᠨ ᠳᠠᠪᠬᠤᠷᠭ᠎ᠠ ︵CT︶ ᠶᠢᠨ ᠲᠡᠭᠰᠢ ᠰᠢᠷᠪᠢᠯᠲᠡ ᠶᠢᠨ ᠦᠨ᠎ᠡ ᠶᠢ 260 ᠲᠥᠭᠦᠷᠢᠭ ᠪᠠᠶᠢᠭᠰᠠᠨ ᠠᠴᠠ 200 ᠲᠥᠭᠦᠷᠢᠭ ᠪᠣᠯᠭᠠᠨ ᠲᠣᠬᠢᠷᠠᠭᠤᠯᠪᠠ︔ ᠪᠦᠬᠦ ᠨᠢᠷᠤᠭᠤᠨ ᠤ X ᠰᠠᠴᠤᠷᠠᠭ ᠤᠨ ᠺᠣᠮᠫᠢᠦ᠋ᠲ᠋ᠧᠷ ᠤᠨ ᠳᠠᠪᠬᠤᠷᠭ᠎ᠠ ︵CT︶ ᠶᠢᠨ ᠴᠢᠩᠭᠠᠷᠠᠭᠤᠯᠤᠭᠰᠠᠨ ᠰᠢᠷᠪᠢᠯᠲᠡ ᠶᠢᠨ ᠦᠨ᠎ᠡ ᠶᠢ 1500 ᠲᠥᠭᠦᠷᠢᠭ ᠪᠠᠶᠢᠭᠰᠠᠨ ᠠᠴᠠ 1125 ᠲᠥᠭᠦᠷᠢᠭ ᠪᠣᠯᠭᠠᠨ ᠲᠣᠬᠢᠷᠠᠭᠤᠯᠪᠠ︔ ᠲᠢᠲᠢᠮ ᠰᠤᠳᠠᠯ ᠤᠨ ᠰᠣᠷᠢᠨᠵᠢᠨ ᠳᠠᠷᠪᠢᠯᠲᠠ ᠪᠠᠷ ᠳᠦᠷᠰᠦ ᠪᠦᠲᠦᠭᠡᠬᠦ ᠦᠨ᠎ᠡ ᠶᠢ 920 ᠲᠥᠭᠦᠷᠢᠭ ᠪᠠᠶᠢᠭᠰᠠᠨ ᠠᠴᠠ 708 ᠲᠥᠭᠦᠷᠢᠭ ᠪᠣᠯᠭᠠᠨ ᠲᠣᠬᠢᠷᠠᠭᠤᠯᠪᠠ᠃ ᠲᠣᠰ ᠤᠳᠠᠭᠠᠨ ᠤ ᠲᠣᠬᠢᠷᠠᠭᠤᠯᠤᠯᠲᠠ ᠨᠢ ᠡᠪᠡᠳᠴᠢᠲᠡᠨ ᠤ ᠪᠠᠶᠢᠴᠠᠭᠠᠯᠲᠠ ᠶᠢᠨ ᠵᠠᠷᠤᠳᠠᠯ ᠢ ᠶᠡᠭᠡ ᠬᠡᠮᠵᠢᠶ᠎ᠡ ᠪᠠᠷ ᠪᠠᠭᠤᠷᠠᠭᠤᠯᠵᠤ᠂ ᠡᠪᠡᠳᠴᠢᠲᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号