︵ᠰᠤᠷᠪᠤᠯᠵᠢᠯᠠᠭᠴᠢ ᠯᠢᠦᠢ ᠬᠤᠶ ᠱᠧᠩ︶ ᠣᠶᠢᠷ᠎ᠠ ᠳᠤ᠂ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠸᠠᠩ ᠭᠦᠸᠧ | ᠬᠤᠸᠠ ᠪᠦᠯᠬᠦᠮ ᠳᠠᠭᠠᠭᠤᠯᠤᠨ᠂ ᠬᠡᠰᠡᠭ ᠬᠤᠰᠢᠭᠤ ᠰᠢᠶᠠᠨ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠤᠨ ᠪᠡᠭᠡᠵᠢᠩ᠂ ᠲᠢᠶᠠᠨᠵᠢᠨ ᠳᠤ ᠬᠦᠷᠴᠦ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠥᠷᠨᠢᠭᠦᠯᠪᠡ᠃ | ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠪᠦᠬᠦ ᠤᠯᠤᠰ ᠤᠨ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠶᠢ ᠰᠤᠷᠪᠤᠯᠵᠢᠯᠠᠵᠤ᠂ ᠮᠠᠨ ᠤ ᠬᠤᠳᠠ ᠶᠢᠨ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ᠂ ︽ᠬᠤᠶᠠᠷ ᠡᠷᠡᠭᠦᠯ︾ ᠬᠥᠭᠵᠢᠯᠲᠡ ᠶᠢ ᠠᠬᠢᠭᠤᠯᠬᠤ ᠠᠵᠢᠯ ᠤᠨ ᠠᠷᠭ᠎ᠠ | ᠬᠡᠮᠵᠢᠶ᠎ᠡ ᠶᠢ ᠬᠠᠷᠢᠭᠤ ᠮᠡᠳᠡᠭᠦᠯᠬᠦ ᠶᠢᠨ ᠬᠠᠮᠲᠤ ᠮᠠᠨ ᠤ ᠬᠤᠳᠠ ᠶᠢᠨ ᠪᠦᠬᠦ ᠤᠯᠤᠰ ᠤᠨ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠶᠢᠨ ᠠᠵᠢᠯ ᠤᠨ ᠪᠠᠶᠢᠷᠢᠯᠠᠭᠤᠯᠤᠯᠲᠠ ᠪᠣᠯᠣᠨ ᠣᠷᠣᠨ ᠪᠦᠰᠡ ᠶᠢᠨ ᠠᠵᠤ ᠠᠬᠤᠢ ᠶᠢᠨ | ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠢ ᠠᠭᠤᠰᠤᠯᠴᠠᠬᠤ ᠵᠣᠷᠢᠭ ᠢᠶᠠᠨ ᠢᠯᠡᠳᠬᠡᠪᠡ᠃ | ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠢᠴᠢ ᠥᠪᠡᠷᠲᠡᠭᠡᠨ ᠵᠠᠰᠠᠬᠤ ᠣᠷᠣᠨ ᠤ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠠᠨᠢᠯᠴᠠᠭᠤᠯᠭ᠎ᠠ ᠪᠠᠷ᠂ ᠬᠤᠳᠠ ᠶᠢᠨ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠶᠢᠨ ᠬᠢᠨ ᠪᠡᠭᠡᠵᠢᠩ ᠲᠢᠶᠠᠨᠵᠢᠨ ᠣᠷᠣᠨ ᠤ ᠤᠯᠠᠨ ᠬᠤᠳᠠᠯᠳᠤᠭᠠᠴᠢᠳ ᠤᠨ ᠨᠡᠶᠢᠭᠡᠮᠯᠢᠭ | ᠪᠣᠯᠣᠨ ᠠᠵᠤ ᠠᠬᠤᠶᠢᠯᠠᠯ ᠢ ᠰᠤᠷᠪᠤᠯᠵᠢᠯᠠᠵᠤ᠂ ᠡᠯ᠎ᠡ ᠬᠤᠳᠠᠯᠳᠤᠭᠠᠴᠢᠳ ᠤᠨ ᠨᠡᠶᠢᠭᠡᠮᠯᠢᠭ ᠪᠣᠯᠣᠨ ᠠᠵᠤ | ᠠᠬᠤᠶᠢᠯᠠᠯᠲᠠᠳ ᠲᠤ ᠮᠠᠨ ᠤ ᠬᠤᠳᠠ ᠶᠢᠨ ᠬᠥᠭᠵᠢᠯᠲᠡ ᠶᠢᠨ ᠪᠠᠶᠢᠳᠠᠯ ᠪᠣᠯᠣᠨ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠭᠤᠣᠯᠳᠠᠯᠭ᠎ᠠ ᠲᠠᠢ ᠴᠢᠭᠯᠡᠯ ᠵᠡᠷᠭᠡ ᠠᠭᠤᠯᠭ᠎ᠠ ᠶᠢᠨ ᠲᠠᠯ᠎ᠠ ᠪᠠᠷ ᠲᠠᠨᠢᠯᠴᠠᠭᠤᠯᠬᠤ ᠶᠢᠨ ᠬᠠᠮᠲᠤ ᠬᠤᠶᠠᠷ | ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ ᠢᠶᠠᠨ | ᠰᠣᠯᠢᠯᠴᠠᠵᠤ ᠰᠤᠳᠤᠯᠤᠨ ᠶᠠᠷᠢᠯᠴᠠᠵᠠᠢ᠃ |