︵ᠰᠤᠷᠪᠤᠯᠵᠢᠯᠠᠭᠴᠢ ᠯᠢᠶᠠᠩ ᠵᠢᠩ ᠱᠤ᠋︶ 5 ᠳ᠋ᠤᠭᠠᠷ ᠰᠠᠷ᠎ᠠ ᠶᠢᠨ 13 ᠤ ᠡᠳᠦᠷ᠂ ᠬᠤᠳᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠪᠦᠯᠬᠦᠮ ᠳᠠᠭᠠᠭᠤᠯᠤᠨ ᠱᠠᠨᠳᠦ᠋ᠩ ᠤᠨ | ᠵᠢᠨᠢᠩ ᠳᠤ ᠬᠦᠷᠴᠦ ᠱᠠᠨᠳᠦ᠋ᠩ ᠤᠨ ᠴᠤᠸᠠᠩ ᠰᠢᠶᠠᠩ ᠪᠦᠯᠦᠭᠯᠡᠯ ᠤᠨ ᠬᠢᠵᠠᠭᠠᠷᠲᠤ ᠺᠣᠮᠫᠠᠨᠢ ᠶᠢ ᠰᠤᠷᠪᠤᠯᠵᠢᠯᠠᠵᠤ | ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢᠦ ᠳ᠋ᠧ ᠰᠢᠶᠠᠩ ᠲᠠᠢ ᠶᠠᠷᠢᠯᠴᠠᠵᠤ᠂ ᠬᠤᠶᠠᠷ ᠲᠠᠯ᠎ᠠ ᠪᠠᠷ ᠢᠶᠠᠨ | ᠰᠢᠩᠭᠡᠨ ᠴᠢᠯᠠᠭᠤᠨ ᠲᠤᠰᠤᠨ ᠤ ᠬᠡᠢ᠂ ᠰᠢᠩᠭᠡᠨ ᠪᠠᠶᠢᠭᠠᠯᠢ ᠶᠢᠨ ᠰᠢᠲᠠᠮᠠᠬᠠᠢ ᠬᠡᠢ ᠶᠢ ᠭᠠᠳᠠᠭᠠᠳᠤ ᠠᠴᠠ ᠣᠷᠣᠭᠤᠯᠬᠤ | ᠂ ᠪᠠᠯ ᠴᠢᠯᠠᠭᠤᠨ ᠠᠯᠺᠧᠨ ᠢ ᠠᠵᠤ ᠦᠢᠯᠡᠰᠵᠢᠭᠦᠯᠬᠦ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠪᠠ᠃ | ᠾᠧ ᠬᠠᠢ ᠳ᠋ᠦᠩ ᠰᠠᠭᠤᠳᠠᠯ ᠤᠨ ᠬᠤᠷᠠᠯ ᠳᠡᠭᠡᠷ᠎ᠡ᠂ ᠬᠥᠬᠡᠬᠤᠲᠠ ᠪᠣᠯ ᠬᠥᠬᠡᠬᠤᠲᠠ ᠪᠤᠭᠤᠲᠤ ᠢᠷᠭᠠᠢ | ᠲᠡᠮᠡᠭᠡᠲᠦ ᠶᠢᠨ ᠠᠵᠤ ᠠᠬᠤᠢ ᠶᠢᠨ ᠲᠣᠭᠤᠷᠢᠭ ᠲᠤ ᠤᠷᠢᠳᠠᠪᠠᠷ ᠬᠥᠭᠵᠢᠭᠦᠯᠬᠦ ᠬᠤᠳᠠ᠂ ᠬᠥᠬᠡᠬᠤᠲᠠ ᠪᠤᠭᠤᠲᠤ | ᠣᠷᠳᠣᠰ ᠤᠯᠠᠭᠠᠨᠴᠠᠪ ᠤᠨ ᠬᠤᠳᠠ ᠶᠢᠨ ᠰᠦᠷᠦᠭᠵᠢᠯ ᠤᠨ ᠣᠷᠣᠨ ᠪᠦᠰᠡ ᠶᠢᠨ ᠴᠢᠨᠠᠷᠲᠠᠢ ᠲᠥᠪ ᠬᠤᠳᠠ ᠪᠣᠯᠣᠨ᠎ᠠ᠂ | ᠣᠷᠣᠨ ᠪᠠᠶᠢᠷᠢ ᠶᠢᠨ ᠳᠠᠪᠠᠭᠤᠯᠢᠭ ᠢᠶᠠᠷ ᠢᠯᠡᠷᠬᠡᠢ᠂ ᠵᠠᠮ ᠬᠠᠷᠢᠯᠴᠠᠭ᠎ᠠ ᠲᠦᠭᠦᠮ ᠪᠠᠶᠢᠵᠤ᠂ ᠣᠳᠣᠬᠠᠨ ᠳᠤ | ᠶᠡᠷᠦᠩᠬᠡᠢ ᠬᠡᠯᠲᠡᠰ ᠤᠨ ᠠᠵᠤ ᠠᠬᠤᠢ ᠶᠢ ᠶᠡᠬᠡᠪᠡᠷ ᠬᠥᠭᠵᠢᠭᠦᠯᠵᠦ ᠪᠤᠢ᠂ ᠴᠤᠸᠠᠩ ᠰᠢᠶᠠᠩ ᠪᠦᠯᠦᠭᠯᠡᠯ ᠤᠨ | ᠬᠥᠬᠡᠬᠤᠲᠠ ᠳᠤ ᠨᠠᠶᠢᠳᠠᠪᠤᠷᠢᠵᠢᠭᠤᠯᠤᠭᠰᠠᠨ ᠲᠦᠷᠦᠯ ᠵᠦᠢᠯ ᠶᠠᠭ ᠴᠠᠭ ᠲᠠᠭᠠᠨ ᠲᠣᠬᠢᠷᠠᠵᠠᠢ᠃ ᠴᠤᠸᠠᠩ ᠰᠢᠶᠠᠩ | ᠪᠦᠯᠦᠭᠯᠡᠯ ᠤᠨ ᠬᠢᠨ ᠰᠢᠩᠭᠡᠨ ᠴᠢᠯᠠᠭᠤᠨ ᠲᠤᠰᠤᠨ ᠤ ᠬᠡᠢ᠂ ᠰᠢᠩᠭᠡᠨ ᠪᠠᠶᠢᠭᠠᠯᠢ ᠶᠢᠨ ᠰᠢᠲᠠᠮᠠᠬᠠᠢ ᠬᠡᠢ ᠶᠢ | ᠭᠠᠳᠠᠭᠠᠳᠤ ᠠᠴᠠ ᠣᠷᠣᠭᠤᠯᠬᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢᠨ ᠬᠠᠮᠲᠤ᠂ ᠪᠠᠯ ᠴᠢᠯᠠᠭᠤᠨ ᠠᠯᠺᠧᠨ ᠤ | ᠠᠵᠤ ᠦᠢᠯᠡᠰ ᠤᠨ ᠲᠣᠭᠤᠷᠢᠨ ᠳᠤ ᠲᠦᠷᠦᠯ ᠵᠦᠢᠯ ᠢ ᠲᠥᠯᠥᠪᠵᠢᠭᠦᠯᠵᠦ᠂ ᠵᠡᠷᠭᠡᠪᠡᠷ ᠨᠠᠶᠢᠳᠠᠪᠤᠷᠢᠵᠢᠭᠤᠯᠬᠤ ᠪᠠᠷ | ᠴᠢᠷᠮᠠᠶᠢᠬᠤ ᠶᠢ ᠬᠦᠰᠡᠵᠦ ᠪᠠᠶᠢᠨ᠎ᠠ ᠭᠡᠵᠡᠢ᠃ | ᠯᠢᠦ ᠳ᠋ᠧ ᠰᠢᠶᠠᠩ ᠢᠯᠡᠷᠬᠡᠶᠢᠯᠡᠬᠦ ᠳᠡᠭᠡᠨ᠂ ᠬᠥᠬᠡᠬᠤᠲᠠ ᠶᠢᠨ ᠪᠡᠯᠡ ᠣᠷᠤᠭᠤᠯᠤᠯᠲᠠ ᠶᠢᠨ ᠣᠷᠴᠢᠨ ᠨᠥᠬᠦᠴᠡᠯ | ᠰᠠᠶᠢᠨ᠂ ᠶᠡᠷᠦᠩᠬᠡᠶᠢᠯᠡᠭᠰᠡᠨ ᠳᠠᠪᠠᠭᠤᠯᠢᠭ ᠮᠡᠳᠡᠭᠳᠡᠮ᠎ᠡ ᠪᠠᠶᠢᠨ᠎ᠠ᠂ ᠺᠣᠮᠫᠠᠨᠢ ᠠᠴᠠ ᠲᠤᠰ ᠪᠡᠶ᠎ᠡ ᠶᠢᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠤ᠂ ᠬᠥᠬᠡᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ | ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠡᠢ᠃ |