︵ᠰᠤᠷᠪᠤᠯᠵᠢᠯᠠᠭᠴᠢ ᠯᠢᠦ ᠱᠠ ᠱᠠ︶ 5 ᠳ᠋ᠤᠭᠠᠷ ᠰᠠᠷ᠎ᠠ ᠶᠢᠨ 12 ᠤᠨ ᠡᠳᠦᠷ᠂ ᠪᠦᠬᠦ ᠬᠤᠳᠠ ᠶᠢᠨ | ᠳᠠᠩᠰᠠ ᠡᠪᠬᠡᠮᠡᠯ ᠤᠨ ᠠᠵᠢᠯ ᠤᠨ ᠬᠤᠷᠠᠯ ᠬᠤᠷᠠᠯᠳᠤᠵᠤ᠂ 2022 ᠣᠨ ᠤ ᠳᠠᠩᠰᠠ ᠡᠪᠬᠡᠮᠡᠯ ᠤᠨ ᠠᠵᠢᠯ ᠢ | ᠳ᠋ᠦᠩᠨᠡᠵᠦ᠂ 2023 ᠣᠨ ᠤ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠵᠤ᠂ ᠬᠤᠯᠪᠣᠭᠳᠠᠯ ᠪᠦᠬᠦᠢ | ᠪᠠᠶᠢᠭᠤᠯᠤᠯᠭ᠎ᠠ ᠲᠤᠷᠰᠢᠯᠭ᠎ᠠ ᠪᠠᠨ ᠰᠣᠯᠢᠯᠴᠠᠪᠠ᠃ | ᠬᠤᠷᠠᠯ ᠠᠴᠠ᠂ 2022 ᠣᠨ ᠳᠤ ᠪᠦᠬᠦ ᠬᠤᠳᠠ ᠶᠢᠨ ᠲᠠᠩᠰᠠ ᠡᠪᠬᠡᠮᠡᠯ ᠤᠨ ᠰᠠᠯᠠᠭ᠎ᠠ ᠮᠥᠴᠢᠷ ᠤᠨ ᠬᠢᠨ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ | ᠲᠦᠷᠪᠡᠨ ᠰᠠᠶᠢᠨ︾᠂ ︽ᠬᠤᠶᠠᠷ ᠦᠢᠯᠡᠴᠢᠯᠡᠭᠡ︾ ᠶᠢᠨ ᠬᠠᠷᠠᠯᠲᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠪᠦᠬᠦ | ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠪᠦᠬᠦ | ᠬᠤᠳᠠ ᠶᠢᠨ ᠲᠠᠩᠰᠠ ᠡᠪᠬᠡᠮᠡᠯ ᠤᠨ ᠦᠢᠯᠡᠰ ᠤᠨ ᠬᠥᠭᠵᠢᠯᠲᠡ ᠳᠤ ᠰᠢᠨ᠎ᠡ ᠠᠬᠢᠴᠠ ᠰᠢᠨ᠎ᠡ ᠦᠷ᠎ᠡ ᠪᠦᠲᠦᠮᠵᠢ | ᠣᠯᠬᠤ ᠶᠢ ᠯᠠᠪᠳᠠᠭᠤᠨ ᠪᠠᠲᠤᠲᠠᠢ ᠠᠬᠢᠭᠤᠯᠪᠠ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠪᠦᠬᠦ ᠬᠤᠲᠠ ᠶᠢᠨ ᠳᠠᠩᠰᠠ ᠡᠪᠬᠡᠮᠡᠯ ᠤᠨ ᠰᠠᠯᠠᠭ᠎ᠠ ᠮᠥᠴᠢᠷ ᠤᠨ ᠬᠢᠨ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠭᠤᠣᠯ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠩᠰᠠ ᠡᠪᠬᠡᠮᠡᠯ ᠤᠨ ᠠᠷᠠᠳ | ᠲᠦᠮᠡᠨ ᠳᠤ ᠦᠢᠯᠡᠴᠢᠯᠡᠬᠦ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠂ ᠬᠠᠤᠯᠢ ᠶᠣᠰᠣᠭᠠᠷ ᠲᠠᠩᠰᠠ ᠡᠪᠬᠡᠮᠡᠯ ᠢ | ᠬᠠᠮᠢᠶᠠᠷᠴᠤ ᠲᠠᠩᠰᠠ ᠡᠪᠬᠡᠮᠡᠯ ᠢ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠲᠠᠩᠰᠠ ᠡᠪᠬᠡᠮᠡᠯ ᠤᠨ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠪᠠ ᠲᠠᠩᠰᠠ ᠡᠪᠬᠡᠮᠡᠯ ᠤᠨ ᠠᠶᠤᠯᠭᠦᠢ ᠶᠢ ᠰᠠᠶᠢᠲᠤᠷ ᠠᠳᠬᠤᠵᠤ᠂ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠤᠲᠠᠭᠳᠠᠯ ᠢ ᠨᠥᠬᠦᠪᠦᠷᠢᠯᠡᠵᠦ᠂ ᠲᠠᠩᠰᠠ ᠡᠪᠬᠡᠮᠡᠯ ᠤᠨ ᠲᠤᠰᠬᠠᠢ | ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠲᠠᠩᠰᠠ ᠡᠪᠬᠡᠮᠡᠯ ᠤᠨ ᠠᠵᠢᠯ ᠤᠨ | ᠲᠡᠦᠬᠡ ᠶᠢ ᠬᠠᠳᠠᠭᠠᠯᠠᠵᠤ ᠵᠠᠰᠠᠭ ᠲᠤ ᠲᠤᠰᠠᠯᠠᠵᠤ ᠬᠥᠮᠥᠨ ᠢ ᠬᠥᠮᠥᠵᠢᠭᠦᠯᠬᠦ ᠴᠢᠬᠤᠯᠠ ᠦᠢᠯᠡᠳᠦᠯ ᠢ ᠦᠨᠡᠨᠬᠦ | ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠡᠢ᠃ |