︵ᠰᠤᠷᠪᠤᠯᠵᠢᠯᠠᠭᠴᠢ ᠮᠢᠶᠣᠣ ᠰᠢᠨ︶ ᠡᠨᠡ ᠵᠢᠯ ᠤᠨ 5 ᠳ᠋ᠤᠭᠠᠷ ᠰᠠᠷ᠎ᠠ ᠶᠢᠨ 21 ᠤ ᠡᠳᠦᠷ ᠪᠣᠯ ᠭᠤᠴᠢᠨ | ᠭᠤᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠪᠣᠯᠣᠨ᠎ᠠ᠂ ᠠᠵᠢᠯᠯᠠᠭ᠎ᠠ ᠨᠢ ︽ | ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠪᠣᠯᠣᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠵᠦ᠂ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠶ᠎ᠠ︾ | ᠭᠡᠳᠡᠭ ᠢᠶᠠᠷ ᠭᠤᠣᠯ ᠰᠡᠳᠦᠪ ᠪᠣᠯᠭᠠᠨ᠎ᠠ᠃ ᠲᠦᠷᠦᠭᠦᠬᠡᠨ ᠬᠤᠲᠠ ᠶᠢᠨ ᠵᠡᠮᠳᠡᠭᠴᠦᠳ ᠤᠨ ᠬᠤᠯᠪᠣᠭ᠎ᠠ ᠠᠴᠠ | ᠣᠶᠢᠯᠠᠭᠠᠭᠰᠠᠨ ᠢᠶᠠᠷ᠂ ᠮᠠᠨ ᠤ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠵᠡᠮᠳᠡᠭᠴᠦᠳ ᠤᠨ | ᠬᠤᠯᠪᠣᠭ᠎ᠠ ᠶᠢᠨ ᠬᠢᠨ ᠭᠤᠣᠯ ᠰᠡᠳᠦᠪ ᠤᠨ ᠲᠣᠭᠤᠷᠢᠨ ᠳᠤ ᠨᠠᠷᠢᠨ ᠬᠢᠨᠠᠮᠠᠭᠠᠢ ᠠᠷᠭ᠎ᠠ ᠰᠦᠪᠡᠭᠴᠢᠯᠡᠵᠦ᠂ | ᠵᠡᠮᠳᠡᠭᠴᠦᠳ ᠢ ᠲᠤᠰᠠᠯᠠᠬᠤ ᠡᠳᠦᠷ ᠤᠨ ᠡᠯᠪᠡᠭ ᠪᠠᠶᠠᠯᠢᠭ ᠠᠭᠤᠯᠭ᠎ᠠ ᠲᠠᠢ ᠣᠯᠠᠨ ᠶᠠᠩᠵᠤ ᠶᠢᠨ ᠠᠵᠢᠯᠯᠠᠭ᠎ᠠ ᠶᠢ | ᠥᠷᠨᠢᠭᠦᠯᠦᠭᠰᠡᠨ ᠪᠠᠶᠢᠨ᠎ᠠ᠃ | ᠢᠦᠢ ᠴᠢᠤᠸᠠᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠲᠣᠭᠤᠷᠢᠭ ᠤᠨ ᠰᠤᠷᠭᠠᠨ | ᠬᠥᠮᠦᠵᠢᠯ ᠤᠨ ᠲᠣᠪᠴᠢᠶ᠎ᠠ ᠲᠠᠢ ᠬᠠᠮᠲᠤᠷᠠᠨ ᠬᠠᠷᠢᠶ᠎ᠠ ᠣᠷᠣᠨ ᠤ ᠰᠤᠷᠬᠤ ᠨᠠᠰᠤᠨ ᠤ ᠵᠡᠮᠳᠡᠭ ᠬᠡᠦᠬᠡᠳ | ᠪᠠᠭᠠᠴᠤᠳ ᠲᠤ ᠰᠤᠷᠭᠠᠨ ᠬᠥᠮᠥᠵᠢᠯ ᠢ ᠭᠡᠷ ᠲᠤᠨᠢ ᠬᠦᠷᠭᠡᠵᠦ ᠪᠠᠶᠢᠭ᠎ᠠ ᠪᠠᠶᠢᠳᠠᠯ ᠢ ᠭᠡᠷ ᠲᠤ ᠨᠢ ᠬᠦᠷᠴᠦ ᠣᠶᠢᠯᠠᠭᠠᠨ | ᠂ ᠭᠠᠳᠠᠭᠰᠢ ᠭᠠᠷᠬᠤ ᠶᠢᠨ ᠠᠷᠭ᠎ᠠ ᠦᠭᠡᠢ ᠮᠥᠷᠲᠡᠭᠡᠨ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ | ᠬᠦᠰᠡᠯ ᠲᠠᠢ 12 ᠰᠤᠷᠬᠤ ᠨᠠᠰᠤᠨ ᠤ ᠵᠡᠮᠳᠡᠭ ᠬᠡᠦᠬᠡᠳ ᠲᠤ ᠰᠤᠷᠭᠠᠨ ᠬᠥᠮᠥᠵᠢᠯ ᠢ ᠨᠢᠭᠡ ᠳᠤ ᠨᠢᠭᠡ ᠭᠡᠷ ᠲᠤᠨᠢ | ᠬᠦᠷᠭᠡᠬᠦ ᠦᠢᠯᠡᠴᠢᠯᠡᠭᠡᠨ ᠤ ᠠᠵᠢᠯ ᠢ ᠡᠬᠢᠯᠡᠭᠦᠯᠪᠡ᠃ | ᠲᠦᠮᠡᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠠᠴᠠ ᠬᠠᠷᠠᠭ᠎ᠠ ᠮᠠᠭᠤ ᠵᠡᠮᠳᠡᠭᠴᠦᠳ ᠲᠤ | ᠣᠶᠤᠨᠲᠤ ᠳᠠᠭᠤᠨ ᠤ ᠬᠠᠶᠢᠷᠴᠠᠭ ᠲᠦᠭᠡᠭᠡᠪᠡ᠃ ᠵᠡᠮᠳᠡᠭᠴᠦᠳ ᠣᠶᠣᠨᠲᠣ ᠳᠠᠭᠤᠨ ᠤ ᠬᠠᠶᠢᠷᠴᠠᠭ ᠤᠨ ᠠᠪᠢᠶ᠎ᠠ ᠪᠠᠷ | ᠡᠯ᠎ᠡ ᠲᠥᠷᠥᠯ ᠤᠨ ᠠᠮᠢᠳᠤᠷᠠᠯ ᠤᠨ ᠰᠤᠷᠠᠭ ᠵᠠᠩᠭᠢ ᠪᠠ ᠰᠦᠯᠵᠢᠶᠡᠨ ᠤ ᠰᠤᠷᠠᠭ ᠵᠠᠩᠭᠢ ᠶᠢ ᠣᠶᠢᠯᠠᠭᠠᠵᠤ᠂ ᠡᠯᠪᠡᠭ | ᠪᠠᠶᠠᠯᠢᠭ ᠰᠣᠶᠣᠯ ᠤᠨ ᠮᠡᠳᠡᠯᠭᠡ ᠣᠯᠵᠤ ᠪᠣᠯᠬᠤ ᠮᠥᠷᠲᠡᠭᠡᠨ ᠣᠶᠣᠨᠲᠣ ᠳᠠᠭᠤᠨ ᠤ ᠬᠠᠶᠢᠷᠴᠠᠭ ᠢᠶᠠᠷ ᠣᠶᠣᠨᠲᠣ | ᠭᠡᠷ ᠤᠨ ᠴᠠᠬᠢᠯᠭᠠᠨ ᠬᠡᠷᠡᠭᠰᠡᠯ ᠢ ᠡᠵᠡᠮᠳᠡᠵᠦ᠂ ᠨᠠᠩ ᠲᠥᠬᠦᠮ ᠠᠮᠢᠳᠤᠷᠠᠯ ᠢ ᠡᠳ᠋ᠯᠡᠵᠦ ᠪᠣᠯᠣᠨ᠎ᠠ᠃ | ᠴᠢᠩ ᠱᠦᠢ ᠾᠧ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠰᠢᠶᠠᠨ ᠤ ᠪᠠᠨ ᠤᠯᠠᠭᠠᠨ | ᠵᠠᠭᠠᠯᠮᠠᠶᠢᠳᠠᠨ ᠤ ᠨᠡᠶᠢᠭᠡᠮᠯᠢᠭ ᠲᠠᠢ ᠬᠠᠮᠲᠤᠷᠠᠵᠤ ᠴᠧᠩ ᠭᠤᠸᠠᠨ ᠵᠧᠨ ᠪᠠᠯᠭᠠᠰᠤᠨ ᠳᠤ ᠶᠠᠳᠠᠭᠤ ᠬᠦᠴᠢᠷᠳᠡᠯᠲᠡᠢ | ᠵᠡᠮᠳᠡᠭᠴᠦᠳ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠲᠡᠳᠡᠨ ᠤ ᠠᠮᠢᠳᠤᠷᠠᠯ ᠤᠨ ᠬᠦᠴᠢᠷᠳᠡᠯ ᠢ ᠣᠶᠢᠯᠠᠭᠠᠵᠤ᠂ | ᠲᠡᠳᠡᠨ ᠢ ᠨᠡᠩ ᠪᠠᠶᠠᠰᠤᠩᠭᠤᠢ ᠪᠠᠷ ᠠᠮᠢᠳᠤᠷᠠᠯ ᠳᠤ ᠬᠠᠨᠳᠤᠬᠤ ᠶᠢ ᠵᠣᠷᠢᠭᠵᠢᠭᠤᠯᠬᠤ ᠶᠢᠨ ᠬᠠᠮᠲᠤ ᠲᠡᠳᠡᠨ ᠳᠤ ᠠᠮᠤ | ᠪᠤᠳᠠᠭ᠎ᠠ᠂ ᠭᠤᠯᠢᠷ ᠲᠣᠰᠣ ᠵᠡᠷᠭᠡ ᠲᠣᠬᠤᠨᠢᠭᠤᠯᠬᠤ ᠪᠣᠳᠠᠰ ᠬᠦᠷᠭᠡᠵᠡᠢ᠃ |